ᠨᠢᠩᠴᠧᠩ ᠰᠢᠶᠠᠨ᠄ ᠠᠵᠤ ᠠᠬᠤᠶᠢᠯᠠᠯ ᠤᠨ ᠬᠦᠭᠵᠢᠯᠲᠡ ᠳᠤ ︽ᠰᠠᠶᠢᠨ ᠦᠢᠯᠡᠴᠢᠯᠡᠭᠴᠢ︾ ᠪᠤᠯᠵᠤ ᠪᠤᠢ
ᠨᠡᠶᠢᠲᠡᠯᠡᠭᠰᠡᠨ ᠴᠠᠭ᠄
2021/5/27
ᠡᠨᠡ ᠵᠢᠯ ᠤᠨ 1 ᠰᠠᠷ᠎ᠠ ᠳᠤ᠂ ᠨᠢᠩᠴᠧᠩ ᠰᠢᠶᠠᠨ 40 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠵᠠᠪᠰᠠᠷ ᠤᠨ ᠹᠠᠰ ᠤᠨ ᠨᠡᠭᠦᠷᠡᠰᠦᠲᠥ᠋ᠷᠥᠭᠴᠢᠳᠤ ᠪᠢᠴᠢᠯ ᠪᠥᠮᠪᠥᠭᠡᠨ ᠰᠫᠦᠷᠲ ᠤᠨ ᠲᠦᠷᠦᠯ ᠵᠦᠢᠯ ᠢ ᠠᠮᠵᠢᠯᠲᠠ ᠲᠠᠢ ᠣᠷᠣᠭᠤᠯᠤᠨ ᠠᠪᠴᠢᠷᠠᠵᠤ᠂ ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ 2 ᠳ᠋ᠦᠩᠰᠢᠭᠤᠷ ᠲᠥᠭᠦᠷᠢᠭ ᠤᠨ ᠠᠰᠢᠭ ᠤᠷᠤᠯᠭ᠎ᠠ ᠪᠠ ᠭᠠᠶᠢᠯᠢ ᠶᠢᠨ ᠤᠷᠤᠯᠭ᠎ᠠ ᠤᠯᠵᠤ᠂ 2000 ᠭᠠᠷᠤᠢ ᠬᠥᠮᠦᠨ ᠳᠤ ᠠᠵᠢᠯ ᠣᠯᠭᠤᠬᠤ ᠵᠠᠪᠰᠢᠶᠠᠠ ᠬᠠᠨᠭ᠍ᠭᠠᠪᠡ᠃ 3 ᠰᠠᠷ᠎ᠠ ᠳᠤ 1.5 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠪᠦᠬᠦᠢ 5 ᠲᠦᠮᠡᠨ ᠲᠣᠨ ᠹᠣᠰᠹᠣᠷ ᠬᠦᠴᠢᠯ ᠤᠨ ᠤᠰᠤᠲᠥ᠋ᠷᠥᠭᠴᠢᠳᠤ ᠺᠠᠯᠼ ᠤᠨ ᠲᠥᠷᠥᠯ ᠵᠦᠶ᠋ᠯ ᠢ ᠠᠮᠵᠢᠯᠲᠠ ᠲᠠᠢ ᠣᠷᠣᠭᠤᠯᠤᠨ ᠠᠪᠴᠢᠷᠠᠵᠤ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ 1000 ᠲᠦᠮᠡᠨ ᠲᠥᠭᠦᠷᠢᠭ ᠤᠨ ᠠᠰᠢᠭ ᠤᠷᠤᠯᠭ᠎ᠠ ᠪᠠ ᠭᠠᠶᠢᠯᠢ ᠶᠢᠨ ᠤᠷᠤᠯᠭ᠎ᠠ ᠶᠢ ᠤᠯᠵᠤ᠂ 900 ᠬᠥᠮᠦᠨ ᠳᠤ ᠠᠵᠢᠯ ᠤᠯᠭᠤᠬᠤ ᠪᠤᠯᠤᠨ᠎ᠠ᠃ ᠡᠨᠡ ᠵᠢᠯ ᠤᠨ 3 ᠰᠠᠷ᠎ᠠ ᠶᠢᠨ ᠰᠡᠭᠦᠯᠴᠢ ᠪᠣᠯᠲᠠᠯ᠎ᠠ ᠲᠣᠰ ᠰᠢᠶᠠᠨ ᠨᠡᠶᠢᠲᠡ 14 ᠲᠥᠷᠥᠯ ᠵᠦᠶ᠋ᠯ ᠤᠨ ᠭᠡᠷ᠎ᠠ ᠶᠢ ᠰᠢᠨ᠎ᠡ ᠪᠠᠷ ᠲᠣᠭᠲᠠᠵᠤ᠂ ᠬᠡᠯᠡᠯᠴᠡᠭᠡᠷ ᠢᠶᠠᠷ 56.54 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ ᠠᠪᠴᠢᠷᠠᠭᠰᠠᠨ ᠪᠠᠶᠢᠨ᠎ᠠ᠃    ᠨᠢᠩᠴᠧᠩ ᠰᠢᠶᠠᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠠᠪᠤᠴᠠ ᠳᠤ ᠠᠵᠤ ᠠᠬᠤᠶᠢᠯᠠᠯᠲᠠᠨ ᠳᠤ᠂ ᠠᠵᠤ ᠠᠬᠤᠶᠢᠯᠠᠯ ᠳᠤ ᠦᠢᠯᠡᠴᠢᠯᠡᠬᠦ ᠪᠠᠷ ᠭᠠᠷᠳᠠᠴᠠ ᠪᠤᠯᠭᠠᠨ ︽ᠠᠵᠤ ᠠᠬᠤᠶᠢᠯᠠᠯ ᠤᠨ ᠰᠠᠶᠢᠨ ᠦᠢᠯᠡᠴᠢᠯᠡᠭᠴᠢ︾ ᠪᠤᠯᠬᠤ ᠣᠶᠢᠯᠠᠭᠠᠭᠳᠠᠬᠤᠨ ᠢ ᠪᠠᠲᠤ ᠪᠣᠶ ᠪᠤᠯᠭᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ᠬᠡᠷᠪᠡ ᠬᠦᠴᠢᠷᠳᠡᠯ ᠲᠤᠯᠭᠠᠷᠠᠪᠠᠯ ᠲᠡᠷᠡ ᠬᠦ ᠬᠦᠴᠢᠷᠳᠡᠯ ᠢ ᠬᠦᠴᠦᠯᠡᠨ ᠵᠣᠬᠢᠴᠠᠭᠤᠯᠵᠤ ᠰᠢᠶ᠋ᠳᠪᠦᠷᠢᠯᠡᠨ᠎ᠡ᠃ ᠪᠢᠳᠡ ᠲᠠᠨ ᠤ ︽ᠰᠠᠶᠢᠨ ᠦᠢᠯᠡᠴᠢᠯᠡᠭᠴᠢ︾ ᠪᠤᠯᠬᠤ ᠪᠠᠷ ᠪᠠᠷᠠᠬᠤ ᠦᠭᠡᠢ ᠪᠠᠰᠠ ᠲᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠳᠤᠮᠳᠠᠬᠢ ︽ᠬᠠᠮᠢᠶᠠᠷᠤᠭᠴᠢ︾ ᠪᠣᠯᠤᠨ᠎ᠠ ᠭᠡᠵᠦ ᠠᠮᠠᠯᠠᠭᠰᠠᠨ ᠪᠠᠶᠢᠨ᠎ᠠ᠃    ᠪᠥᠬᠦ ᠬᠤᠲᠠ ᠶᠢᠨ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠴᠢᠩᠭᠠᠳᠬᠠᠬᠤ ᠠᠵᠢᠯ ᠢ ᠠᠬᠢᠭᠤᠯᠬᠤ ᠶᠡᠭᠡ ᠬᠤᠷᠠᠯ ᠬᠤᠷᠠᠯᠳᠤᠭᠰᠠᠨ ᠠᠴᠠ ᠨᠠᠭᠠᠰᠢ ᠂ ᠨᠢᠩᠴᠧᠩ ᠰᠢᠶᠠᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠪᠥᠬᠦ ᠰᠢᠶᠠᠨ ᠤ ᠠᠵᠢᠯ ᠤᠨ ᠭᠤᠤᠯᠳᠠᠯᠭ᠎ᠠ ᠪᠤᠯᠭᠠᠵᠤ᠂ ᠪᠥᠬᠦ ᠰᠢᠶᠠᠨ ᠳᠠᠶᠠᠭᠠᠷ ᠢ ᠳᠠᠶᠢᠴᠢᠯᠠᠨ ᠰᠡᠳᠬᠢᠯ ᠢᠶᠠᠨ ᠨᠢᠭᠡᠳᠬᠡᠵᠤ ᠬᠦᠴᠦ ᠪᠠᠨ ᠬᠠᠮᠲᠤᠳᠬᠠᠨ ᠠᠷᠠᠯᠵᠢᠶᠠᠴᠢᠨ ᠤᠷᠢᠬᠤ ᠠᠵᠢᠯ ᠢ ᠥᠷᠨᠢᠭᠦᠯᠪᠡ᠃ ᠬᠤᠪᠢᠶᠠᠷᠢᠯᠠᠯ ᠲᠣᠳᠣᠷᠬᠠᠢ ᠠᠵᠢᠯ ᠤᠨ ᠲᠣᠭᠲᠠᠴᠠ ᠪᠠᠶᠢᠭᠤᠯᠤᠨ᠂ 200 ᠭᠠᠷᠤᠢ ᠬᠥᠮᠦᠨ ᠰᠤᠩᠭᠤᠵᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠪᠤᠭᠤᠮᠳᠠ ᠰᠢᠪᠳᠤᠯᠬᠤ 3 ᠳᠤᠭᠤᠢᠢᠯᠠᠩ᠂ 18 ᠪᠠᠭ᠎ᠠ ᠳᠤᠭᠤᠢᠢᠯᠠᠩ᠂ 21 ᠲᠤᠰᠬᠠᠢ ᠠᠩᠭᠢ ᠪᠠᠶᠢᠭᠤᠯᠤᠨ ᠠᠷᠠᠯᠵᠢᠶᠠᠴᠢᠨ ᠤᠷᠢᠬᠤ ᠠᠵᠢᠯ ᠳᠤ ᠣᠷᠣᠯᠴᠠᠭᠤᠯᠵᠤ᠂ ᠾᠧᠪᠸᠢ᠂ ᠲᠢᠶᠠᠨᠵᠢᠨ᠂ ᠾᠧᠨᠠᠨ᠂ ᠱᠠᠨᠳᠦ᠋ᠩ᠂ ᠬᠠᠩᠵᠧᠦ᠂ ᠱᠧᠨᠵᠧᠨ ᠵᠡᠷᠭᠡ ᠭᠠᠵᠠᠷ ᠲᠤ ᠬᠦᠷᠴᠤ ᠭᠤᠣᠯᠳᠠᠯᠭ᠎ᠠ ᠲᠠᠢ ᠠᠵᠤ ᠠᠬᠤᠶᠢᠯᠠᠯ ᠢᠶᠠᠷ ᠲᠤᠭᠤᠷᠢᠨ ᠰᠤᠷᠪᠤᠯᠵᠢᠯᠠᠵᠤ᠂ ᠠᠵᠤ ᠠᠬᠤᠶᠢᠯᠠᠯ ᠤᠨ ᠪᠠᠶᠢᠳᠠᠯ ᠢ ᠣᠶᠢᠯᠠᠭᠠᠨ᠂ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠭᠰᠡᠨ ᠪᠠᠶᠢᠨ᠎ᠠ᠃ ᠡᠭᠦᠨ ᠤ ᠬᠠᠮᠲᠤ᠂ ᠠᠵᠤ ᠠᠬᠤᠶᠢᠯᠠᠯᠲᠠᠨ ᠤᠨ ᠨᠢᠩᠴᠧᠩ ᠰᠢᠶᠠᠨ ᠳᠤ ᠢᠷᠡᠵᠤ ᠰᠢᠨᠵᠢᠯᠡᠨ ᠪᠠᠶᠢᠴᠠᠭᠠᠬᠤ ᠶᠢ ᠢᠳᠡᠪᠬᠢᠲᠡᠢ ᠪᠠᠷ ᠤᠷᠢᠵᠤ᠂ ᠣᠶᠢᠯᠠᠭᠠᠯᠴᠠᠭ᠎ᠠ ᠬᠢᠭᠡᠳ ᠢᠲᠡᠭᠡᠯᠴᠡᠭᠡ ᠪᠠᠨ ᠨᠡᠮᠡᠭᠳᠡᠭᠦᠯᠪᠡ᠃ ᠣᠳᠣᠬᠠᠨ ᠳᠤ᠂ ᠾᠧᠪᠸᠢ ᠮᠤᠵᠢ ᠶᠢᠨ ᠨᠡᠭᠦᠷᠡᠰᠦᠨ ᠤ ᠬᠡᠦᠳᠡᠰᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠬᠦᠢᠳᠡᠨ ᠬᠡᠪᠰᠢᠭᠦᠯᠭᠡᠳᠤ ᠪᠤᠯᠤᠳ᠂ ᠨᠡᠶᠢᠯᠡᠮᠡᠯ ᠪᠤᠷᠳᠤᠭᠤᠷ᠂ ᠬᠤᠭ ᠨᠣᠪᠰᠢ ᠪᠠᠷ ᠴᠠᠬᠢᠯᠭᠠᠨ ᠭᠠᠷᠭᠠᠬᠤ ᠵᠡᠷᠭᠡ ᠤᠯᠠᠨ ᠳᠦᠷᠦᠯ ᠵᠦᠢᠯ ᠲᠠᠢ ᠵᠣᠯᠭᠠᠯᠴᠠᠵᠤ᠂ ᠬᠡᠰᠡᠭ ᠳᠦᠷᠦᠯ ᠵᠦᠢᠯ ᠲᠠᠢ ᠠᠩᠬ᠎ᠠ ᠠᠯᠬᠤᠮ ᠤᠨ ᠭᠡᠷ᠎ᠡ ᠲᠣᠭᠲᠠᠬᠤ ᠰᠠᠨᠠᠮᠵᠢ ᠲᠠᠢ ᠪᠤᠯᠵᠠᠢ᠃    ᠨᠢᠩᠴᠧᠩ ᠰᠢᠶᠠᠨ ᠠᠷᠠᠯᠵᠢᠶ᠎ᠠ ᠶᠢᠨ ᠡᠬᠢ ᠪᠠᠶᠠᠯᠢᠭ ᠢᠶᠠᠷ ᠠᠷᠠᠯᠵᠢᠶᠠᠴᠢᠨ ᠤᠷᠢᠵᠤ᠂ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠢᠶᠠᠷ ᠠᠰᠢᠭᠯᠠᠨ ᠠᠷᠠᠯᠵᠢᠶᠠᠴᠢᠨ ᠤᠷᠢᠵᠤ ᠪᠠᠶᠢᠨ᠎ᠠ᠃ ᠬᠡᠯᠬᠢᠶ᠎ᠠ ᠶᠢ ᠴᠢᠩᠭᠠᠳᠬᠠᠨ ᠦᠷᠭᠦᠯᠵᠢᠯᠡᠭᠦᠯᠵᠤ ᠨᠥᠬᠦᠪᠦᠷᠢᠯᠡᠬᠦ ᠶᠤᠰᠤᠭᠠᠷ ᠣᠷᠴᠢᠯ ᠠᠵᠤ ᠠᠬᠤᠶ ᠶᠢ ᠬᠥᠭᠵᠢᠭᠦᠯᠬᠦ ᠠᠷᠠᠯᠵᠢᠶᠠᠴᠢᠨ ᠤᠷᠢᠬᠤ ᠰᠡᠳᠬᠢᠮᠵᠢ ᠶᠢ ᠬᠦᠭᠵᠢᠭᠦᠯᠦᠨ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠢ ᠨᠡᠭᠦᠷᠡᠰᠦᠨ ᠬᠡᠤᠳᠡᠰᠦ᠂ ᠮᠠᠰᠢᠨ ᠮᠧᠬᠠᠨᠢᠭ ᠢᠶᠠᠷ ᠴᠢᠳᠬᠤᠨ ᠦᠢᠯᠡᠳᠬᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠥᠷᠥᠯ ᠵᠤᠶᠢᠯ ᠲᠠᠢ ᠵᠣᠯᠭᠠᠭᠤᠯᠵᠠᠢ᠃ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠢᠶᠠᠷ ᠠᠰᠢᠭᠯᠠᠨ ᠠᠷᠠᠯᠵᠢᠶᠠᠴᠢᠨ ᠤᠷᠢᠪᠡ᠃ ᠲᠢᠶᠠᠨ ᠱᠧᠩ ᠴᠠᠬᠢᠭᠤᠷ ᠤᠨ ᠦᠢᠯᠡᠰ ᠤᠨ ᠲᠥᠷᠥᠯ ᠵᠦᠢᠯ ᠤᠨ ᠡᠵᠡᠩᠨᠡᠯᠲᠡ ᠠᠨᠠᠢ ᠠᠴᠠ ᠪᠣᠯᠵᠤ ᠡᠭᠦᠳᠡ ᠪᠠᠨ ᠬᠠᠭᠠᠵᠤ᠂  ᠦᠢᠯᠡᠳᠪᠤᠷᠢ ᠶᠢᠨ ᠲᠣᠭᠤᠷᠢᠭ ᠢᠶᠠᠨ ᠰᠤᠯᠠ ᠲᠠᠯᠪᠢᠵᠤ ᠪᠠᠶᠢᠵᠠᠢ᠂ ᠰᠤᠯᠠ ᠪᠠᠶᠢᠭ᠎ᠠ ᠬᠦᠷᠢᠶ᠎ᠡ ᠬᠠᠰᠢᠶ᠎ᠠ ᠶᠢ ᠭᠦᠢᠴᠡᠳ ᠠᠰᠢᠭᠯᠠᠬᠤ ᠶᠢᠨ ᠲᠥᠯᠥᠭᠡ ᠣᠯᠠᠨ ᠤᠳᠠᠭᠠᠨ ᠤ ᠵᠥᠪᠳᠡᠯᠴᠡᠭᠡ ᠬᠢᠵᠤ᠂ ᡂᠢ ᠰᠢᠨ ᠪᠤᠷᠴᠠᠭ ᠤᠨ ᠪᠦᠲᠦᠭᠡᠭᠳᠡᠬᠦᠨ ᠤ ᠲᠥᠷᠥᠯ ᠵᠦᠢᠯ ᠢ ᠠᠮᠵᠢᠯᠲᠠ ᠲᠠᠢ ᠲᠡᠳᠡᠨ ᠣᠷᠣᠭᠤᠯᠵᠤ᠂ ᠳᠠᠷᠠᠭᠠᠴᠢ ᠶᠢᠨ ᠠᠯᠬᠤᠮ ᠳᠤ ᠲᠣᠰ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠵᠣᠬᠢᠴᠠᠭᠤᠯᠤᠨ ᠰᠤᠳᠤᠯᠬᠤ ᠪᠠᠷ ᠪᠤᠢ᠃ ᠪᠠᠰᠠ ᠢᠳᠡᠰᠢᠨ ᠨᠣᠭᠤᠭ᠎ᠠ᠂ ᠵᠢᠮᠢᠰ᠂ ᠦᠬᠡᠷ ᠤᠨ ᠠᠵᠤ  ᠦᠢᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠪᠠ᠃ ᠢᠳᠡᠰᠢᠨ ᠨᠣᠭᠤᠭ᠎ᠠ ︵ᠢᠳᠡᠰᠢᠨ ᠤ ᠮᠥᠭᠦ︶᠂ ᠵᠢᠮᠢᠰ ᠪᠠ ᠡᠯᠳᠡᠪ ᠠᠮᠤ ᠶᠢ ᠨᠠᠷᠢᠯᠢᠭ ᠡᠳ᠋ᠰᠢᠭᠦᠯᠬᠦ ᠵᠡᠷᠭᠡ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠤᠯᠠᠷᠢᠭᠤᠯᠬᠤ ᠨᠣᠷᠮ᠎ᠠ ᠪᠠ ᠨᠡᠮᠡᠯᠲᠡ ᠥᠷᠲᠡᠭ ᠢ ᠳᠡᠭᠡᠭᠰᠢᠯᠡᠭᠦᠯᠬᠦ‍ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠭᠰᠡᠨ ᠲᠥᠷᠥᠯ ᠵᠦᠢᠯ ᠢ ᠣᠷᠣᠭᠤᠯᠤᠨ ᠠᠪᠴᠢᠷᠠᠭᠰᠠᠨ ᠪᠠᠶᠢᠨ᠎ᠠ᠃ ᠵᠢᠭᠤᠯᠴᠢᠯᠠᠯ ᠤᠨ ᠡᠬᠢ ᠪᠠᠶᠠᠯᠢᠭ᠂ ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡ ᠵᠡᠷᠭᠡ ᠶᠢᠨ ᠲᠤᠭᠤᠷᠢᠨ ᠳᠤ ᠨᠢᠭᠡ ᠪᠦᠯᠦᠭ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠢ ᠲᠡᠳᠡᠨ ᠤᠷᠤᠭᠤᠯᠪᠡ᠃ ︵ ᠢᠷᠡᠯᠲᠡ᠄ ᠤᠯᠠᠭᠠᠨᠬᠠᠳᠠ ᠶᠢᠨ ᠮᠣᠩᠭᠤᠯ ᠡᠳᠤᠷ ᠤᠨ ᠰᠤᠨᠢᠨ︶
 
ᠢᠷᠡᠯᠲᠡ᠄ ᠤᠯᠠᠭᠠᠨᠬᠠᠲᠠ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号