| | | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ | ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ᠂ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠳᠤᠮᠳᠠᠳᠤ ᠹᠷᠠᠨᠼᠢ ᠭᠧᠷᠮᠠᠨ ᠤ | ᠤᠳᠤᠷᠢᠳᠬᠤ ᠬᠥᠮᠦᠰ ᠤᠨ ᠸᠢᠳᠢᠣ᠋ ᠲᠦᠷᠦᠭᠦᠴᠦᠳ ᠤᠨ ᠬᠤᠷᠠᠯ ᠬᠤᠷᠠᠯᠳᠤᠭᠤᠯᠪᠠ᠃ ᠭᠤᠷᠪᠠᠨ ᠤᠯᠤᠰ ᠤᠨ | ᠤᠳᠤᠷᠢᠳᠬᠤ ᠬᠥᠮᠦᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ᠂ | ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ | ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ | ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ᠂ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠳᠤᠮᠳᠠᠳᠤ ᠹᠷᠠᠨᠼᠢ ᠭᠧᠷᠮᠠᠨ ᠤ | ᠤᠳᠤᠷᠢᠳᠬᠤ ᠬᠥᠮᠦᠰ ᠤᠨ ᠸᠢᠳᠢᠣ᠋ ᠲᠦᠷᠦᠭᠦᠴᠦᠳ ᠤᠨ ᠬᠤᠷᠠᠯ ᠬᠤᠷᠠᠯᠳᠤᠭᠤᠯᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠬᠦᠳᠡᠷᠯᠡᠪᠡ | | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ | ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ᠂ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠳᠤᠮᠳᠠᠳᠤ ᠹᠷᠠᠨᠼᠢ ᠭᠧᠷᠮᠠᠨ ᠤ | ᠤᠳᠤᠷᠢᠳᠬᠤ ᠬᠥᠮᠦᠰ ᠤᠨ ᠸᠢᠳᠢᠣ᠋ ᠲᠦᠷᠦᠭᠦᠴᠦᠳ ᠤᠨ ᠬᠤᠷᠠᠯ ᠬᠤᠷᠠᠯᠳᠤᠭᠤᠯᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠬᠦᠳᠡᠷᠯᠡᠪᠡ | ᠰᠢ ᠶᠢᠨ ᠫᠢᠩ᠂ ᠪᠢ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ | ᠵᠣᠷᠢᠭᠰᠠᠭᠠᠷ ᠢᠷᠡᠪᠡ᠂ ᠳᠤᠷᠠᠲᠠᠶ᠎ᠠ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠤᠬᠠᠢ ᠹᠷᠠᠨᠼᠢ ᠭᠧᠷᠮᠠᠨ ᠯᠤᠭ᠎ᠠ | ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠪᠢ ᠳᠤᠮᠳᠠᠳᠤ ᠤᠯᠤᠰ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ | ᠤᠷᠬᠢᠯ ᠬᠡᠮᠵᠢᠭᠳᠡᠯ ᠳᠤ ᠬᠦᠷᠭᠡᠵᠦ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ | ᠪᠡᠶᠡᠯᠡᠭᠦᠯᠦᠨ᠎ᠡ ᠭᠡᠵᠦ ᠨᠡᠶᠢᠲᠡᠯᠡᠪᠡ᠂ ᠡᠨᠡ ᠨᠢ ᠳᠤᠮᠳᠠᠳᠤ ᠤᠯᠤᠰ ᠳᠡᠯᠡᠬᠡᠢ ᠳᠡᠭᠡᠷᠡᠬᠢ ᠬᠠᠮᠤᠭ ᠤᠨ ᠶᠡᠭᠡ ᠬᠥᠭᠵᠢᠵᠦ ᠪᠠᠶᠢᠭ᠎ᠠ | ᠤᠯᠤᠰ ᠪᠣᠯᠤᠭᠰᠠᠨ ᠤ ᠬᠤᠪᠢ ᠳᠤ᠂ ᠪᠦᠬᠦ ᠪᠥᠮᠪᠥᠷᠴᠡᠭ ᠤᠨ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠬᠠᠮᠤᠭ ᠤᠨ | ᠥᠨᠳᠥᠷ ᠬᠦᠴᠦᠯᠡᠴᠡ ᠲᠠᠢ ᠪᠠᠭᠤᠷᠠᠯᠲᠠ ᠶᠢ ᠪᠡᠶᠡᠯᠡᠭᠦᠯᠵᠦ᠂ ᠪᠦᠬᠦ ᠳᠡᠯᠡᠬᠡᠢ ᠶᠢᠨ ᠲᠡᠦᠬᠡᠨ ᠳᠡᠭᠡᠷᠡᠬᠢ ᠬᠠᠮᠤᠭ ᠤᠨ | ᠣᠬᠤᠷᠬᠠᠨ ᠬᠤᠭᠤᠴᠠᠭᠠᠨ ᠳᠤ ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠭᠡᠬᠦ ᠠᠴᠠ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠪᠡᠶᠡᠯᠡᠭᠦᠯᠬᠦ ᠶᠢ ᠬᠠᠷᠠᠭᠤᠯᠵᠤ ᠪᠠᠶᠢᠨ᠎ᠠ᠃ ᠡᠨᠡ ᠨᠢ ᠯᠠᠪᠳᠠᠢ ᠨᠢᠬᠡᠨ ᠬᠠᠳᠠᠭᠤ ᠳᠠᠶᠢᠯᠠᠯᠳᠤᠭᠠᠨ ᠪᠤᠯᠬᠤ | ᠶᠤᠮ᠃ ᠳᠤᠮᠳᠠᠳᠤ ᠶᠢᠨ ᠲᠠᠯ᠎ᠠ ᠬᠡᠯᠡᠪᠡᠯ ᠬᠢᠵᠦ ᠬᠢᠪᠡᠯ ᠪᠦᠲᠦᠭᠡᠨ᠎ᠡ᠂ ᠪᠢᠳᠡ ᠨᠡᠭᠦᠷᠡᠰᠦᠲᠥ᠋ᠷᠥᠭᠴᠢ ᠶᠢ ᠤᠷᠬᠢᠯ | ᠬᠡᠮᠵᠢᠭᠳᠡᠯ ᠳᠤ ᠬᠦᠷᠬᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠶᠢ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠤ ᠪᠠᠭᠳᠠᠭᠠᠵᠦ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠬᠰᠢᠯᠠᠭᠤᠯᠬᠤ ᠡᠷᠬᠢᠯᠳᠡᠳᠤ ᠠᠵᠤ ᠠᠬᠤᠢ ᠶᠢᠨ ᠬᠥᠭᠵᠢᠯᠲᠡ ᠶᠢ ᠪᠦᠬᠦ ᠲᠠᠯ᠎ᠠ ᠪᠠᠷ | ᠠᠬᠢᠭᠤᠯᠤᠨ᠎ᠠ᠃ ᠳᠤᠮᠳᠠᠳᠤ ᠤᠯᠤᠰ ᠨᠢᠭᠡᠨᠲᠡ ︽︿ᠮᠤᠨᠲᠷᠤᠶᠠᠯ ᠤᠨ ᠵᠦᠪᠯᠡᠨ ᠲᠤᠬᠳᠠᠭᠠᠬᠤ ᠪᠢᠴᠢᠭ﹀ ᠤᠨ ᠺᠢᠭᠠᠯᠢ ᠶᠢᠨ | ᠵᠠᠰᠠᠪᠤᠷᠢ ᠣᠷᠣᠭᠤᠯᠤᠬᠰᠠᠨ ᠲᠥᠰᠦᠯ︾ ᠢ ᠬᠦᠯᠢᠶᠡᠨ ᠠᠪᠴᠤ᠂ ᠤᠰᠤᠲᠥ᠋ᠷᠥᠭᠴᠢ ᠹᠯᠣᠷ ᠨᠡᠭᠦᠷᠡᠰᠦᠲᠥ᠋ᠷᠥᠭᠴᠢ ᠶᠢᠨ | ᠨᠢᠭᠡᠳᠪᠦᠷᠢ ᠵᠡᠷᠭᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠤᠰᠤ ᠬᠦᠯᠡᠮᠵᠢ ᠶᠢᠨ ᠬᠡᠢ ᠪᠡᠶᠡᠲᠦ ᠶᠢᠨ ᠬᠠᠮᠢᠶᠠᠷᠤᠯᠲᠠ | ᠡᠵᠡᠮᠳᠡᠯ ᠢ ᠴᠢᠩᠭᠠᠳᠬᠠᠬᠤ ᠪᠠᠷ ᠲᠣᠭᠲᠠᠪᠠ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠣᠯ ᠪᠦᠬᠦ ᠬᠥᠮᠦᠨ | ᠲᠥᠷᠥᠯᠬᠢᠲᠡᠨ ᠤ ᠬᠠᠮᠲᠤ ᠶᠢᠨ ᠦᠢᠯᠡᠰ ᠮᠥᠨ᠂ ᠭᠠᠵᠠᠷ ᠣᠷᠣᠨ ᠢᠶᠠᠷ ᠰᠢᠯᠳᠠᠭᠠᠯᠠᠬᠳᠠᠬᠤ ᠤᠯᠤᠰ ᠲᠦᠷᠦ ᠶᠢᠨ ᠨᠥᠬᠦᠴᠡᠯ | ᠂ ᠪᠤᠰᠤᠳ ᠤᠯᠤᠰ ᠲᠤ ᠳᠠᠭᠠᠷᠢᠯᠳᠠ ᠬᠢᠬᠦ ᠬᠠᠷᠠᠯᠳᠠ᠂ ᠠᠷᠠᠯᠵᠢᠶᠠᠨ ᠤ ᠪᠠᠬᠢᠯᠡᠯᠲᠡ ᠶᠢᠨ ᠰᠢᠯᠲᠠᠭ ᠪᠤᠯᠵᠤ ᠪᠣᠯᠬᠤ ᠦᠭᠡᠢ᠃ | ᠳᠤᠮᠳᠠᠳᠤ ᠤᠯᠤᠰ ᠲᠥᠪ ᠭᠤᠣᠯᠴᠢ᠂ ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ᠂ ᠥᠪᠡᠷ | ᠥᠪᠡᠷ ᠤᠨ ᠴᠢᠳᠠᠪᠤᠷᠢ ᠪᠠᠨ ᠦᠨᠳᠦᠰᠦᠯᠡᠵᠦ ᠬᠢᠬᠦ ᠵᠠᠷᠴᠢᠮ ᠢ ᠪᠠᠷᠢᠮᠲᠠᠯᠠᠵᠤ᠂ ︽ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠣᠷᠣ ᠲᠥᠯᠥᠪ ᠤᠨ ᠨᠡᠶᠢᠲᠡ ᠶᠢᠨ ᠭᠡᠷ᠎ᠡ︾ ᠵᠢᠴᠢ ︽ | ᠫᠠᠷᠢᠰ ᠤᠨ ᠬᠡᠯᠡᠯᠴᠡᠭᠡᠷ︾ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢᠨ | ᠲᠠᠯ᠎ᠠ ᠪᠠᠷ ᠬᠢ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠦᠨ᠎ᠡ᠃ ᠬᠥᠭᠵᠢᠭᠰᠡᠨ | ᠠᠵᠤ ᠠᠬᠤᠶ ᠶᠢᠨ ᠴᠣᠭᠴᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢᠨ ᠡᠷᠴᠢᠮ ᠤᠨ | ᠲᠠᠯ᠎ᠠ ᠪᠠᠷ ᠥᠯᠢᠭᠡᠷ ᠳᠠᠭᠤᠷᠢᠶᠠᠯ ᠦᠵᠡᠭᠦᠯᠬᠦ ᠶᠢᠨ ᠬᠠᠮᠲᠤ ᠠᠭᠤᠷ ᠠᠮᠢᠰᠬᠤᠯ ᠢ ᠠᠷᠭᠠᠴᠠᠭᠠᠬᠤ ᠳᠤ ᠪᠠᠯᠠ ᠮᠥᠩᠭᠦ ᠭᠠᠷᠭᠠᠬᠤ | ᠠᠮᠠᠯᠠᠯᠲᠠ ᠪᠠᠨ ᠲᠦᠷᠦᠭᠦᠯᠡᠨ ᠪᠡᠶᠡᠯᠡᠭᠦᠯᠵᠦ᠂ ᠬᠥᠭᠵᠢᠵᠦ ᠪᠠᠶᠢᠭ᠎ᠠ ᠤᠯᠤᠰ ᠤᠳ ᠤᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠳᠤ ᠭᠦᠢᠴᠡᠳ ᠮᠡᠷᠭᠡᠵᠢᠯ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠳᠡᠮᠵᠢᠯᠭᠡ | ᠬᠠᠩᠭᠠᠬᠤ ᠶᠢ ᠬᠦᠰᠡᠵᠦ ᠪᠠᠶᠢᠨ᠎ᠠ ᠬᠡᠵᠥ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠮᠥᠨ ᠬᠦ ᠪᠦᠬᠦ ᠳᠡᠯᠡᠬᠡᠢ ᠳᠤ | ᠦᠷᠪᠢᠰᠦᠨ ᠳᠡᠯᠭᠡᠷᠡᠵᠦ᠂ ᠳᠡᠯᠡᠬᠡᠢ ᠶᠢᠨ ᠠᠵᠤ ᠠᠬᠤᠢ ᠶᠢ ᠰᠡᠷᠭᠦᠭᠡᠬᠦ ᠡᠭᠦᠷᠭᠡ ᠲᠦᠢᠯ ᠤᠨ ᠪᠡᠷᠬᠡ ᠬᠠᠲᠠᠭᠤᠵᠢᠯᠲᠠᠢ | ᠪᠠᠶᠢᠨ᠎ᠠ᠃ ᠳᠤᠮᠳᠠᠳᠤ ᠡᠧᠦ᠋ᠷᠣᠫᠠ ᠶᠢᠨ ᠬᠠᠷᠢᠯᠴᠠᠭ᠎ᠠ ᠳᠤ ᠰᠢᠨ᠎ᠡ ᠬᠥᠭᠵᠢᠯᠲᠡ ᠶᠢᠨ ᠠᠵᠠ ᠲᠣᠬᠢᠶᠠᠯ ᠲᠤᠯᠭᠠᠷᠠᠵᠤ ᠪᠠᠶᠢᠬᠤ | ᠪᠥᠭᠡᠳ ᠪᠠᠰᠠ ᠡᠯ᠎ᠡ ᠵᠦᠢᠯ ᠤᠨ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ | ᠳᠤᠮᠳᠠᠳᠤ ᠧᠦ᠋ᠷᠣᠫᠠ ᠶᠢᠨ ᠬᠠᠷᠢᠯᠴᠠᠭᠠᠨ ᠤ ᠬᠥᠭᠵᠢᠯᠲᠡ ᠶᠢᠨ ᠶᠡᠭᠡ ᠴᠢᠭᠯᠡᠯ ᠪᠣᠯᠤᠨ ᠭᠤᠣᠯ ᠬᠦᠭ ᠠᠶᠠᠰ ᠢ ᠪᠠᠲᠤ | ᠡᠵᠡᠮᠳᠡᠶ᠎ᠠ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠪᠠᠨ ᠥᠷᠭᠡᠳᠬᠡᠵᠦ᠂ ᠹᠷᠠᠨᠼᠢ᠂ | ᠭᠧᠷᠮᠠᠨ ᠤ ᠠᠵᠤ ᠠᠬᠤᠶᠢᠯᠠᠯ ᠢ ᠪᠠᠭᠲᠠᠭᠠᠭᠰᠠᠨ ᠭᠠᠳᠠᠭᠠᠳᠤ ᠶᠢᠨ ᠪᠡᠯᠡ ᠣᠷᠣᠭᠤᠯᠤᠭᠰᠠᠨ ᠠᠵᠤ ᠠᠬᠤᠶᠢᠯᠠᠯ ᠳᠤ ᠡᠷᠬᠡ | ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠦᠷᠢᠯᠳᠦᠭᠦᠯᠦᠨ | ᠦᠭᠭᠦᠨ᠎ᠠ᠂ ᠡᠧᠦ᠋ᠷᠣᠫᠠ ᠶᠢᠨ ᠬᠢᠨ ᠴᠦ ᠡᠶᠢᠮᠦ ᠢᠳᠡᠪᠬᠢᠲᠡᠢ ᠣᠪᠣᠷ ᠢᠶᠠᠷ ᠳᠤᠮᠳᠠᠳᠤ ᠤᠯᠤᠰ ᠤᠨ ᠠᠵᠤ ᠠᠬᠤᠶᠢᠯᠠᠯ ᠳᠤ | ᠬᠠᠨᠳᠤᠵᠤ᠂ ᠳᠤᠮᠳᠠᠳᠤ ᠤᠯᠤᠰ ᠲᠠᠢ ᠬᠠᠮᠲᠤ ᠪᠠᠷ ᠳᠤᠮᠳᠠᠳᠤ ᠧᠦ᠋ᠷᠣᠫᠠ ᠶᠢᠨ ᠪᠣᠬᠢᠷᠲᠤᠯ ᠦᠭᠡᠢ᠂ ᠲᠣᠭᠠᠴᠢᠯᠠᠭᠰᠠᠨ | ᠬᠠᠨᠢᠲᠠᠨ ᠤ ᠬᠠᠷᠢᠯᠴᠠᠭ᠎ᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠢᠵᠢᠭ ᠲᠠᠢ ᠲᠡᠮᠡᠴᠡᠬᠦ ᠵᠡᠷᠭᠡ ᠬᠦᠷᠢᠶᠡᠨ ᠤ | ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ︽ᠸᠠᠺᠼᠢᠨ ᠤ ᠦᠨᠳᠦᠰᠦᠲᠡᠨ ᠤ | ᠦᠵᠡᠯ︾ ᠢ ᠡᠰᠡᠷᠭᠦᠴᠡᠵᠦ᠂ ᠵᠣᠷᠢᠭᠤᠳᠠ ᠪᠠᠷ ᠦᠯᠦ ᠬᠠᠯᠳᠠᠭᠠᠬᠤ ᠴᠢᠳᠠᠪᠤᠷᠢ ᠶᠢᠨ ᠲᠠᠯ᠎ᠠ ᠪᠠᠷ ᠵᠦᠷᠢᠴᠡᠯ ᠭᠠᠷᠭᠠᠬᠤ ᠶᠢ | ᠡᠰᠡᠷᠭᠦᠴᠡᠵᠤ᠂ ᠳᠤᠷᠠᠲᠠᠶ᠎ᠠ ᠹᠷᠠᠨᠼᠢ᠂ ᠭᠧᠷᠮᠠᠨ ᠢ ᠪᠠᠭᠲᠠᠭᠠᠭᠰᠠᠨ ᠳᠡᠯᠡᠬᠡᠶ ᠨᠡᠶᠢᠭᠡᠮ ᠤᠨ ᠬᠢᠨ ᠲᠠᠢ ᠬᠠᠮᠲᠤ ᠪᠠᠷ᠂ | ᠬᠥᠭᠵᠢᠵᠦ ᠪᠠᠶᠢᠭ᠎ᠠ ᠤᠯᠤᠰ ᠤᠳ ᠴᠠᠭ ᠲᠤᠬᠠᠶ ᠳᠤᠨᠢ ᠸᠠᠺᠼᠢᠨ ᠤᠯᠬᠤ ᠶᠢ ᠳᠡᠮᠵᠢᠨ ᠬᠠᠪᠰᠤᠷᠤᠨ᠎ᠠ᠃ ᠳᠤᠮᠳᠠᠳᠤ ᠤᠯᠤᠰ | ᠳᠤᠷᠠᠲᠠᠶ᠎ᠠ ᠤᠯᠠᠨ ᠤᠯᠤᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠵᠥᠪᠯᠡᠯ ᠲᠠᠢ ᠬᠠᠮᠲᠤᠷᠠᠯᠴᠠᠵᠤ᠂ | ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠤ ᠪᠠᠷ ᠪᠠᠶᠢᠭ᠎ᠠ ᠲᠠᠮᠢᠷᠴᠢᠳ ᠲᠤ ᠸᠠᠺᠼᠢᠨ ᠬᠠᠩᠭᠠᠨ᠎ᠠ ᠭᠡᠵᠤ ᠵᠢᠭᠠᠵᠤ | ᠭᠠᠷᠭᠠᠪᠠ᠃ | ᠮᠠᠶᠢᠺᠷᠤᠨ᠂ ᠳᠤᠮᠳᠠᠳᠤ ᠶᠢᠨ ᠲᠠᠯ᠎ᠠ ᠶᠢᠨ ᠬᠢᠨ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠨᠡᠶᠢᠲᠡᠯᠡᠭᠰᠡᠨ ᠢ ᠹᠷᠠᠨᠼᠢ ᠶᠢᠨ ᠬᠢᠨ ᠪᠠᠶᠠᠷᠯᠠᠨ ᠤᠭᠳᠤᠵᠤ ᠪᠠᠶᠢᠨ᠎ᠠ᠂ ᠡᠨᠡ ᠬᠦ | ᠴᠢᠬᠤᠯᠠ ᠶᠡᠭᠡ ᠠᠮᠠᠯᠠᠯᠲᠠ ᠨᠢ ᠳᠤᠮᠳᠠᠳᠤ ᠶᠢᠨ ᠲᠠᠯ᠎ᠠ ᠶᠢᠨ ᠬᠢᠨ ᠰᠠᠨᠠᠭᠠᠴᠢᠯᠠᠭ᠎ᠠ ᠠᠴᠠ ᠪᠠᠨ ᠴᠢᠬᠤᠯᠠ ᠬᠠᠷᠢᠭᠤᠴᠠᠯᠭ᠎ᠠ | ᠡᠭᠦᠷᠭᠡᠯᠡᠵᠦ ᠪᠠᠶᠢᠬᠤ ᠶᠢ ᠬᠠᠷᠠᠭᠤᠯᠵᠦ ᠪᠠᠶᠢᠨ᠎ᠠ᠃ ᠹᠷᠠᠨᠼᠢ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ | ᠹᠷᠠᠨᠼᠢ ᠳᠤᠮᠳᠠᠳᠤ᠂ ᠡᠧᠦ᠋ᠷᠣᠫᠠ ᠳᠤᠮᠳᠠᠳᠤ ᠶᠢᠨ ᠠᠵᠤ ᠠᠬᠤᠢ ᠶᠢᠨ ᠬᠠᠷᠢᠯᠴᠠᠭ᠎ᠠ ᠤᠯᠠᠮ ᠴᠢᠨᠠᠭᠰᠢᠳᠠ ᠬᠥᠭᠵᠢᠬᠦ ᠶᠢ | ᠠᠬᠢᠭᠤᠯᠵᠤ᠂ ᠭᠠᠷ ᠬᠤᠯᠪᠣᠨ ᠠᠹᠷᠢᠺᠠ ᠲᠢᠪ ᠢ ᠬᠠᠪᠰᠤᠷᠤᠨ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠶᠢᠨ ᠬᠠᠮᠲᠤ | ᠬᠥᠭᠵᠢᠵᠦ ᠪᠠᠶᠢᠭ᠎ᠠ ᠤᠯᠤᠰ ᠤᠳ ᠤᠨ ᠥᠷᠢ ᠦᠭᠴᠡᠭᠡ ᠶᠢ ᠨᠢ ᠬᠥᠩᠭᠡᠷᠡᠭᠦᠯᠵᠦ ᠬᠤᠶᠢᠰᠢᠯᠠᠭᠤᠯᠬᠤ ᠶᠢᠨ ᠲᠥᠯᠥᠭᠡ | ᠬᠠᠮᠲᠤ ᠪᠠᠷ ᠴᠢᠷᠮᠠᠶᠢᠨ᠎ᠠ᠃ ᠸᠠᠺᠼᠢᠨ ᠨᠢ ᠶᠡᠭᠡ ᠤᠯᠤᠰ ᠤᠨ ᠥᠷᠢᠰᠥᠯᠳᠦᠭᠡᠨ ᠤ ᠪᠠᠭᠠᠵᠢ ᠪᠣᠯᠵᠤ ᠪᠣᠯᠬᠤ ᠥᠬᠡᠶ᠂ | ᠹᠷᠠᠨᠼᠢ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠯᠤᠭ᠎ᠠ ᠸᠠᠺᠼᠢᠨ ᠢ ᠡᠷᠬᠡ ᠲᠡᠭᠰᠢ ᠪᠠᠷ ᠬᠤᠪᠢᠶᠠᠷᠢᠯᠠᠬᠤ ᠲᠤᠬᠠᠶ | ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠷᠠᠨ ᠤ ᠴᠥᠮ᠎ᠡ ᠶᠢᠨ ᠠᠰᠠᠭᠤᠳᠠᠯ ᠵᠡᠷᠭᠡ ᠭᠠᠵᠠᠷ ᠣᠷᠣᠨ ᠤ ᠠᠰᠠᠭᠤᠳᠠᠯ ᠤᠨ | ᠲᠤᠬᠠᠶ ᠵᠣᠬᠢᠴᠠᠭᠤᠯᠭ᠎ᠠ ᠪᠠᠨ ᠴᠢᠩᠭᠠᠳᠬᠠᠨ᠎ᠠ ᠭᠡᠵᠤ ᠢᠯᠡᠳᠭᠡᠵᠠᠢ᠃ | ᠮᠤᠺᠧᠷ᠂ ᠭᠧᠷᠮᠠᠨ ᠹᠷᠠᠨᠼᠢ ᠳᠤᠮᠳᠠᠳᠤ ᠭᠤᠷᠪᠠᠨ ᠤᠯᠤᠰ ᠬᠠᠮᠲᠤᠷᠠᠯᠴᠠᠭ᠎ᠠ ᠪᠠᠨ ᠴᠢᠩᠭᠠᠳᠬᠠᠵᠤ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠨᠢ ᠲᠦᠢᠯ ᠤᠨ ᠴᠢᠬᠤᠯᠠ ᠶᠤᠮ᠃ ᠳᠤᠮᠳᠠᠳᠤ ᠤᠯᠤᠰ ᠤᠯᠤᠰ ᠤᠨ | ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ ᠬᠠᠷᠠᠯᠲᠠ ᠪᠠᠨ ᠲᠤᠩᠬᠠᠭᠯᠠᠭᠰᠠᠨ ᠨᠢ ᠠᠤᠭ᠎ᠠ ᠰᠠᠨᠠᠭ᠎ᠠ ᠲᠠᠢ ᠪᠥᠭᠡᠳ | ᠪᠠᠰᠠ ᠪᠠᠶᠠᠯᠢᠭ ᠦᠷᠢᠰᠦᠯᠲᠦᠭᠡᠡ ᠲᠠᠢ ᠶᠤᠮ᠂ ᠡᠨᠡ ᠨᠢ ᠪᠦᠬᠦ ᠲᠡᠯᠡᠭᠡᠢ ᠶᠢᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠳᠤ ᠲᠦᠢᠯ ᠤᠨ ᠴᠢᠬᠤᠯᠠ ᠶᠤᠮ᠂ ᠡᠧᠦ᠋ᠷᠣᠫᠠ ᠲᠢᠪ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ | ᠲᠦᠷᠦ ᠶᠢᠨ ᠪᠤᠳᠤᠯᠭ᠎ᠠ ᠶᠢᠨ ᠤᠯᠤᠯᠴᠠᠭ᠎ᠠ ᠪᠣᠯᠤᠨ ᠵᠣᠯᠭᠠᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠤᠯᠤᠰ ᠡᠩ | ᠲᠡᠷᠢᠭᠦᠨ ᠳᠤ ᠠᠵᠤ ᠠᠬᠤᠢ ᠶᠢᠨ ᠨᠡᠮᠡᠭᠳᠡᠯ ᠢᠶᠠᠨ ᠰᠡᠷᠭᠦᠭᠡᠭᠰᠡᠨ ᠨᠢ ᠳᠡᠯᠡᠬᠡᠢ ᠳ᠋ᠠᠬᠢᠨ ᠳᠤ ᠠᠪᠴᠤ ᠬᠡᠯᠡᠪᠡᠯ ᠰᠠᠶᠢᠨ ᠴᠢᠮᠡᠭᠡ | ᠪᠣᠯᠤᠨ᠎ᠠ᠃ ᠭᠧᠷᠮᠠᠨ ᠤ ᠲᠠᠯ᠎ᠠ ᠶᠢᠨ ᠬᠢᠨ ᠳᠤᠮᠳᠠᠳᠤ ᠤᠯᠤᠰ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠬᠡᠷᠡᠭᠵᠢᠭᠦᠯᠦᠭᠡᠳ ᠭᠧᠷᠮᠠᠨ ᠳᠤᠮᠳᠠᠳᠤ᠂ ᠧᠦ᠋ᠷᠣᠫᠠ ᠳᠤᠮᠳᠠᠳᠤ ᠶᠢᠨ ᠬᠠᠮᠲᠤᠷᠠᠯᠴᠠᠭ᠎ᠠ ᠳᠤ | ᠤᠯᠭᠤᠬᠰᠠᠨ ᠴᠢᠬᠤᠯᠠ ᠠᠵᠠ ᠲᠣᠬᠢᠶᠠᠯ ᠢ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠷᠢᠯᠴᠠᠨ ᠠᠰᠢᠭᠲᠠᠢ | ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠠᠵᠤ ᠠᠬᠤᠢ᠂ ᠰᠦᠯᠵᠢᠶᠡᠨ ᠤ | ᠠᠮᠤᠷ ᠲᠦᠪᠰᠢᠨ ᠵᠡᠷᠭᠡ ᠠᠰᠠᠭᠤᠳᠠᠯ ᠤᠨ ᠲᠤᠬᠠᠢ ᠤᠯᠤᠯᠴᠠᠭ᠎ᠠ ᠪᠠᠨ ᠴᠢᠩᠭᠠᠳᠬᠠᠵᠤ᠂ ᠡᠯ᠎ᠡ ᠤᠯᠤᠰ ᠤᠨ ᠠᠵᠤ | ᠠᠬᠤᠶᠢᠯᠠᠯ ᠳᠤ ᠡᠭᠡᠭᠡ ᠠᠳᠠᠯᠢ ᠪᠠᠷ ᠬᠠᠨᠳᠤᠵᠤ᠂ ᠠᠷᠠᠯᠵᠢᠶᠠᠨ ᠤ ᠪᠠᠬᠢᠯᠡᠯᠲᠡ ᠠᠴᠠ ᠵᠠᠶᠢᠯᠠᠰᠬᠢᠨ᠎ᠡ᠃ ᠬᠤᠶᠠᠷ | ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ᠂ ︽ᠧᠦ᠋ᠷᠣᠫᠠ ᠳᠤᠮᠳᠠᠳᠤ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ︾ | ᠲᠦᠷᠭᠡᠨ ᠵᠥᠪᠰᠢᠶᠡᠷᠡᠭᠳᠡᠵᠦ ᠬᠦᠴᠦᠨ ᠲᠠᠢ ᠪᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ | ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ᠂ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠳᠤᠮᠳᠠᠳᠤ ᠹᠷᠠᠨᠼᠢ ᠭᠧᠷᠮᠠᠨ ᠤ | ᠤᠳᠤᠷᠢᠳᠬᠤ ᠬᠥᠮᠦᠰ ᠤᠨ ᠸᠢᠳᠢᠣ᠋ ᠲᠦᠷᠦᠭᠦᠴᠦᠳ ᠤᠨ ᠬᠤᠷᠠᠯ ᠬᠤᠷᠠᠯᠳᠤᠭᠤᠯᠪᠠ᠃ | ᠭᠤᠷᠪᠠᠨ ᠤᠯᠤᠰ ᠤᠨ ᠤᠳᠤᠷᠢᠳᠬᠤ ᠬᠥᠮᠦᠰ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ︽ᠫᠠᠷᠢᠰ ᠤᠨ | ᠬᠡᠯᠡᠯᠴᠡᠭᠡᠷ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠥᠪ ᠭᠤᠣᠯᠴᠢ ᠵᠦᠢ ᠵᠣᠬᠢᠰᠲᠠᠢ᠂ ᠬᠠᠮᠲᠤᠷᠠᠯᠴᠠᠵᠤ | ᠬᠠᠮᠲᠤ ᠪᠠᠷ ᠠᠰᠢᠭ ᠬᠦᠷᠳᠡᠬᠦ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠶᠢᠨ ᠰᠢᠰᠲ᠋ᠧᠮ ᠢ ᠬᠠᠮᠲᠤ ᠪᠠᠷ | ᠪᠠᠶᠢᠭᠤᠯᠵᠤ᠂ ᠤᠳᠤᠷᠢᠳᠬᠤ ᠬᠥᠮᠦᠰ ᠤᠨ ᠠᠭᠤᠷ ᠠᠮᠢᠰᠬᠤᠯ ᠤᠨ ᠲᠦᠷᠦᠭᠦᠴᠦᠳ ᠤᠨ ᠬᠤᠷᠠᠯ ᠢᠳᠡᠪᠬᠢᠲᠡᠢ᠂ | ᠲᠡᠩᠴᠡᠭᠦᠷᠢᠲᠡᠢ᠂ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ︔ ᠠᠭᠤᠷ ᠠᠮᠢᠰᠬᠤᠯ ᠤᠨ | ᠲᠦᠷᠦ ᠶᠢᠨ ᠪᠤᠳᠤᠯᠭ᠎ᠠ ᠶᠢᠨ ᠶᠠᠷᠢᠯᠴᠠᠭ᠎ᠠ ᠪᠠ ᠪᠣᠬᠢᠷᠲᠤᠯ ᠦᠭᠡᠢ ᠬᠥᠭᠵᠢᠯᠲᠡ ᠶᠢᠨ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠶᠢ ᠳᠤᠮᠳᠠᠳᠤ ᠧᠦ᠋ᠷᠣᠫᠠ ᠶᠢᠨ | ᠬᠠᠮᠲᠤᠷᠠᠯᠴᠠᠭᠠᠨ ᠤ ᠴᠢᠬᠤᠯᠠ ᠲᠤᠯᠭᠠᠭᠤᠷᠢ ᠪᠣᠯᠭᠠᠨ᠎ᠠ᠂ ᠺᠦᠨᠮᠢᠩ ᠤᠨ ︽ᠠᠮᠢᠳᠤ ᠪᠣᠳᠠᠰ ᠤᠨ ᠤᠯᠠᠨ ᠶᠠᠩᠵᠤᠲᠤ | ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ᠂ | ᠭᠯᠠᠰᠭᠣ᠋ ᠶᠢᠨ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ | ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ᠂ | ᠮᠠᠷᠰᠸᠢ ᠶᠢᠨ ᠳᠣᠯᠣᠳᠤᠭᠠᠷ ᠬᠤᠭᠤᠴᠠᠭᠠᠨ ᠤ ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠶᠡᠭᠡ ᠬᠤᠷᠠᠯ ᠵᠡᠷᠭᠡ | ᠴᠢᠬᠤᠯᠠ ᠤᠯᠠᠨ ᠲᠠᠯ᠎ᠠ ᠶᠢᠨ ᠵᠥᠪᠯᠡᠬᠦ ᠵᠦᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠦᠬᠦ ᠲᠡᠯᠡᠭᠡᠢ ᠶᠢᠨ | ᠣᠷᠴᠢᠨ ᠲᠣᠭᠤᠷᠢᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠨ᠎ᠠ︔ ︽ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠤ ᠬᠡᠷᠡᠭᠵᠢᠭᠦᠯᠬᠦ ᠲᠥᠯᠥᠪᠯᠡᠭᠡ︾ ᠶᠢ ᠳᠡᠮᠵᠢᠵᠦ᠂ ᠬᠥᠮᠦᠰ ᠤᠨ ᠡᠷᠡᠭᠦᠯ ᠮᠡᠨᠳᠦ ᠠᠮᠤᠷ | ᠲᠦᠪᠰᠢᠨ ᠡᠮᠬᠢ ᠵᠢᠷᠤᠮ ᠲᠠᠢ ᠶᠠᠪᠤᠯᠴᠠᠭ᠎ᠠ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠤᠷᠤᠭᠰᠢᠲᠠᠶ | ᠲᠣᠭᠲᠠᠭᠤᠨ ᠪᠠᠶᠢᠬᠤ ᠶᠢ ᠬᠠᠮᠠᠭᠠᠯᠠᠵᠤ᠂ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠡᠷᠲᠡᠬᠡᠨ | ᠬᠡᠪ ᠤᠨ ᠪᠠᠶᠢᠳᠠᠯ ᠢᠶᠠᠨ ᠰᠡᠷᠭᠦᠭᠡᠬᠦ ᠶᠢ ᠠᠬᠢᠭᠤᠯᠤᠨ᠎ᠠ︔ ᠬᠥᠭᠵᠢᠵᠦ ᠪᠠᠶᠢᠭ᠎ᠠ ᠤᠯᠤᠰ ᠤᠳ ᠤᠨ ᠡᠨᠧᠷᠭᠢ ᠶᠢᠨ | ᠬᠠᠩᠭᠠᠯᠭ᠎ᠠ ᠶᠢ ᠥᠨᠳᠥᠷ ᠪᠦᠲᠦᠮᠵᠢᠲᠡᠢ᠂ ᠠᠷᠢᠭᠤᠨ ᠴᠡᠪᠡᠷ᠂ ᠤᠯᠠᠨ ᠡᠰᠢᠴᠢᠯᠡᠭᠰᠡᠨ ᠴᠢᠭᠯᠡᠯ ᠢᠶᠠᠷ ᠬᠥᠭᠵᠢᠭᠦᠯᠬᠦ ᠶᠢ | ᠳᠡᠮᠵᠢᠨ᠎ᠡ ᠭᠡᠵᠦ ᠰᠠᠨᠠᠯ ᠨᠢᠭᠡᠲᠡᠢ ᠦᠵᠡᠵᠡᠭᠡᠪᠡ᠃ | ᠶᠠᠩ ᠵᠢᠶᠧ ᠤᠤᠢ᠂ ᠸᠠᠩ ᠢ᠂ ᠡᡁᠧ ᠯᠢ ᠹᠧᠩ ᠨᠠᠷ ᠬᠤᠷᠠᠯ ᠳᠤ ᠣᠷᠣᠯᠴᠠᠪᠠ᠃ | | ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ |