| ᠤᠢᠢᠷ᠎ᠠ ᠶᠢᠨ ᠬᠡᠳᠦᠨ ᠡᠳᠦᠷ᠂ ᠨᠢᠩᠴᠧᠩ ᠰᠢᠶᠠᠨ ᠤ ᠲᠤᠤᠷ᠎ᠠ ᠬᠤᠷᠤᠭ᠎ᠠ ᠪᠠᠯᠭᠠᠰᠤᠨ ᠤ ᠨᠢᠩ ᠨᠠᠨ | ᠲᠣᠰᠬᠤᠨ ᠤ ᠶᠠᠳᠠᠭᠤ ᠬᠦᠴᠢᠷ ᠲᠠᠢ ᠡᠷᠦᠬᠡ ᠴᠧᠨ ᠰᠢᠤ ᡁᠢ ᠢᠳᠡᠰᠢᠨ ᠨᠣᠭᠤᠭ᠎ᠠ ᠶᠢᠨ ᠬᠦᠯᠡᠮᠵᠢ ᠳᠤ ᠶᠠᠭᠠᠷᠠᠨ᠂ | ᠥᠷᠭᠡᠰᠦᠲᠦ ᠬᠡᠮᠬᠡ ᠪᠠᠨ ᠵᠠᠬ᠎ᠠ ᠳᠡᠯᠭᠡᠭᠦᠷ ᠲᠤ ᠭᠠᠷᠭᠠᠬᠤ ᠭᠡᠵᠦ ᠪᠠᠶᠢᠲᠠᠯ᠎ᠠ ᠬᠠᠷᠢᠨ ᠰᠢᠷ᠎ᠠ ᠲᠣᠯᠪᠤ ᠡᠪᠡᠳᠴᠢᠨ | ᠲᠤᠰᠴᠤ᠂ ᠡᠨᠡ ᠨᠢ ᠲᠡᠳᠡᠨ ᠤ ᠨᠢᠭᠡ ᠭᠡᠷ ᠤᠨ ᠬᠢᠨ ᠢ ᠮᠠᠰᠢ ᠪᠠᠴᠢᠮᠳᠠᠭᠤᠯᠵᠠᠢ᠃ ᠲᠡᠷᠡ ᠶᠠᠭ ᠠᠷᠭ᠎ᠠ ᠮᠤᠬᠤᠷᠳᠠᠵᠤ | ᠪᠠᠶᠢᠬᠤ ᠦᠶ᠎ᠡ ᠳᠤ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠲᠠᠳᠠᠨ ᠤ ᠢᠳᠡᠰᠢᠨ ᠨᠣᠭᠤᠭ᠎ᠠ ᠶᠢᠨ ᠬᠦᠯᠡᠮᠵᠢ ᠳᠤ ᠢᠷᠡᠵᠦ᠂ ᠰᠢᠷ᠎ᠠ ᠲᠤᠯᠪᠤ ᠶᠢᠨ | ᠡᠪᠡᠳᠴᠢᠨ ᠢ ᠵᠠᠰᠠᠬᠤ ᠡᠮ ᠬᠦᠷᠭᠡᠭᠰᠡᠨ ᠪᠦᠬᠡᠳ ᠪᠠᠰᠠ ᠥᠷᠭᠡᠰᠦᠲᠦ ᠬᠡᠮᠬᠡ ᠶᠢᠨ ᠭᠤᠤᠯ ᠪᠣᠯᠬᠤ ᠡᠪᠡᠳᠴᠢᠨ | ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠷᠭ᠎ᠠ ᠶᠢ ᠨᠠᠷᠢᠨ ᠲᠠᠶᠢᠯᠪᠤᠷᠢᠯᠠᠵᠤ ᠦᠭᠬᠦᠭᠰᠡᠨ ᠪᠠᠶᠢᠨ᠎ᠠ᠃ ᠴᠧᠨ | ᠰᠢᠤ ᡁᠢ᠄ ︽ᠲᠠᠳᠠ ᠢᠷᠡᠭᠰᠡᠨ ᠳᠤ ᠪᠠᠨ ᠪᠤᠯᠵᠠᠢ᠂ ᠡᠰᠡ ᠲᠡᠭᠡᠪᠡᠯ ᠣᠲᠣ ᠶᠢᠨ ᠥᠷᠭᠡᠰᠦᠲᠦ ᠬᠡᠮᠬᠡ ᠶᠢᠨ ᠵᠢᠩ | ᠪᠦᠷᠢ 1.5 ᠲᠥᠭᠦᠷᠢᠭ ᠤᠨ ᠦᠨ᠎ᠡ ᠪᠠᠷ ᠪᠤᠳᠤᠪᠠᠯ᠂ ᠪᠢ 10 ᠭᠠᠷᠤᠶ ᠲᠦᠮᠡᠨ ᠲᠥᠭᠦᠷᠢᠭ ᠠᠯᠳᠠᠬᠤ ᠪᠣᠯᠤᠨ᠎ᠠ᠂ | ᠡᠨᠡ ᠵᠢᠯ ᠬᠦᠴᠦ ᠬᠦᠯᠦᠰᠦ ᠪᠠᠨ ᠲᠠᠯᠠᠭᠠᠷ ᠪᠠᠷᠠᠬᠤ ᠪᠤᠯᠤᠨ᠎ᠠ︾ ᠭᠡᠵᠦ ᠶᠠᠷᠢᠵᠤ ᠪᠠᠶᠢᠯ᠎ᠠ᠃ | ︽ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ | ᠥᠷᠨᠢᠭᠦᠯᠦᠭᠰᠡᠨ ᠠᠴᠠ ᠨᠠᠭᠠᠰᠢ᠂ ᠨᠢᠩᠴᠧᠩ ᠰᠢᠶᠠᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ | ᠲᠤᠰᠠ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠰᠠᠶᠢᠨ ᠶᠠᠪᠤᠳᠠᠯ ᠢ ᠦᠨᠡᠨ ᠬᠦ ᠪᠣᠳᠠᠲᠠᠢ ᠬᠢᠵᠦ᠂ ᠪᠣᠳᠠᠲᠠᠢ | ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠰᠡᠳᠬᠢᠯ ᠳᠤ ᠰᠠᠭᠤᠭᠳᠠᠲᠠᠯᠠ ᠬᠢᠵᠡᠢ᠃ | ᠨᠢᠬᠡᠳᠦᠭᠡᠷ ᠹᠷᠣᠨᠲ ᠲᠤ ᠭᠦᠨᠵᠡᠭᠡᠶᠢᠷᠡᠨ᠂ ᠣᠯᠠᠨ ᠲᠦᠮᠡᠨ ᠤ ᠬᠦᠴᠢᠷ ᠠᠰᠠᠭᠤᠳᠠᠯ ᠢ ᠤᠯᠠᠨ ᠰᠢᠢᠳᠪᠤᠷᠢᠯᠡᠪᠡ᠃ | | ︽ᠬᠠᠮᠤᠭ ᠤᠨ ᠬᠦᠴᠢᠷ ᠲᠠᠢ ᠣᠯᠠᠨ ᠲᠦᠮᠡᠨ ᠠᠴᠠ ᠭᠠᠷᠳᠠᠵᠤ᠂ ᠬᠠᠮᠤᠭ ᠤᠨ ᠲᠣᠪᠤᠶᠢᠮ᠎ᠠ ᠠᠰᠠᠭᠤᠳᠠᠯ ᠠᠴᠠ | ᠡᠬᠢᠯᠡᠨ ᠠᠳᠬᠤᠬᠤ ᠬᠡᠷᠡᠭᠲᠡᠶ᠂ ᠬᠠᠰᠢ ᠶᠠᠰᠢ ᠪᠠᠷ ᠥᠩᠭᠡᠷᠡᠭᠡᠵᠦ ᠪᠣᠯᠬᠤ ᠥᠬᠡᠶ᠂ ᠠᠷᠠᠳ ᠣᠯᠠᠨ ᠤ ᠰᠡᠳᠬᠢᠯ | ᠵᠣᠪᠠᠵᠤ ᠪᠠᠶᠢᠭ᠎ᠠ ᠶᠠᠪᠤᠳᠠᠯ ᠢ ᠦᠨᠡᠨ ᠬᠦ ᠰᠢᠢᠳᠪᠤᠷᠢᠯᠡᠬᠦ ᠬᠡᠷᠡᠭᠲᠡᠶ︾᠃ ︽ᠨᠠᠮ ᠤᠨ ᠭᠡᠰᠢᠭᠦᠨ ᠺᠠᠳ᠋ᠷ ᠲᠦᠷᠦᠭᠦᠯᠡᠨ | ᠠᠶᠢᠯ ᠡᠷᠦᠬᠡ ᠪᠠᠷ ᠭᠦᠨᠵᠡᠭᠡᠶᠢᠷᠡᠵᠦ᠂ ᠣᠯᠠᠨ ᠲᠦᠮᠡᠨ ᠲᠠᠢ ᠨᠢᠭᠤᠷᠳᠠᠪᠠᠯ ᠰᠠᠶ᠋ᠢ ᠣᠯᠠᠨ ᠲᠦᠮᠡᠨ ᠤ ᠬᠦᠰᠡᠯ | ᠪᠣᠳᠣᠯ ᠢ ᠣᠶᠢᠯᠠᠭᠠᠵᠤ ᠴᠢᠳᠠᠨ᠎ᠠ︾᠃ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠪᠠᠶᠢᠴᠠᠭᠠᠨ ᠰᠤᠳᠤᠯᠤᠯᠲᠠ | ᠬᠢᠬᠦ ᠦᠶ᠎ᠡ ᠶᠢᠨ ᠦᠭᠡ ᠶᠠᠷᠢᠶ᠎ᠠ ᠨᠢ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠰᠡᠳᠬᠢᠯ ᠳᠤ | ᠰᠠᠭᠤᠭᠳᠠᠪᠠ᠃ | ᠨᠢᠩᠴᠧᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠳᠡᠭᠡᠳᠦ | ᠱᠠᠲᠤ ᠨᠢ ᠳᠤᠤᠷᠠᠳᠤ ᠱᠠᠲᠤ ᠪᠠᠨ ᠳᠠᠭᠠᠭᠤᠯᠬᠤ᠂ ᠪᠡᠶ᠎ᠡ ᠪᠠᠷ ᠢᠶᠠᠨ ᠬᠡᠪ ᠲᠦᠷᠢᠮ ᠪᠣᠯᠬᠤ ᠶᠢ ᠪᠠᠷᠢᠮᠲᠠᠯᠠᠵᠤ᠂ | ᠠᠷᠠᠳ ᠤᠨ ᠪᠠᠶᠢᠳᠠᠯ ᠢ ᠪᠠᠶᠢᠴᠠᠭᠠᠨ ᠠᠷᠠᠳ ᠤᠨ ᠰᠠᠨᠠᠭ᠎ᠠ ᠶᠢ ᠣᠶᠢᠯᠠᠭᠠᠵᠤ᠂ ᠦᠨᠳᠦᠰᠦᠨ ᠱᠠᠲᠤᠨ ᠳᠤ | ᠭᠦᠨᠵᠡᠭᠡᠶᠢᠷᠡᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠣᠳᠠᠲᠤ | ᠶᠠᠪᠤᠳᠠᠯ ᠬᠢᠬᠦ᠂ ᠲᠠᠷᠢᠶᠠᠴᠢᠨ ᠡᠷᠦᠬᠡ ᠳᠤ ᠭᠦᠨᠵᠡᠭᠡᠶᠢᠷᠡᠨ ᠬᠦᠴᠢᠷ ᠠᠰᠠᠭᠤᠳᠠᠯ ᠢ ᠰᠢᠢᠳᠪᠤᠷᠢᠯᠡᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠨᠠᠮ ᠤᠨ ᠡᠭᠦᠷ ᠢᠶᠠᠷ ᠨᠠᠮ ᠤᠨ ᠪᠠᠶᠢᠭᠤᠯᠤᠯᠲᠠ ᠶᠢ ᠠᠬᠢᠭᠤᠯᠬᠤ᠂ ᠪᠠᠶᠢᠭᠤᠯᠭ᠎ᠠ ᠳᠤ | ᠭᠦᠨᠵᠡᠭᠡᠶᠢᠷᠡᠨ ᠬᠥᠭᠵᠢᠯᠲᠡ ᠶᠢ ᠠᠳᠬᠤᠬᠤ᠂ ᠠᠵᠤ ᠠᠬᠤᠶᠢᠯᠠᠯ ᠳᠤ ᠭᠦᠨᠵᠡᠭᠡᠶᠢᠷᠡᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ ︽ᠵᠢᠷᠭᠤᠭ᠎ᠠ ᠶᠢ ᠠᠬᠢᠭᠤᠯᠬᠤ︾ ᠦᠢᠯᠡᠳᠦᠯᠭᠡ ᠶᠢᠨ ᠠᠵᠢᠯᠯᠠᠭ᠎ᠠ ᠶᠢ ᠠᠬᠢᠭᠤᠯᠵᠤ᠂ | ᠢᠯᠡᠳᠲᠡ ᠦᠷ᠎ᠡ ᠪᠦᠲᠦᠮᠵᠢ ᠣᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠪᠦᠲᠦᠮᠵᠢᠲᠡᠶ ᠠᠬᠢᠭᠤᠯᠪᠠ᠃ 3 ᠰᠠᠷ᠎ᠠ ᠠᠴᠠ ᠨᠠᠭᠠᠰᠢ᠂ ᠰᠢᠶᠠᠨ ᠤ ᠭᠠᠵᠠᠷ ᠤᠨ ᠲᠡᠰ ᠤᠨ | ᠤᠳᠤᠷᠢᠳᠤᠯᠭ᠎ᠠ ᠤᠷᠢᠳ ᠬᠤᠵᠢᠳ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠰᠤᠷᠭᠠᠭᠤᠯᠢ | ᠵᠡᠷᠭᠡ ᠦᠨᠳᠦᠰᠦᠨ ᠱᠠᠲᠤᠨ ᠳᠤ ᠭᠦᠨᠵᠡᠭᠡᠶᠢᠷᠡᠵᠦ᠂ 100 ᠭᠠᠷᠤᠢ ᠤᠳᠠᠭ᠎ᠠ ᠪᠠᠶᠢᠴᠠᠭᠠᠨ ᠰᠤᠳᠤᠯᠵᠤ ᠵᠢᠭᠠᠨ | ᠵᠢᠯᠣᠭᠤᠳᠴᠤ᠂ ᠠᠷᠠᠳ ᠤᠨ ᠠᠮᠢᠳᠤᠷᠠᠯ ᠳᠤ ᠬᠤᠯᠪᠤᠬᠳᠠᠬᠤ 300 ᠭᠠᠷᠤᠢ ᠪᠣᠳᠠᠲᠤ ᠶᠠᠪᠤᠳᠠᠯ ᠢ ᠰᠢᠢᠳᠪᠦᠷᠢᠯᠡᠵᠦ᠂ | ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ ᠠᠷᠠᠳ ᠤᠨ ᠠᠮᠢᠳᠤᠷᠠᠯ ᠳᠤ ᠬᠤᠯᠪᠤᠬᠳᠠᠬᠤ ᠲᠦᠮᠡ ᠭᠠᠷᠤᠢ ᠪᠣᠳᠠᠲᠤ | ᠶᠠᠪᠤᠳᠠᠯ ᠢ ᠬᠢᠪᠡ᠃ | ᠪᠣᠳᠠᠲᠠᠶ ᠠᠵᠢᠯᠯᠠᠨ ᠠᠷᠠᠳ ᠲᠤ ᠠᠰᠢᠭ ᠬᠦᠷᠲᠡᠭᠡᠨ ᠪᠣᠳᠠᠲᠤ ᠶᠠᠪᠤᠳᠠᠯ ᠢ ᠭᠦᠢᠴᠡᠳᠭᠡᠬᠦ ᠬᠤᠷᠳᠤᠴᠠ ᠶᠢ | ᠲᠦᠷᠭᠡᠳᠬᠡᠪᠡ᠃ | ︽ᠬᠡᠦᠬᠡᠨ ᠮᠢᠨᠢ᠂ ᠲᠠ ᠨᠠᠷ ᠲᠤ ᠲᠣᠩ ᠶᠡᠭᠡ ᠲᠠᠯᠠᠷᠬᠠᠵᠤ ᠪᠠᠶᠢᠨ᠎ᠠ᠂ ᠲᠠ ᠨᠠᠷ ᠢᠷᠡᠬᠦ ᠦᠭᠡᠢ ᠪᠣᠯ ᠪᠢ ᠪᠠᠰᠠ | ᠡᠨᠡ ᠤᠴᠢᠷ ᠤᠨ ᠲᠥᠯᠥᠭᠡ ᠰᠠᠨᠠᠭ᠎ᠠ ᠵᠣᠪᠠᠨ᠎ᠠ ᠰᠢᠤ᠂ ᠲᠠ ᠨᠠᠷ ᠦᠨᠡᠬᠡᠷ ᠨᠢᠭᠡᠨ ᠰᠠᠶᠢᠨ ᠶᠠᠪᠤᠳᠠᠯ ᠬᠢᠯ᠎ᠡ︾᠃ ᠡᠨᠡ | ᠪᠣᠯ ᠪᠠᠷᠠᠬᠠᠨ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠭᠡᠰᠢᠭᠦᠨ ᠠᠴᠠ ᠥᠨᠳᠥᠷ ᠨᠠᠰᠤᠲᠠᠶ᠂ ᠬᠦᠨᠳᠦ | ᠡᠪᠡᠳᠴᠢᠨ ᠲᠠᠢ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠰᠢᠯᠲᠠᠭᠠᠨ ᠠᠴᠠ ᠪᠣᠯᠵᠣ ᠣᠷᠣᠰᠢᠨ ᠰᠠᠭᠤᠬᠤ | ᠭᠡᠷᠡᠴᠢᠯᠡᠯᠲᠡ ᠬᠢᠵᠦ ᠳᠡᠶᠢᠯᠬᠦ ᠥᠬᠡᠶ ᠨᠠᠰᠤᠲᠠᠨ ᠤ ᠬᠡᠷ ᠲᠤ ᠨᠢ ᠬᠦᠷᠴᠦ ᠦᠢᠯᠡᠴᠢᠯᠡᠬᠦ ᠦᠶ᠎ᠡ ᠶᠢᠨ ᠦᠵᠡᠭᠳᠡᠯ | ᠪᠣᠯᠤᠨ᠎ᠠ᠃ | ᠠᠷᠠᠳ ᠲᠤ ᠠᠰᠢᠭ ᠲᠠᠢ ᠶᠠᠪᠤᠳᠠᠯ ᠢ ᠵᠠᠪᠠᠯ ᠰᠠᠶᠢᠳᠦᠷ ᠬᠢᠬᠦ ᠬᠡᠷᠡᠭᠲᠡᠢ᠃ ᠨᠢᠩᠴᠧᠩ ᠰᠢᠶᠠᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠠᠰᠠᠭᠤᠳᠠᠯ ᠰᠢᠢᠳᠪᠦᠷᠢᠯᠡᠬᠦ ᠲᠠᠢ ᠤᠶᠠᠯᠳᠤᠭᠤᠯᠬᠤ ᠶᠢ | ᠪᠠᠷᠢᠮᠲᠠᠯᠠᠵᠤ᠂ ᠰᠤᠷᠤᠯᠴᠠᠯᠭ᠎ᠠ ᠪᠠ ᠠᠵᠢᠯ ᠠᠴᠠ ᠭᠠᠷᠳᠠᠵᠤ᠂ ᠪᠣᠳᠠᠲᠤ ᠶᠠᠪᠤᠳᠠᠯ ᠢ ᠰᠢᠢᠳᠪᠦᠷᠢᠯᠡᠬᠦ ᠬᠤᠷᠳᠤᠴᠠ ᠶᠢ | ᠲᠦᠷᠭᠡᠳᠬᠡᠪᠡ᠃ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠣᠯᠠᠨ ᠲᠦᠮᠡᠨ ᠤ | ᠦᠢᠯᠡᠳᠪᠤᠷᠢᠯᠡᠯ᠂ ᠠᠮᠢᠳᠤᠷᠠᠯ ᠤᠨ ᠳᠤᠮᠳᠠᠬᠢ ︽ᠰᠠᠨᠳᠤᠷᠴᠤ᠂ ᠬᠦᠴᠢᠷᠳᠠᠵᠤ᠂ ᠵᠤᠪᠠᠨᠢᠵᠤ᠂ ᠬᠦᠰᠡᠵᠤ︾ ᠪᠠᠶᠢᠭ᠎ᠠ | ᠠᠰᠠᠭᠤᠳᠠᠯ ᠢ ᠰᠢᠶ᠋ᠳᠪᠦᠷᠢᠯᠡᠬᠦ ᠪᠠᠷ ᠭᠤᠤᠯᠯᠠᠭᠤᠯᠤᠨ᠂ ᠮᠡᠷᠭᠡᠵᠢᠯ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ᠂ ᠠᠮᠤᠷ | ᠲᠦᠪᠰᠢᠨ ᠬᠦᠷᠭᠡᠬᠦ᠂ ᠮᠡᠳᠡᠯᠭᠡ ᠬᠦᠷᠭᠡᠬᠦ᠂ ᠡᠷᠡᠭᠦᠯ ᠮᠡᠨᠳᠦ ᠬᠦᠷᠭᠡᠬᠦ ᠪᠠᠷ ᠭᠤᠤᠯ ᠠᠭᠤᠯᠭ᠎ᠠ ᠪᠣᠯᠭᠠᠭᠰᠠᠨ ︽ | ᠲᠠᠪᠤ ᠶᠢ ᠬᠦᠷᠭᠡᠬᠦ︾ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠲᠡᠦᠬᠡ ᠶᠢᠨ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠣᠯᠠᠨ ᠲᠦᠮᠡᠨ ᠤ ᠬᠦᠴᠢᠷ ᠶᠠᠪᠤᠳᠠᠯ ᠢ ᠰᠢᠢᠳᠪᠤᠷᠢᠯᠡᠬᠦ᠂ ᠪᠣᠳᠠᠲᠤ | ᠶᠠᠪᠤᠳᠠᠯ ᠬᠢᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃ ᠣᠳᠣᠬᠠᠨ ᠪᠣᠯᠲᠠᠯ᠎ᠠ᠂ ︽ᠲᠠᠪᠤ ᠶᠢ ᠬᠦᠷᠭᠡᠬᠦ | ︾ ᠦᠢᠯᠡᠴᠢᠯᠡᠭᠡᠨ ᠤ ᠠᠵᠢᠯᠯᠠᠭ᠎ᠠ ᠶᠢ ᠨᠡᠶᠢᠲᠡ 322 ᠤᠳᠠᠭ᠎ᠠ ᠬᠡᠷᠡᠭᠵᠢᠭᠦᠯᠵᠦ᠂ 5896 ᠨᠠᠮ ᠤᠨ ᠭᠡᠰᠢᠭᠦᠨ ᠺᠠᠳ᠋ᠷ | ᠣᠷᠣᠯᠴᠠᠵᠤ᠂ 2 ᠲᠦᠮᠡ ᠭᠠᠷᠤᠶ ᠣᠯᠠᠨ ᠲᠦᠮᠡᠨ ᠳᠤ ᠰᠢᠭᠤᠳ ᠠᠰᠢᠭ ᠬᠦᠷᠲᠡᠭᠡᠵᠦ᠂ ᠨᠠᠮ ᠤᠨ ᠭᠡᠰᠢᠭᠦᠨ ᠺᠠᠳ᠋ᠷ | ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ | ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠷᠠᠳ ᠤᠨ ᠠᠮᠢᠳᠤᠷᠠᠯ ᠤᠨ ᠲᠥᠷᠥᠯ ᠵᠣᠶᠢᠯ ᠤᠨ | ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠪᠡ᠃ | ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠪᠥᠬᠦ | ᠲᠠᠯ᠎ᠠ ᠪᠠᠷ ᠥᠷᠨᠢᠬᠦ ᠶᠢ ᠳᠠᠭᠠᠯᠳᠤᠨ᠂ ᠰᠢᠶᠠᠨ ᠤ ᠵᠠᠰᠠᠭ ᠤᠨ ᠣᠷᠳᠣᠨ᠂ ᠰᠢᠶᠠᠨ ᠤ ᠵᠠᠮ ᠬᠠᠷᠢᠯᠴᠠᠭᠠᠨ ᠤ | ᠲᠣᠪᠴᠢᠶ᠎ᠠ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠤᠶᠢᠯ ᠢ ᠰᠠᠨᠠᠭᠠᠴᠢᠯᠠᠭ᠎ᠠ ᠠᠴᠠ ᠪᠠᠨ ᠲᠠᠨᠢᠨ | ᠠᠪᠴᠤ᠂ ᠬᠤᠷᠬᠤᠭ ᠪᠠᠯᠭᠠᠰᠤᠨ ᠤ ᠵᠠᠰᠠᠭ ᠤᠨ ᠣᠷᠳᠣᠨ ᠲᠠᠢ ᠬᠠᠮᠲᠤᠷᠠᠨ ᠬᠠᠷᠢᠶᠠᠲᠤ ᠣᠷᠣᠨ ᠳᠠᠬᠢ ᠡᠪᠳᠡᠭᠳᠡᠭᠰᠡᠨ | ᠵᠠᠮ ᠢ ᠵᠠᠰᠠᠪᠠ᠃ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠵᠦᠶ᠋ᠯ ᠢ ᠲᠠᠨᠢᠵᠤ ᠠᠪᠤᠭᠰᠠᠨ ᠨᠠᠷᠢᠨ ᠲᠠᠩᠰᠠ ᠶᠢ | ᠬᠠᠷᠠᠭᠠᠳ᠂ ᠳᠠᠯ᠎ᠠ ᠰᠢᠬᠠᠭᠰᠠᠨ ᠠᠬᠠᠮᠠᠳ ᠨᠠᠮ ᠤᠨ ᠭᠡᠰᠢᠭᠦᠨ ᠯᠢ ᠢᠦᠶ ᠱᠠᠨ ᠰᠠᠨᠠᠭᠠᠴᠢᠯᠠᠭ᠎ᠠ ᠠᠴᠠ ᠪᠠᠨ ᠵᠠᠮ | ᠵᠠᠰᠠᠬᠤ ᠠᠵᠢᠯ ᠳᠤ ᠣᠷᠣᠯᠴᠠᠪᠠ᠂ ᠲᠡᠷᠡ᠄ ︽ᠪᠢ ᠪᠣᠯ ᠨᠢᠭᠡᠨ ᠨᠠᠮ ᠤᠨ ᠭᠡᠰᠢᠭᠦᠨ ᠮᠥᠨ᠂ ᠴᠢᠳᠠᠯ ᠤᠨ | ᠬᠢᠷᠢ ᠪᠠᠷ ᠢᠶᠠᠨ ᠴᠢᠷᠮᠠᠶᠢᠵᠤ᠂ ᠠᠷᠠᠳ ᠲᠦᠮᠡᠨ ᠳᠤ ᠦᠨᠡᠨ ᠬᠦ ᠰᠠᠶᠢᠨ ᠶᠠᠪᠤᠳᠠᠯ᠂ ᠪᠣᠳᠠᠲᠠᠶ ᠠᠵᠢᠯ ᠬᠢᠵᠤ ᠦᠭᠬᠦᠨ᠎ᠠ | ︾ ᠬᠡᠵᠠᠢ᠃ ᠯᠢ ᠢᠦᠢ ᠱᠠᠨ ᠤ ᠲᠠᠭᠠᠭᠤᠯᠭ᠎ᠠ ᠳᠣᠣᠷ᠎ᠠ᠂ ᠮᠠᠰᠢ ᠤᠯᠠᠨ ᠨᠠᠮ ᠤᠨ ᠭᠡᠰᠢᠭᠦᠨ ᠠᠯᠪᠠᠨ ᠵᠢᠷᠤᠮ ᠤᠨ ᠵᠠᠮ | ᠵᠠᠰᠠᠬᠤ ᠡᠩᠨᠡᠭᠡ ᠳᠤ ᠢᠳᠡᠪᠬᠢᠲᠡᠢ ᠣᠷᠣᠯᠴᠠᠵᠤ᠂ ︽ᠰᠡᠳᠬᠢᠯ ᠵᠣᠪᠠᠳᠠᠭ ᠵᠠᠮ︾ ᠢ ᠦᠨᠡᠨ ᠬᠦ ︽ᠰᠡᠳᠬᠢᠯ | ᠬᠤᠯᠪᠣᠬᠤ ᠵᠠᠮ︾ ᠪᠣᠯᠭᠠᠵᠠᠢ᠃ | ᠨᠠᠮ ᠤᠨ ᠲᠡᠦᠬᠡ ᠶᠢ ᠰᠤᠷᠤᠯᠴᠠᠵᠤ᠂ ᠠᠷᠠᠳ ᠤᠨ ᠲᠥᠯᠥᠭᠡ ᠪᠣᠳᠠᠲᠠᠢ ᠠᠵᠢᠯᠯᠠᠬᠤ ᠬᠡᠷᠡᠭᠲᠡᠢ᠃ ᠨᠢᠩᠴᠧᠩ | ᠰᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ | ᠤᠶᠠᠯᠳᠤᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ | ᠶᠡᠭᠡ ᠪᠠᠷ ᠬᠡᠷᠡᠭᠵᠢᠭᠦᠯᠵᠦ᠂ ︽ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ | ᠠᠵᠢᠯᠯᠠᠭ᠎ᠠ ᠶᠢᠨ ᠦᠷ᠎ᠡ ᠪᠦᠲᠦᠮᠵᠢ ᠤᠯᠬᠤ ᠶᠢ ᠠᠬᠢᠭᠤᠯᠪᠠ᠃ ᠪᠦᠬᠦ ᠰᠢᠶᠠᠨ ᠤ 29 ᠭᠤᠣᠯᠳᠠᠯᠭ᠎ᠠ ᠲᠠᠢ ᠲᠦᠷᠦᠯ | ᠵᠦᠢᠯ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠪᠡ᠃ ᠲᠡᠭᠡᠷ᠎ᠡ ᠬᠤᠷᠤᠭ᠎ᠠ ᠶᠢᠨ ᠤᠶᠤᠨᠲᠤ | ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ᠂ ᠰᠢᠷᠭᠤᠯᠵᠢ ᠶᠢᠨ ᠠᠭᠤᠯᠠᠨ ᠤ ᠠᠮᠢ ᠠᠬᠤᠢ ᠶᠢᠨ | ᠵᠠᠰᠠᠯᠲᠠ ᠶᠢᠨ ᠲᠥᠷᠥᠯ ᠵᠦᠢᠯ᠂ ᠱᠧᠩ ᠴᠢᠤᠸᠠᠨ ᠣᠨᠴᠠᠯᠢᠭᠲᠤ ᠵᠢᠵᠢᠭ ᠪᠠᠯᠭᠠᠰᠤ ᠵᠡᠷᠭᠡ ᠪᠠᠶᠢᠭᠤᠯᠵᠤ ᠪᠠᠶᠢᠭ᠎ᠠ | ᠲᠥᠷᠥᠯ ᠵᠦᠢᠯ ᠤᠨ ᠠᠵᠢᠯ ᠢᠶᠠᠨ ᠪᠦᠬᠦ ᠲᠠᠯ᠎ᠠ ᠪᠠᠷ ᠰᠡᠷᠭᠦᠭᠡᠵᠦ ᠬᠤᠷᠳᠤᠴᠠ ᠪᠠᠨ ᠲᠦᠷᠭᠡᠳᠬᠡᠪᠡ᠃ ᠠᠷᠠᠯᠵᠢᠶᠠᠴᠢᠨ | ᠤᠷᠢᠵᠤ ᠪᠠᠯᠠ ᠣᠷᠣᠭᠤᠯᠤᠭᠰᠠᠨ ᠠᠵᠤ ᠦᠶ᠋ᠯᠡᠳᠪᠦᠷᠢ ᠶᠢᠨ ᠲᠥᠷᠥᠯ ᠵᠤᠶᠢᠯ 9 ᠪᠣᠶ᠃ 508 ᠤᠯᠤᠰ ᠤᠨ | ᠵᠠᠮ ᠤᠨ ᠲᠤᠤᠷ᠎ᠠ ᠬᠤᠷᠤᠭ᠎ᠠ ᠪᠠᠯᠭᠠᠰᠤ ᠠᠴᠠ ᠫᠢᠩ ᠴᠢᠤᠸᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ | ᠰᠢᠨ᠎ᠡ ᠪᠠᠷ 56 ᠺᠢᠯᠣᠮᠧᠲᠷ ᠵᠠᠰᠠᠪᠠ᠃ ᠲᠤᠤᠷ᠎ᠠ ᠬᠤᠷᠤᠭ᠎ᠠ ᠪᠠᠯᠭᠠᠰᠤᠨ ᠤ ᠬᠤᠸᠠ ᠴᠧᠨ ᠨᠠᠰᠤᠲᠠᠨ ᠢ ᠠᠰᠠᠷᠠᠬᠤ | ᠬᠦᠷᠢᠶᠡᠯᠡᠩ ᠳᠤ ᠨᠠᠰᠤᠵᠢᠯ ᠤᠨ ᠠᠰᠠᠷᠠᠮᠵᠢ ᠶᠢᠨ ᠣᠷᠣ ᠶᠢ ᠰᠢᠨ᠎ᠡ ᠪᠠᠷ 100 ᠨᠡᠮᠡᠭᠳᠡᠬᠦᠯᠪᠠ᠃ | ︽ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠪᠡᠯ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ | ᠨᠠᠮ ᠤᠨ ᠲᠡᠦᠬᠡ ᠶᠢᠨ ᠰᠤᠷᠤᠯᠴᠠᠯᠭ᠎ᠠ ᠳᠤᠮᠳᠠ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠠᠷᠠᠳ ᠲᠦᠮᠡᠨ ᠤ | ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠᠨ ᠲᠠᠰᠤᠷᠠᠯᠳᠠ ᠦᠭᠡᠢ ᠴᠢᠩᠭᠠᠳᠬᠠᠵᠤ᠂ ᠤᠯᠠᠨ ᠲᠦᠮᠡᠨ ᠤ ᠪᠤᠳᠤᠵᠤ | ᠪᠠᠶᠢᠭ᠎ᠠ ᠵᠦᠢᠯ ᠢ ᠪᠣᠳᠣᠯᠬᠢᠯᠠᠵᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠵᠦᠢᠯ ᠳᠤ ᠰᠠᠨᠠᠭᠠᠰᠢᠷᠠᠵᠤ᠂ ᠤᠯᠠᠨ | ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠤᠯᠠᠨ ᠲᠦᠮᠡᠨ ᠤ ︿ᠰᠠᠨᠳᠤᠷᠴᠤ᠂ ᠬᠦᠴᠢᠷᠳᠠᠵᠤ᠂ | ᠵᠤᠪᠠᠨᠢᠵᠤ᠂ ᠬᠦᠰᠡᠵᠤ﹀ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠰᠠᠶᠢᠲᠤᠷ ᠬᠢᠬᠦ ᠳᠤᠮᠳᠠ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ | ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠤᠨ᠎ᠠ︾ ᠬᠡᠵᠤ ᠨᠢᠩᠴᠧᠩ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠪᠠᠢ ᠴᠤᠸᠠᠨ ᠰᠤᠷᠪᠤᠯᠵᠢᠯᠠᠭ᠎ᠠ ᠳᠤ | ᠶᠠᠷᠢᠵᠤ ᠪᠠᠶᠢᠪᠠ᠃ ︵ᠮᠧᠩ ᠵᠢᠩ ᠬᠠᠩ︶ |