ᠶᠡᠭᠡ ᠵᠦᠩ ᠰᠢᠶᠠᠩ᠄ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠲᠥᠪ ᠶᠣᠰᠦ ᠶᠢ ᠪᠠᠷᠢᠮᠲᠠᠯᠠᠬᠤ ᠲᠤᠮᠳᠠ ᠰᠢᠨ᠎ᠡ ᠶᠢ ᠡᠭᠦᠳᠴᠦ ᠪᠣᠢ
ᠨᠡᠶᠢᠲᠡᠯᠡᠭᠰᠡᠨ ᠴᠠᠭ᠄
2021/7/7
         ᠶᠡᠭᠡ ᠵᠦᠩ ᠰᠢᠶᠠᠩ ᠤᠨ ᠨᠠᠮ ᠤᠨ ᠬᠤᠷᠢᠶᠠᠨ ᠤ ᠱᠦᠵᠢ ᠶᠠᠩ ᠯᠢ ᠪᠥᠸᠧ᠄ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠪᠦᠬᠦ ᠰᠢᠶᠠᠩ ᠡᠯ᠎ᠡ ᠲᠦᠷᠦᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠰᠤᠷᠤᠯᠴᠠᠬᠤ ᠬᠡᠯᠪᠡᠷᠢ ᠪᠠᠨ ᠲᠠᠰᠤᠷᠠᠯᠳᠠ ᠦᠭᠡᠢ ᠪᠠᠶᠠᠯᠢᠭᠵᠢᠭᠤᠯᠤᠨ᠂ ᠰᠤᠷᠤᠯᠴᠠᠯᠭ᠎ᠠ ᠬᠥᠮᠦᠵᠢᠯ ᠢ ᠠᠮᠢᠳᠤᠯᠢᠭᠵᠢᠭᠤᠯᠵᠤ ᠪᠠᠶᠢᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠲᠡᠦᠬᠡ ᠪᠠᠨ ᠡᠷᠭᠢᠴᠡᠭᠦᠯᠵᠦ᠂ ᠦᠨᠡᠨᠴᠢ ᠰᠢᠳᠤᠷᠭᠤ ᠪᠠᠶᠢᠬᠤ ᠬᠡᠷᠡᠭᠲᠠᠢ᠂ ᠣᠳᠣᠬᠢ ᠪᠠᠶᠢᠳᠠᠯ ᠳᠤ ᠪᠠᠨ ᠰᠠᠭᠤᠷᠢᠯᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ᠃ ︿ᠠᠷᠪᠠᠨ ᠳᠥᠷᠪᠡᠳᠦᠭᠡᠷ ᠲᠠᠪᠤᠨ ᠵᠢᠯ ﹀ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠳᠤ᠂ ᠪᠥᠬᠦ ᠰᠢᠶᠠᠩ ᠤᠨ ᠨᠠᠮ ᠤᠨ ᠭᠡᠰᠢᠭᠦᠨ ᠺᠠᠳ᠋ᠷᠴᠤᠳ ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠯᠯᠠᠵᠤ᠂ ᠨᠠᠮ ᠪᠠ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠳᠠ ᠶᠢᠨ ᠬᠠᠭᠤᠳᠠᠰᠤ ᠬᠡᠷᠡᠭᠲᠡᠶ ᠭᠡᠪᠡ᠃    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠠᠪᠤᠴᠠ ᠳᠤ ᠲᠣᠰ ᠰᠢᠶᠠᠩ ︽ᠬᠤᠪᠢᠰᠬᠠᠯ ᠤᠨ ᠰᠦᠪᠡᠭᠴᠢ︾ ᠴᠤᠭᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠰᠢᠯᠭᠠᠨ ᠨᠤᠳᠠᠯᠠᠬᠤ ᠪᠠᠷ ᠳᠠᠮᠵᠢᠨ᠂ 1948 ᠣᠨ ᠤ 5 ᠰᠠᠷ᠎ᠠ ᠠᠴᠠ 12 ᠰᠠᠷ᠎ᠠ ᠪᠤᠯᠳᠠᠯ᠎ᠠ᠂ ᠤᠤᠯ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠾᠧᠪᠸᠢ᠂ ᠴᠠᠬᠠᠷ᠂ ᠷᠧ ᠾᠧ᠂ ᠯᠢᠶᠣᠤᠨᠢᠩ ᠤᠨ ᠲᠥᠪ ᠤᠨ ᠬᠤᠪᠢᠶᠠᠷᠢ ᠲᠣᠪᠴᠢᠶ᠎ᠠ ᠪᠣᠯᠤᠨ ᠷᠧ ᠾᠧ ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠣᠷᠳᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠰᠠᠭᠤᠭ᠎ᠠ ᠭᠠᠵᠠᠷ ᠨᠢ ᠳᠠᠷᠤᠶ ᠶᠡᠭᠡ ᠵᠥᠩ ᠰᠢᠶᠠᠩ ᠤᠨ ᠮᠠ ᠵᠢᠶᠠ ᠽᠢ ᠲᠣᠰᠬᠤᠨ ᠳᠤ ᠪᠠᠶᠢᠭᠰᠠᠨ ᠢ ᠢᠯᠡᠷᠡᠭᠦᠯᠪᠡ᠃ 2016 ᠣᠨ ᠤ 7 ᠰᠠᠷ᠎ᠠ ᠳᠤ᠂ ᠨᠢᠩᠴᠧᠩ ᠰᠢᠶᠠᠨ ᠤ ᠰᠣᠶᠣᠯ ᠪᠡᠶ᠎ᠡ ᠶᠢᠨ ᠲᠠᠮᠢᠷ ᠤᠨ ᠲᠣᠪᠴᠢ᠊ ᠡᠶ᠎ᠡ ᠠᠴᠠ ᠨᠢᠩᠴᠧᠩ ᠰᠢᠶᠠᠨ ᠤ ᠭᠤᠣᠯᠳᠠᠯᠭ᠎ᠠ ᠲᠠᠢ ᠬᠠᠮᠠᠭᠠᠯᠠᠬᠤ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠲᠣᠭᠳᠠᠭᠠᠰᠠᠨ ᠴᠢᠨ ᠣᠪᠣᠭᠲᠤ ᠶᠢᠨ ᠶᠡᠭᠡ ᠬᠦᠷᠢᠶ᠎ᠡ ᠵᠠᠭᠤᠨ ᠵᠢᠯ ᠤᠨ ᠰᠠᠯᠬᠢ ᠪᠣᠷᠣᠭᠠᠨ ᠢ ᠥᠩᠭᠡᠷᠡᠭᠦᠯᠦᠭᠰᠡᠨ ᠠᠳᠠᠯ᠎ᠠ ᠭᠤᠷᠪᠠᠨ ᠲᠠᠯ᠎ᠠ ᠶᠢᠨ ᠬᠡᠷᠡᠮ ᠵᠢᠴᠢ ᠡᠭᠦᠳᠡᠨ ᠭᠤᠳᠤᠮ ᠨᠢ ᠮᠥᠨ ᠪᠦᠷᠢᠨ ᠪᠦᠲᠦᠨ ᠢᠶᠠᠷ ᠢᠶᠠᠨ ᠬᠠᠳᠠᠭᠠᠯᠠᠭᠳᠠᠵᠤ ᠪᠤᠢ᠃ ᠲᠠᠷᠠᠭᠠᠴᠢ ᠶᠢᠨ ᠠᠯᠬᠤᠮ ᠳᠤ᠂ ᠲᠣᠰ ᠰᠢᠶᠠᠩ ᠦᠷᠭᠦᠯᠵᠢᠯᠡᠨ ︽ᠬᠤᠪᠢᠰᠬᠠᠯ ᠤᠨ ᠰᠦᠪᠡᠭᠴᠢ︾ ᠶᠢ ᠭᠦᠨᠵᠡᠭᠡᠶ ᠠᠭᠤᠳᠠᠯᠵᠤ᠂ ᠴᠢᠬᠡᠴᠢ ᠵᠢᠷᠤᠮᠲᠠᠨ ᠣᠯᠠᠨ ᠲᠦᠮᠡᠨ ᠢ ᠳᠠᠭᠠᠭᠤᠯᠤᠨ ᠨᠢᠭᠤᠴᠠ ᠬᠤᠯᠪᠣᠭᠠᠯᠠᠬᠤ ᠥᠷᠲᠡᠭᠡ ᠪᠠᠶᠢᠭᠤᠯᠵᠤ᠂ ᠨᠠᠮ ᠤᠨ ᠡᠭᠦᠷ ᠪᠠᠶᠢᠭᠤᠯᠵᠤ᠂ ᠭᠠᠵᠠᠷ ᠰᠢᠷᠣᠶ ᠶᠢᠨ ᠥᠭᠡᠷᠡᠴᠢᠯᠡᠯᠲᠡ ᠶᠢᠨ ᠠᠵᠢᠯᠯᠠᠬᠤ ᠠᠩᠭᠢ ᠶᠢ ᠪᠣᠯᠪᠠᠰᠤᠷᠠᠭᠤᠯᠤᠭᠰᠠᠨ ᠬᠤᠪᠢᠰᠬᠠᠯ ᠤᠨ ᠥᠯᠢᠭᠡᠷ ᠢ ᠢᠯᠡᠷᠡᠭᠦᠯᠦᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠥᠪ ᠶᠣᠰᠣ ᠶᠢ ᠰᠠᠬᠢᠬᠤ ᠳᠤᠮᠳᠠ ᠰᠢᠨ᠎ᠡ ᠶᠢ ᠡᠭᠦᠳᠬᠦ ᠪᠣᠯᠭᠠᠨ᠎ᠠ᠃    ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ ᠲᠤᠰ ᠰᠢᠶᠠᠩ ᠤᠨ ᠬᠢᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠡᠷᠦᠬᠡ ᠳᠤ ᠬᠦᠷᠴᠦ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠤᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠵᠦ ᠦᠭᠬᠦᠨ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号