| ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 15 ᠤ ᠴᠠᠬᠢᠯᠭᠠᠨ ᠮᠡᠳᠡᠭᠡ 4 ᠰᠠᠷ᠎ᠠ ᠶᠢᠨ 16 ᠤ ᠡᠳᠦᠷ | ᠭᠡᠪᠯᠡᠭᠳᠡᠭᠰᠡᠨ 8 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ | ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠨ | ᠴᠢᠬᠤᠯᠠ ᠵᠤᠬᠢᠶᠠᠯ ︽ᠳᠤᠮᠳᠠᠳᠤ ᠤᠯᠤᠰ ᠤᠨ ᠡᠪ ᠬᠠᠮᠳᠦ ᠨᠠᠮ ᠪᠠᠶᠢᠭᠤᠯᠤᠭᠳᠠᠬᠰᠠᠨ 95 ᠵᠢᠯ ᠤᠨ ᠤᠢ ᠶᠢ ᠪᠡᠯᠭᠡᠯᠡᠬᠦ | ᠶᠡᠭᠡ ᠬᠤᠷᠠᠯ ᠳᠡᠭᠡᠷᠡᠬᠢ ᠶᠠᠷᠢᠶ᠎ᠠ︾ ᠶᠢ ᠨᠡᠶᠢᠳᠡᠯᠡᠪᠡ᠃ | ᠵᠤᠬᠢᠶᠠᠯ ᠳᠤ᠂ ᠳᠤᠮᠳᠠᠳᠤ ᠤᠯᠤᠰ ᠲᠤ ᠡᠪ ᠬᠠᠮᠲᠤ ᠨᠠᠮ ᠪᠠᠶᠢᠭᠤᠯᠤᠭᠳᠠᠭᠰᠠᠨ ᠪᠤᠯ ᠲᠡᠭᠷᠢ ᠭᠠᠵᠠᠷ ᠢ | ᠲᠤᠩᠰᠤᠯᠭᠠᠭᠰᠠᠨ ᠶᠡᠭᠡ ᠬᠡᠷᠡᠭ ᠬᠤᠪᠢᠰᠤᠯ ᠪᠤᠯᠤᠨ᠎ᠠ᠃ ᠡᠨᠡ ᠬᠦ ᠲᠡᠭᠷᠢ ᠭᠠᠵᠠᠷ ᠢ ᠲᠤᠩᠰᠤᠯᠭᠠᠭᠰᠠᠨ ᠶᠡᠭᠡ ᠬᠡᠷᠡᠭ | ᠬᠤᠪᠢᠰᠤᠯ ᠨᠢ ᠤᠷᠴᠢᠨ ᠦᠶ᠎ᠡ ᠶᠢᠨ ᠳᠤᠮᠳᠠᠳᠤ ᠶᠢᠨ ᠦᠨᠳᠦᠰᠦᠲᠡᠨ ᠤ ᠬᠦᠭᠵᠢᠯᠲᠡ ᠶᠢᠨ ᠴᠢᠭᠯᠡᠯ ᠪᠠ ᠠᠬᠢᠴᠠ ᠶᠢ | ᠬᠦᠨᠵᠡᠭᠡᠢ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠢᠷᠡᠭᠡᠳᠦᠢ | ᠪᠤᠯᠤᠨ ᠬᠤᠪᠢ ᠵᠠᠶᠠᠭ᠎ᠠ ᠶᠢ ᠬᠦᠨᠵᠡᠭᠡᠢ ᠬᠤᠪᠢᠷᠠᠭᠤᠯᠵᠤ᠂ ᠳᠡᠯᠡᠬᠡᠢ ᠶᠢᠨ ᠬᠦᠭᠵᠢᠯᠲᠡ ᠶᠢᠨ ᠬᠠᠨᠳᠤᠰᠢ ᠪᠠ ᠪᠠᠶᠢᠷᠢᠰᠢᠯ ᠢ | ᠬᠦᠨᠵᠡᠭᠡᠢ ᠬᠤᠪᠢᠷᠠᠭᠤᠯᠪᠠ᠃ ᠪᠢᠳᠠ ᠨᠠᠮ ᠪᠠᠶᠢᠭᠤᠯᠤᠭᠳᠠᠬᠤ ᠦᠶ᠎ᠠ ᠶᠢᠨ ᠳᠤᠮᠳᠠᠳᠤ ᠤᠯᠤᠰ ᠤᠨ ᠡᠪ ᠬᠠᠮᠳᠤᠴᠤᠳ ᠤᠨ | ᠲᠡᠮᠡᠴᠡᠯ ᠤᠨ ᠵᠤᠷᠢᠭ ᠰᠠᠨᠠᠭ᠎ᠠ ᠶᠢ ᠡᠬᠦᠷᠢᠳᠠ ᠪᠠᠳᠤᠯᠠᠵᠦ᠂ ᠠᠷᠠᠳ ᠲᠦᠮᠡᠨ ᠤ ᠲᠦᠯᠦᠭᠡ ᠭᠡᠬᠦ ᠴᠢᠩ ᠦᠨᠡᠨᠴᠢ | ᠰᠡᠳᠬᠢᠯ ᠢᠶᠠᠨ ᠡᠬᠦᠷᠢᠳᠠ ᠪᠠᠳᠤᠯᠬᠠᠤ ᠭᠡᠷᠡᠭᠲᠡᠢ ᠭᠡᠵᠦ ᠴᠢᠬᠤᠯᠠᠴᠢᠯᠠᠪᠠ᠃ | ᠵᠤᠬᠢᠶᠠᠯ ᠳᠤ᠂ ᠰᠦᠷ ᠳᠠᠯᠠᠶᠢᠴᠠᠲᠠᠢ ᠲᠡᠤᠬᠡᠨ ᠶᠠᠪᠤᠴᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ | ᠲᠦᠮᠡᠨ ᠳᠤ ᠪᠠᠳᠤ ᠲᠦᠰᠢᠭᠯᠡᠨ ᠠᠯᠢ ᠤᠯᠠᠨ ᠬᠦᠴᠢᠷ ᠪᠡᠷᠭᠡᠰᠢᠶᠡᠯ ᠢ ᠢᠯᠡᠨ ᠳᠠᠪᠠᠵᠤ᠂ ᠠᠯᠢ ᠤᠯᠠᠨ ᠢᠯᠠᠯᠲᠠ ᠶᠢ ᠤᠯᠵᠤ | ᠂ ᠳᠤᠮᠳᠠᠳᠤ ᠶᠢᠨ ᠦᠨᠳᠦᠰᠦᠲᠡᠨ ᠳᠤ ᠠᠭᠤᠤ ᠶᠡᠭᠡ ᠲᠡᠤᠬᠡᠳᠦ ᠬᠤᠪᠢ ᠨᠡᠮᠡᠷᠢ ᠦᠵᠡᠭᠦᠯᠤᠨ᠂ ᠳᠤᠮᠳᠠᠳᠤ ᠶᠢᠨ | ᠦᠨᠳᠦᠰᠦᠳᠡᠨ ᠳᠠᠰᠤᠷᠠᠯᠳᠠ ᠦᠭᠡᠢ ᠲᠤᠷᠦ᠋ᠢᠳᠠᠨ ᠪᠠᠭᠤᠷᠠᠵᠦ ᠪᠠᠶᠢᠬᠰᠠᠨ ᠠᠴᠠ ᠬᠤᠪᠢ ᠵᠠᠶᠠᠭ᠎ᠠ ᠪᠠᠨ ᠦᠨᠳᠦᠰᠦ ᠠᠴᠠ ᠨᠢ | ᠬᠤᠪᠢᠷᠠᠭᠤᠯᠵᠦ᠂ ᠬᠦᠭᠵᠢᠯ ᠴᠡᠴᠡᠭᠯᠡᠯ ᠪᠠᠶᠠᠵᠢᠯ ᠴᠢᠨᠡᠭᠡᠯᠢᠭᠵᠢᠯ ᠲᠡᠶᠢᠰᠢ ᠦᠷᠬᠦᠯᠵᠢᠯᠡᠨ ᠤᠷᠤᠬᠰᠢᠯᠠᠬᠰᠠᠨ ᠠᠭᠤᠤ ᠶᠡᠭᠡ | ᠦᠰᠦᠷᠦᠯᠳᠠ ᠶᠢ ᠪᠡᠶᠡᠯᠡᠬᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠪᠤᠰᠴᠦ ᠵᠤᠬᠰᠤᠭᠰᠠᠨ ᠠᠴᠠ ᠪᠠᠶᠠᠵᠢᠬᠰᠠᠨ᠂ | ᠬᠦᠴᠦᠷᠭᠡᠭᠵᠢᠭᠰᠡᠨ ᠬᠦᠷᠳᠡᠯᠡᠬᠢ ᠠᠭᠤᠤ ᠶᠡᠭᠡ ᠦᠰᠦᠷᠦᠯᠳᠠ ᠶᠢ ᠪᠡᠶᠡᠯᠡᠬᠦᠯᠵᠡᠢ᠃ ᠲᠡᠤᠬᠡ ᠪᠤᠯᠤᠨ ᠠᠷᠠᠳ ᠲᠦᠮᠡᠨ | ᠳᠤᠮᠳᠠᠳᠦ ᠤᠯᠤᠰ ᠤᠨ ᠡᠪ ᠬᠠᠮᠲᠦ ᠨᠠᠮ ᠢᠶᠠᠷ ᠳᠤᠮᠳᠠᠳᠦ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠦᠢᠯᠡᠰ ᠢ ᠤᠳᠤᠷᠢᠳᠤᠭᠤᠯᠤᠭᠰᠠᠨ ᠨᠢ ᠵᠦᠪ ᠶᠤᠮ᠂ ᠡᠷᠬᠡᠪᠰᠢ ᠤᠷᠲᠦ ᠬᠤᠭᠤᠴᠠᠭ᠎ᠠ ᠪᠠᠷ ᠪᠠᠷᠢᠮᠲᠠᠯᠠᠬᠤ | ᠬᠡᠷᠡᠭᠳᠠᠢ᠂ ᠡᠭᠦᠷᠢᠳᠡ ᠭᠤᠶᠢᠪᠢᠯᠵᠠᠵᠦ ᠪᠤᠯᠬᠤ ᠦᠭᠡᠢ︔ ᠳᠤᠮᠳᠠᠳᠦ ᠤᠯᠤᠰ ᠤᠨ ᠡᠪ ᠬᠠᠮᠲᠦ ᠨᠠᠮ ᠳᠤᠮᠳᠠᠳᠦ ᠤᠯᠤᠰ ᠤᠨ | ᠠᠷᠠᠳ ᠲᠦᠮᠡᠨ ᠢ ᠤᠳᠤᠷᠢᠳᠤᠨ ᠨᠡᠭᠡᠭᠡᠭᠰᠡᠨ ᠳᠤᠮᠳᠠᠳᠦ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠵᠠᠮ ᠨᠢ ᠵᠦᠪ | ᠶᠤᠮ᠂ ᠡᠷᠬᠡᠪᠰᠢ ᠤᠷᠲᠦ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠳᠠᠢ᠂ ᠡᠬᠦᠷᠢᠳᠡ ᠭᠤᠶᠢᠪᠢᠯᠵᠠᠵᠦ ᠪᠤᠯᠬᠤ ᠦᠭᠡᠢ︔ | ᠳᠤᠮᠳᠠᠳᠦ ᠤᠯᠤᠰ ᠤᠨ ᠡᠪ ᠬᠠᠮᠲᠦ ᠨᠠᠮ ᠪᠤᠯᠤᠨ ᠳᠤᠮᠳᠠᠳᠦ ᠤᠯᠤᠰ ᠤᠨ ᠠᠷᠠᠳ ᠲᠦᠮᠡᠨ ᠳᠤᠮᠳᠠᠳᠦ ᠤᠯᠤᠰ ᠤᠨ ᠡᠬᠡ | ᠭᠠᠵᠠᠷ ᠲᠤ ᠦᠨᠳᠦᠰᠦᠯᠡᠵᠦ᠂ ᠬᠦᠮᠦᠨ ᠲᠦᠷᠦᠯᠬᠢᠲᠡᠨ ᠤ ᠪᠤᠯᠪᠠᠰᠤᠨ ᠰᠤᠶᠤᠯ ᠤᠨ ᠰᠢᠯᠢᠳᠡᠭ ᠦᠷ᠎ᠡ ᠪᠦᠲᠦᠭᠡᠯ ᠢ | ᠰᠢᠩᠭᠡᠭᠡᠨ ᠠᠪᠴᠤ᠂ ᠪᠡᠶ᠎ᠡ ᠪᠠᠨ ᠲᠠᠭᠠᠭᠠᠨ ᠡᠵᠡᠨ ᠮᠡᠳᠡᠵᠤ ᠤᠯᠤᠰ ᠢᠶᠠᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠦᠭᠰᠡᠨ ᠨᠢ ᠵᠦᠪ ᠶᠤᠮ᠂ ᠡᠷᠬᠡᠪᠰᠢ ᠤᠷᠲᠦ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠳᠠᠢ᠂ ᠡᠬᠦᠷᠢᠳᠡ | ᠭᠤᠶᠢᠪᠢᠯᠵᠠᠵᠦ ᠪᠣᠯᠬᠤ ᠦᠭᠡᠢ ᠭᠡᠵᠦ ᠵᠢᠭᠠᠵᠦ ᠭᠠᠷᠭᠠᠪᠠ᠃ | ᠵᠤᠬᠢᠶᠠᠯ ᠳᠤ᠂ ᠡᠳᠦᠭᠡ᠂ ᠪᠢᠳᠠ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ | ᠪᠡᠶᠡᠯᠡᠭᠦᠯᠬᠦ ᠬᠠᠷᠠᠯᠳᠠ ᠳᠤ ᠲᠡᠦᠭᠡ ᠶᠢᠨ ᠠᠯᠢ ᠴᠦ ᠦᠶ᠎ᠡ ᠠᠴᠠ ᠢᠯᠡᠬᠦᠦ ᠤᠢᠢᠷᠠᠳᠴᠦ᠂ ᠡᠨᠡ ᠬᠦ ᠬᠠᠷᠠᠯᠳᠠ ᠪᠠᠨ | ᠪᠡᠶᠡᠯᠡᠬᠦᠯᠬᠦ ᠳᠤ ᠲᠡᠦᠭᠡ ᠶᠢᠨ ᠠᠯᠢ ᠴᠦ ᠦᠶ᠎ᠠ ᠠᠴᠠ ᠢᠯᠡᠭᠦᠦ ᠢᠳᠡᠭᠡᠯ ᠲᠠᠢ᠂ ᠴᠢᠳᠠᠪᠤᠷᠢ ᠲᠠᠢ ᠪᠤᠯᠵᠠᠢ᠃ ᠳᠤᠮᠳᠠᠳᠤ ᠶᠢᠨ | ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠵᠠᠪᠠᠯ ᠳᠡᠷᠭᠡᠯᠰᠢᠬᠦᠯᠦᠨᠠ᠂ ᠯᠠᠪᠳᠠᠢ | ᠳᠡᠷᠭᠡᠯᠰᠢᠬᠦᠯᠵᠦ ᠴᠢᠳᠠᠨ᠎ᠠ ᠭᠡᠵᠦ ᠪᠢᠳᠡ ᠢᠳᠡᠭᠡᠯ ᠲᠡᠬᠦᠯᠳᠡᠷ ᠭᠡᠯᠡᠵᠦ ᠴᠢᠳᠠᠬᠤ ᠪᠤᠯᠵᠠᠢ ᠭᠡᠵᠦ ᠴᠢᠬᠤᠯᠠᠴᠢᠯᠠᠪᠠ᠃ | | ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ | |