ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ  ᠬᠠᠮᠢᠶᠠᠷᠬᠤ ᠲᠦᠷᠢᠮ ︵ᠲᠥᠰᠦᠯ︶︾ ᠢ ᠪᠠᠲᠤᠯᠠᠪᠠ
ᠨᠡᠶᠢᠲᠡᠯᠡᠭᠰᠡᠨ ᠴᠠᠭ᠄
2021/4/19
           ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠡᠩᠰᠡᠯᠡᠨ  ᠬᠠᠮᠢᠶᠠᠷᠬᠤ ᠲᠦᠷᠢᠮ ︵ᠲᠥᠰᠦᠯ︶︾ ᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠪᠠ ᠭᠤᠤᠯᠴᠢ ᠥᠷᠢᠰᠦᠯᠳᠦᠭᠡᠨ ᠶᠢ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ        ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 14 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠪᠦᠭᠦᠳᠡ ᠨᠠᠶᠢᠷᠠᠮᠳᠠᠬᠤ  ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠡᠩᠰᠡᠯᠡᠨ ᠬᠠᠮᠢᠶᠠᠷᠬᠤ ᠳᠦᠷᠢᠮ ︵ᠲᠥᠰᠦᠯ︶  ︾ ᠢ ᠪᠠᠲᠤᠯᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠪᠠ ᠭᠤᠣᠯᠴᠢ  ᠥᠷᠢᠰᠥᠯᠳᠦᠭᠡᠨ ᠢ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ᠃       ᠬᠤᠷᠠᠯ ᠠᠴᠠ ᠵᠢᠭᠠᠬᠤ ᠳᠤ ᠪᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠨᠢ  ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ ᠳᠤ ᠲᠦᠢᠯ ᠤᠨ ᠴᠢᠬᠤᠯᠠ ᠶᠤᠮ᠃ ᠨᠠᠮ ᠤᠨ  ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠵᠢᠯ ᠤᠳ ᠲᠤ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠬᠤ ᠪᠠᠷ ᠳᠡᠮᠵᠢᠨ᠂ ᠵᠠᠬ᠎ᠠ  ᠳᠡᠯᠭᠡᠭᠦᠷ ᠤᠨ ᠪᠡᠶᠡᠴᠢ ᠴᠣᠭᠴᠠ ᠶᠢᠨ ᠲᠤᠭ᠎ᠠ ︽13 · 5︾ ᠶᠢᠨ ᠬᠤᠭᠤᠴᠠᠭᠠᠨ ᠳᠤ 6000 ᠭᠠᠷᠤᠶ ᠲᠦᠮᠡᠨ ᠡᠷᠦᠬᠡ  ᠰᠢᠨ᠎ᠡ ᠪᠠᠷ ᠨᠡᠮᠡᠭᠳᠡᠵᠦ᠂ ᠠᠵᠤ ᠠᠬᠤᠶ ᠶᠢᠨ ᠠᠮᠢᠵᠢᠷᠠᠯ ᠤᠨ ᠬᠦᠴᠦᠨ ᠪᠠ ᠤᠶᠠᠨ ᠬᠠᠳᠠᠨ ᠴᠢᠨᠠᠷ ᠢ ᠴᠢᠩᠭᠠᠷᠠᠭᠤᠯᠤᠨ᠂ ᠶᠡᠭᠡ ᠬᠡᠮᠵᠢᠶᠡᠨ ᠤ ᠠᠵᠢᠯ ᠣᠯᠭᠤᠯᠲᠠ ᠶᠢ ᠠᠬᠢᠭᠤᠯᠤᠭᠰᠠᠨ ᠪᠠᠶᠢᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾  ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠲᠦᠮᠵᠢᠲᠡᠶ ᠠᠷᠭ᠎ᠠ ᠬᠢᠳᠡᠯ ᠢ ᠲᠦᠷᠢᠮ ᠤᠨ ᠵᠢᠷᠤᠮᠵᠢᠯ ᠪᠣᠯᠭᠠᠨ  ᠳᠡᠭᠡᠭᠰᠢᠯᠡᠭᠦᠯᠵᠦ᠂ ᠢᠯᠠᠩᠭᠤᠶ᠎ᠠ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠡᠩᠰᠡᠯᠡᠨ ᠬᠠᠮᠢᠶᠠᠷᠬᠤ ᠡᠨᠡ ᠬᠦ ᠰᠠᠭᠤᠷᠢ  ᠴᠢᠨᠠᠷᠲᠠᠶ ᠲᠦᠷᠢᠮ ᠢ ᠪᠦᠷᠢᠨᠰᠢᠭᠦᠯᠬᠦ ᠬᠡᠷᠡᠭᠲᠡᠶ ᠭᠡᠵᠡᠢ᠃ ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ  ᠤᠯᠤᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠬᠠᠮᠢᠶᠠᠷᠬᠤ ᠲᠦᠷᠢᠮ ︵ᠲᠥᠰᠦᠯ︶ ︾ ᠢ ᠪᠠᠲᠤᠯᠠᠵᠤ᠂  ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠠᠬᠢᠭᠤᠯᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ᠃ ᠲᠥᠰᠦᠯ ᠳᠤ ᠨᠢᠭᠡᠨᠲᠡ ᠨᠡᠶᠢᠲᠡᠯᠡᠭᠰᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠡᠩᠰᠡᠯᠡᠨ ᠬᠠᠮᠢᠶᠠᠷᠬᠤ  ᠲᠤᠬᠠᠶ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠡᠮᠬᠢᠯᠡᠨ ᠨᠡᠶᠢᠯᠡᠭᠦᠯᠵᠦ᠂ ᠮᠠᠨ ᠤ ᠤᠯᠤᠰ ᠤᠨ ᠬᠢᠯᠢ ᠳᠣᠲᠣᠷ᠎ᠠ ᠠᠰᠢᠭ ᠬᠤᠨᠵᠢᠪᠣᠷᠢ ᠤᠯᠬᠤ ᠵᠣᠷᠢᠯᠭ᠎ᠠ ᠪᠠᠷ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠡᠯ᠎ᠡ ᠲᠥᠷᠥᠯ ᠤᠨ ᠠᠵᠤ ᠠᠬᠤᠶᠢᠯᠠᠯ᠂  ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠵᠡᠷᠭᠡ ᠶᠢ  ᠳᠡᠩᠰᠡᠯᠡᠨ ᠬᠠᠮᠢᠶᠠᠷᠬᠤ ᠲᠤᠬᠠᠶ ᠨᠢᠭᠡᠳᠦᠯᠲᠡᠶ ᠲᠣᠭᠲᠠᠭᠠᠯ ᠭᠠᠷᠭᠠᠪᠠ᠃ ᠡᠭᠦᠨ ᠳᠤ ᠭᠤᠤᠯᠳᠠᠭᠤ᠄ ︵1︶ ᠳᠡᠩᠰᠡᠯᠡᠨ  ᠲᠡᠮᠳᠡᠭᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠲᠤ ᠨᠢ ᠭᠦᠢᠴᠡᠳᠬᠡᠬᠦ᠂  ᠨᠢᠭᠡ ᠯᠡ ᠤᠳᠠᠭ᠎ᠠ ᠳᠤ ᠭᠦᠢᠴᠡᠳᠬᠡᠬᠦ᠂ ᠴᠠᠭ ᠬᠢᠵᠠᠭᠠᠷᠯᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠨᠳᠣᠤ ᠭᠠᠵᠠᠷ ᠲᠤ ᠭᠦᠢᠴᠡᠳᠬᠡᠬᠦ ᠶᠢ ᠬᠡᠷᠡᠭᠵᠢᠭᠦᠯᠦᠨ᠎ᠡ᠃ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ  ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠳᠠᠩᠰᠠᠯᠠᠬᠤ ᠪᠠᠶᠢᠭᠤᠯᠭ᠎ᠠ ᠲᠤᠬᠠᠶ ᠶᠢᠨ ᠭᠠᠵᠠᠷ ᠲᠤ ᠨᠢ ᠳᠠᠩᠰᠠᠯᠠᠬᠤ ᠬᠡᠷᠡᠭᠲᠡᠶ︔  ᠲᠤᠬᠠᠶ ᠶᠢᠨ ᠭᠠᠵᠠᠷ ᠲᠤ ᠨᠢ ᠳᠠᠩᠰᠠᠯᠠᠭᠤᠯᠵᠤ ᠳᠡᠶᠢᠯᠬᠦ ᠦᠭᠡᠢ ᠪᠣᠯ᠂ ᠡᠩ ᠤᠨ ᠪᠠᠶᠢᠳᠠᠯ ᠳᠤ 3 ᠠᠵᠢᠯᠯᠠᠬᠤ ᠡᠳᠦᠷ ᠤᠨ  ᠳᠣᠲᠣᠷ᠎ᠠ ᠳᠠᠩᠰᠠᠯᠠᠵᠤ ᠥᠭᠬᠦ ᠬᠡᠷᠡᠭᠲᠡᠶ᠃ ᠡᠯᠧᠺᠳ᠋ᠷᠣᠨ ᠪᠣᠯᠤᠨ ᠴᠠᠭᠠᠰᠤᠨ ᠡᠵᠡᠩᠨᠡᠯᠲᠡ ᠶᠢᠨ ᠦᠨᠡᠮᠯᠡᠯ ᠨᠢ ᠠᠳᠠᠯᠢᠬᠠᠨ  ᠬᠠᠤᠯᠢ ᠶᠢᠨ ᠬᠦᠴᠦᠨ ᠲᠠᠢ᠃ ︵2︶ ᠭᠤᠶᠤᠴᠢᠯᠠᠬᠤ ᠮᠠᠲ᠋ᠧᠷᠢᠶᠠᠯ ᠪᠠ ᠳᠠᠩᠰᠠᠯᠠᠬᠤ ᠭᠤᠭᠴᠤᠭ᠎ᠠ ᠶᠢ ᠴᠥᠭᠡᠳᠬᠡᠨ᠎ᠡ᠃  ᠳᠠᠩᠰᠠᠯᠠᠬᠤ ᠪᠠᠶᠢᠭᠤᠯᠭ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠢᠶᠠᠷ ᠳᠡᠮᠵᠢᠨ  ᠣᠯᠤᠭᠰᠠᠨ ᠬᠠᠮᠢᠶ᠎ᠠ ᠪᠥᠬᠦᠶ ᠮᠡᠳᠡᠭᠡ ᠵᠠᠩᠭᠢ ᠶᠢ ᠭᠤᠶᠤᠴᠢᠯᠠᠭᠴᠢ ᠪᠠᠷ ᠳᠠᠪᠬᠤᠷᠳᠠᠭᠤᠯᠤᠨ ᠬᠠᠩᠭᠠᠯᠭᠠᠬᠤ ᠪᠠᠷ ᠱᠠᠭᠠᠷᠳᠠᠵᠤ  ᠪᠣᠯᠬᠤ ᠥᠬᠡᠶ᠃ ᠭᠤᠶᠤᠴᠢᠯᠠᠬᠤ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ  ᠦᠭᠡᠢ ᠪᠣᠯ᠂ ᠳᠠᠩᠰᠠᠯᠠᠬᠤ ᠪᠠᠶᠢᠭᠤᠯᠭ᠎ᠠ ᠨᠢ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠮᠠᠲ᠋ᠧᠷᠢᠶᠠᠯ ᠢ ᠭᠤᠶᠤᠴᠢᠯᠠᠭᠴᠢ ᠳᠤ  ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠶ᠃ ︵3︶ ︽ᠬᠦᠴᠦᠨ ᠥᠬᠡᠶ ᠪᠣᠯᠭᠠᠬᠤ ᠳᠤ ᠬᠦᠴᠢᠷᠲᠡᠶ︾ ᠪᠠᠶᠢᠬᠤ  ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢᠨ ᠲᠥᠯᠥᠭᠡ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠠᠪᠴᠠᠭ᠎ᠠ ᠥᠭᠴᠡᠭᠡ᠂ ᠠᠵᠢᠯᠲᠠᠨ ᠠᠵᠢᠯᠴᠢᠨ ᠤ ᠴᠠᠯᠢᠩ᠂ ᠨᠡᠶᠢᠭᠡᠮ ᠤᠨ ᠳᠠᠭᠠᠳᠬᠠᠯ ᠤᠨ ᠵᠠᠷᠤᠳᠠᠯ᠂ ᠲᠤᠰᠢᠶᠠᠬᠤ ᠶᠣᠰᠣᠲᠠᠶ  ᠭᠠᠶᠢᠯᠢ ᠶᠢᠨ ᠮᠥᠩᠭᠦ ᠵᠡᠷᠭᠡ ᠥᠷᠢᠲᠦᠭᠰᠡᠨ ᠶᠠᠪᠤᠳᠠᠯ ᠦᠭᠡᠢ ᠪᠤᠶᠤ ᠨᠢᠭᠡᠨᠲᠡ ᠳᠥᠯᠥᠵᠦ ᠳᠠᠭᠤᠰᠬᠠᠭᠠᠳ᠂ ᠬᠤᠯᠪᠣᠭᠳᠠᠯ  ᠪᠥᠬᠦᠶ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠪᠢᠴᠢᠭ ᠤᠨ ᠠᠮᠠᠯᠠᠯᠲᠠ ᠬᠢᠭᠰᠡᠨ ᠪᠠ ᠲᠣᠭᠲᠠᠭᠠᠯ ᠶᠣᠰᠣᠭᠠᠷ ᠵᠠᠷᠯᠠᠨ  ᠨᠡᠶᠢᠲᠡᠯᠡᠭᠰᠡᠨ ᠪᠣᠯ᠂ ᠬᠢᠯᠪᠠᠷᠴᠢᠯᠠᠭᠰᠠᠨ ᠳᠡᠰ ᠳᠠᠷᠠᠭᠠᠯᠠᠯ ᠢᠶᠠᠷ ᠬᠦᠴᠦᠨ ᠥᠬᠡᠶ ᠪᠣᠯᠭᠠᠵᠤ ᠪᠣᠯᠤᠨ᠎ᠠ᠂ ᠡᠭᠦᠨ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠵᠠᠷᠯᠠᠨ ᠨᠡᠶᠢᠲᠡᠯᠡᠬᠦ ᠴᠢᠬᠤᠯᠠ ᠥᠬᠡᠶ ᠭᠡᠵᠦ ᠲᠣᠳᠣᠷᠬᠠᠢ  ᠲᠣᠭᠲᠠᠭᠠᠵᠠᠢ᠃ ︵4︶ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠢᠶᠠᠷ ᠪᠠᠶᠢᠯᠭᠠᠬᠤ ᠥᠪᠡᠷ ᠤᠨ ᠦᠷᠳᠡᠭ ᠢ  ᠪᠠᠭᠤᠷᠠᠭᠤᠯᠬᠤ ᠶᠢᠨ ᠲᠥᠯᠥᠭᠡ᠂ ᠠᠵᠢᠯ ᠵᠣᠭᠰᠣᠬᠤ ᠲᠦᠷᠢᠮ ᠢ ᠲᠣᠭᠲᠠᠭᠠᠨ᠎ᠠ᠃ ᠪᠠᠶᠢᠭᠠᠯᠢ ᠶᠢᠨ ᠭᠠᠮᠰᠢᠭ᠂ ᠠᠳᠡᠯ ᠤᠨ  ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠵᠡᠷᠭᠡ ᠠᠴᠠ ᠪᠣᠯᠵᠣ ᠡᠵᠡᠩᠨᠡᠯᠲᠡ ᠨᠢ ᠬᠦᠴᠢᠷᠳᠡᠯ ᠲᠠᠢ  ᠪᠣᠯᠤᠭᠰᠠᠨ ᠪᠣᠯ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠥᠪᠡᠷ ᠢᠶᠠᠨ ᠡᠵᠡᠨ ᠮᠡᠳᠡᠵᠦ ᠵᠣᠬᠢᠬᠤ ᠬᠤᠭᠤᠴᠠᠭᠠᠨ ᠤ  ᠳᠣᠲᠣᠷ᠎ᠠ ᠠᠵᠢᠯ ᠢᠶᠠᠨ ᠵᠣᠭᠰᠣᠭᠠᠬᠤ ᠪᠠᠷ ᠲᠣᠭᠲᠠᠭᠠᠬᠤ ᠶᠢᠨ ᠬᠠᠮᠲᠤ ᠳᠠᠩᠰᠠᠯᠠᠬᠤ ᠪᠠᠶᠢᠭᠤᠯᠭ᠎ᠠ ᠳᠤ ᠳᠠᠩᠰᠠᠯᠠᠭᠤᠯᠵᠤ ᠪᠣᠯᠤᠨ᠎ᠠ᠂ ᠠᠵᠢᠯ ᠵᠣᠭᠰᠣᠬᠤ ᠬᠠᠮᠤᠭ ᠤᠨ ᠣᠷᠳᠣ ᠬᠤᠭᠤᠴᠠᠭ᠎ᠠ ᠶᠢ 3 ᠵᠢᠯ ᠠᠴᠠ ᠬᠡᠲᠦᠷᠡᠭᠦᠯᠵᠦ ᠪᠣᠯᠬᠤ ᠥᠬᠡᠶ᠃ ︵5︶  ᠦᠨᠡᠨᠴᠢ ᠢᠲᠡᠭᠡᠮᠵᠢᠲᠡᠶ ᠪᠠᠶᠢᠬᠤ ᠪᠠ ᠬᠢᠨᠠᠨ ᠬᠠᠮᠢᠶᠠᠷᠬᠤ ᠱᠠᠭᠠᠷᠳᠠᠯᠭ᠎ᠠ ᠶᠢ ᠲᠣᠳᠣᠷᠬᠠᠶ ᠪᠣᠯᠭᠠᠨ᠎ᠠ᠃ ᠵᠠᠬ᠎ᠠ ᠳᠡᠯᠭᠡᠭᠦᠷ ᠤᠨ  ᠭᠤᠤᠯ ᠴᠣᠭᠴᠠ ᠨᠢ ᠦᠨᠡᠨ ᠨᠡᠷ᠎ᠡ ᠪᠠᠷ ᠢᠶᠠᠨ ᠳᠠᠩᠰᠠᠯᠠᠭᠤᠯᠬᠤ ᠶᠢ ᠬᠡᠷᠡᠭᠵᠢᠭᠦᠯᠵᠦ᠂ ᠲᠤᠰᠢᠶᠠᠭᠰᠠᠨ ᠮᠠᠲ᠋ᠧᠷᠢᠶᠠᠯ ᠤᠨ ᠦᠨᠡᠨ  ᠪᠣᠳᠠᠲᠤ ᠴᠢᠨᠠᠷ᠂ ᠬᠠᠤᠯᠢ ᠶᠣᠰᠣᠴᠢ ᠴᠢᠨᠠᠷ ᠪᠠ ᠪᠦᠳᠦᠮᠵᠢᠳᠤ ᠴᠢᠨᠠᠷ ᠲᠤ ᠬᠠᠷᠢᠭᠤᠴᠠᠬᠤ ᠶᠢᠨ ᠬᠠᠮᠲᠤ᠂ ᠲᠣᠭᠲᠠᠭᠠᠯ  ᠶᠣᠰᠣᠭᠠᠷ ᠣᠨ ᠤ ᠮᠡᠳᠡᠭᠦᠯᠦᠯᠲᠡ ᠪᠠ ᠳᠡᠩᠰᠡᠯᠡᠯᠲᠡ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃  ᠳᠠᠩᠰᠠᠯᠠᠭᠤᠯᠬᠤ ᠳᠤ ᠪᠠᠨ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ ᠪᠤᠶᠤ ᠪᠤᠰᠤᠳ ᠮᠡᠬᠡᠯᠡᠬᠦ ᠦᠢᠯᠡ  ᠠᠵᠢᠯᠯᠠᠭ᠎ᠠ ᠲᠠᠢ ᠪᠠᠶᠢᠪᠠᠯ᠂ ᠲᠡᠭᠦᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠯᠲᠡ ᠶᠢ ᠬᠦᠴᠦᠨ ᠥᠬᠡᠶ  ᠪᠣᠯᠭᠠᠵᠤ᠂ ᠰᠢᠭᠤᠳ ᠬᠠᠷᠢᠭᠤᠴᠠᠯᠭᠠᠲᠠᠨ ᠨᠢ 3 ᠵᠢᠯ ᠤᠨ ᠳᠣᠲᠣᠷ᠎ᠠ ᠳᠠᠭᠢᠵᠤ ᠳᠠᠩᠰᠠᠯᠠᠭᠤᠯᠬᠤ ᠪᠠᠷ ᠭᠤᠶᠤᠴᠢᠯᠠᠵᠤ ᠪᠣᠯᠬᠤ  ᠥᠬᠡᠶ᠃ ᠳᠠᠩᠰᠠᠯᠠᠬᠤ ᠪᠠᠶᠢᠭᠤᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ︽ᠬᠤᠶᠠᠷ ᠲᠠᠰᠢᠷᠠᠮ ᠢᠶᠠᠷ ᠬᠢᠬᠦ᠂  ᠨᠢᠭᠡ ᠶᠢ ᠢᠯᠡ ᠪᠣᠯᠭᠠᠬᠤ︾ ᠠᠷᠭ᠎ᠠ ᠶᠢ ᠬᠡᠷᠡᠭᠯᠡᠨ ᠳᠠᠩᠰᠠᠯᠠᠬᠤ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ︵6︶  ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠠᠤᠯᠢ ᠶᠢᠨ ᠬᠠᠷᠢᠭᠤᠴᠠᠯᠭ᠎ᠠ ᠪᠠ ᠰᠢᠢᠳᠬᠡᠬᠦ ᠠᠷᠭ᠎ᠠ ᠬᠡᠮᠵᠢᠶ᠎ᠡ ᠶᠢ  ᠲᠣᠳᠣᠷᠬᠠᠶᠢᠯᠠᠨ᠎ᠠ᠃ ᠰᠢᠢᠳᠬᠡᠯ ᠤᠨ ᠬᠠᠨᠳᠤᠯᠭᠠᠲᠤ ᠴᠢᠨᠠᠷ ᠢ ᠴᠢᠩᠭᠠᠷᠠᠭᠤᠯᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ  ᠪᠣᠯ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠦᠨᠡᠨᠴᠢ ᠢᠲᠡᠭᠡᠮᠵᠢᠲᠡᠶ ᠪᠠᠶᠢᠬᠤ᠂ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠎ᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  ᠢᠷᠡᠯᠲᠡ᠄  ᠥᠪᠥᠷ ᠮᠣᠩᠭᠤᠯ ᠤᠨ ᠵᠠᠰᠠᠭ ᠤᠨ ᠣᠷᠳᠣᠨ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号