| | ᠨᠢᠩᠴᠧᠩ ᠰᠢᠶᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ | ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠰᠤᠭᠤᠴᠢᠨ ᠪᠠᠶᠢᠴᠠᠭᠠᠬᠤ ᠵᠤᠶᠢᠯᠡᠰ ᠤᠨ ᠨᠠᠷᠢᠨ ᠬᠠᠭᠤᠳᠠᠰᠤ ᠶᠢ | ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠬᠢᠭᠡᠳ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠵᠢᠯᠴᠠᠨ | ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ᠃ ᠣᠶᠢᠷ᠎ᠠ ᠳᠤ᠂ ᠨᠢᠩᠴᠧᠩ ᠰᠢᠶᠠᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ︽ᠬᠤᠶᠠᠷ ᠢ ᠰᠤᠭᠤᠴᠢᠵᠤ᠂ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠬᠡᠷᠡᠭᠯᠡᠭᠡᠨ ᠤ ᠪᠣᠯᠪᠠᠰᠤᠷᠠᠭᠤᠯᠤᠯ ᠢ ᠡᠷᠭᠢᠯᠡᠵᠦ᠂ ᠪᠥᠬᠦ | ᠰᠢᠶᠠᠨ ᠤ 33 ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠠᠮᠲᠤᠷᠠᠭᠰᠠᠨ ᠬᠤᠷᠠᠯ ᠤᠨ | ᠪᠦᠷᠢᠯᠳᠦᠬᠦᠨ ᠨᠢᠭᠡᠴᠢ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠵᠢᠴᠢ ᠮᠡᠷᠭᠡᠵᠢᠯ ᠤᠨ | ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠵᠠᠶ᠃ | ᠲᠤᠰ ᠤᠳᠠᠭᠠᠨ ᠤ ᠪᠣᠯᠪᠠᠰᠤᠷᠠᠯ ᠨᠢ ᠰᠠᠯᠠᠭ᠎ᠠ ᠮᠥᠴᠢᠷ ᠤᠨ ᠬᠤᠯᠪᠣᠭᠠᠯᠠᠨ ︽ᠬᠤᠶᠠᠷ ᠢ ᠰᠤᠭᠤᠴᠢᠵᠤ᠂ | ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠪᠠᠶᠢᠩᠭᠤᠵᠢᠯᠲᠠ ᠶᠢ ᠪᠦᠲᠦᠮᠵᠢᠲᠡᠶ ᠠᠬᠢᠭᠤᠯᠵᠤ᠂ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠠᠵᠤ ᠠᠬᠤᠶᠢᠯᠠᠯ ᠳᠤ ᠬᠤᠯᠪᠣᠭᠳᠠᠭᠰᠠᠨ ᠮᠡᠳᠡᠭᠡ | ᠵᠠᠩᠭᠢ ᠶᠢ ᠨᠢᠭᠡᠳᠦᠯᠲᠡᠶ ᠴᠤᠭᠯᠠᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠬᠤ ᠨᠢ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠢᠲᠡᠭᠡᠮᠵᠢ ᠶᠢᠨ ᠤᠬᠠᠮᠰᠠᠷ ᠪᠠ ᠥᠪᠡᠷ ᠢ ᠪᠠᠨ ᠬᠢᠵᠠᠭᠠᠷᠯᠠᠬᠤ ᠬᠦᠴᠦᠨ ᠢ ᠴᠢᠩᠭᠠᠷᠠᠭᠤᠯᠵᠤ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠭᠠᠷ | ᠲᠦᠷᠦᠭᠦ ᠶᠢ ᠪᠠᠭᠠᠰᠬᠠᠨ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠪᠦᠬᠦ ᠰᠢᠶᠠᠨ ᠤ ᠠᠵᠤ | ᠠᠬᠤᠶ ᠶᠢᠨ ᠬᠥᠭᠵᠢᠯᠲᠡ ᠳᠤ ᠰᠠᠶᠢᠨ ᠰᠠᠶᠢᠬᠠᠨ ᠡᠶ᠎ᠡ ᠵᠣᠬᠢᠴᠠᠯ ᠲᠠᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠪᠤᠢ ᠪᠣᠯᠭᠠᠬᠤ ᠶᠢ ᠦᠨᠡᠨ ᠬᠦ ᠪᠡᠶᠡᠯᠡᠭᠦᠯᠬᠦ ᠳᠤ ᠠᠰᠢᠭᠲᠠᠶ ᠶᠤᠮ᠃ | |