ᠨᠢᠩᠴᠧᠩ ᠰᠢᠶᠠᠨ ᠤ ᠡᠬᠡ ᠬᠠᠭᠤᠷᠠᠢ ᠶᠢᠨ ᠰᠠᠭᠤᠭᠠᠯᠢ ᠠᠷᠠᠳ ᠤᠨ ᠲᠠᠶᠢᠸᠠᠨ ᠳᠤ ᠢᠷᠡᠵᠦ  ᠶᠠᠪᠤᠬᠤ ᠵᠠᠮ ᠤᠨ ᠦᠨᠡᠮᠯᠡᠯ ᠢ ᠨᠦᠬᠦᠨ ᠣᠯᠭᠤᠬᠤ ᠦᠢᠯᠡᠴᠢᠯᠡᠭᠡᠨ ᠤ ᠵᠦᠭᠯᠡᠭᠦᠷ
ᠨᠡᠶᠢᠲᠡᠯᠡᠭᠰᠡᠨ ᠴᠠᠭ᠄
2022/1/10
          ᠬᠦᠯᠢᠶᠡᠨ ᠰᠢᠢᠳᠪᠦᠷᠢᠯᠡᠬᠦ ᠨᠥᠬᠦᠴᠡᠯ       ︵ᠨᠢᠭᠡ︶ ᠵᠦᠪᠰᠢᠶᠡᠷᠡᠯ ᠣᠯᠭᠤᠬᠤ ᠨᠥᠬᠦᠴᠡᠯ᠄      1. ᠲᠣᠰ ᠬᠥᠮᠦᠨ ᠤ ᠪᠡᠶ᠎ᠡ ᠶᠢᠨ ᠦᠨᠡᠮᠯᠡᠯ᠃       2. ᠰᠠᠭᠤᠭ᠎ᠠ ᠭᠠᠵᠠᠷ ᠣᠳᠣ ᠪᠠᠷ ᠢᠶᠠᠨ ᠴᠡᠷᠢᠭ ᠤᠨ ᠠᠯᠪᠠ ᠬᠠᠭᠠᠵᠤ ᠪᠠᠶᠢᠭ᠎ᠠ ᠴᠡᠷᠢᠭ᠃       ︵ᠬᠤᠶᠠᠷ︶ ᠥᠯᠥ ᠵᠥᠪᠰᠢᠶᠡᠷᠡᠬᠦ ᠪᠠᠶᠢᠳᠠᠯ᠄       1. ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠪᠤᠰᠤ᠃      2. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ  ᠰᠢᠢᠳᠪᠦᠷᠢᠯᠡᠵᠦ ᠪᠣᠯᠬᠤ ᠥᠬᠡᠶ ᠪᠤᠰᠤᠳ  ᠪᠠᠶᠢᠳᠠᠯ᠃       ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠥᠮᠦᠨ ᠪᠦᠷᠢ ᠲᠠᠶᠢᠸᠠᠨ ᠳᠤ ᠢᠷᠡᠵᠦ ᠶᠠᠪᠤᠬᠤ ᠵᠠᠮ ᠤᠨ ᠦᠨᠡᠮᠯᠡᠯ ᠨᠢᠭᠡ ᠯᠡ ᠬᠠᠭᠤᠳᠠᠰᠤ ᠠᠪᠴᠤ ᠪᠣᠯᠤᠨ᠎ᠠ᠃       ᠲᠣᠭᠲᠠᠭᠠᠭᠰᠠᠨ ᠦᠨᠳᠦᠰᠦᠯᠡᠯ      ︽ᠳᠤᠮᠳᠠᠳᠤ ᠤᠯᠤᠰ ᠤᠨ ᠠᠷᠠᠳ ᠢᠷᠭᠡᠳ ᠲᠠᠶᠢᠸᠠᠨ ᠣᠷᠣᠨ ᠳᠤ ᠢᠷᠡᠵᠦ ᠶᠠᠪᠤᠬᠤ ᠬᠠᠮᠢᠶᠠᠷᠤᠯᠲᠠ ᠶᠢᠨ  ᠠᠷᠭ᠎ᠠ︾ ︵1991 ᠤᠨ 12 ᠰᠠᠷ᠎ᠠ ᠶᠢᠨ 17 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 93  ᠳ᠋ᠤᠭᠠᠷ ᠲᠣᠭᠠᠲᠤ᠂ 2015 ᠤᠨ ᠤ 6 ᠰᠠᠷ᠎ᠠ ᠶᠢᠨ 14 ᠤ ᠡᠳᠦᠷ ᠵᠠᠰᠠᠪᠤᠷᠢ ᠣᠷᠣᠭᠤᠯᠪᠠ︶ ᠶᠢᠨ ᠭᠤᠷᠪᠠᠳᠤᠭᠠᠷ  ᠵᠦᠢᠯ᠄ ᠡᠬᠡ ᠬᠠᠭᠤᠷᠠᠶ ᠶᠢᠨ ᠰᠠᠭᠤᠭᠠᠯᠢ ᠠᠷᠠᠳ ᠲᠠᠶᠢᠸᠠᠨ ᠳᠤ ᠬᠦᠷᠴᠦ᠂ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠰᠠᠯᠠᠭ᠎ᠠ ᠮᠥᠴᠢᠷ ᠤᠨ ᠭᠠᠷ ᠤᠨ ᠥᠰᠥᠭ ᠵᠢᠷᠤᠵᠤ  ᠣᠯᠭᠤᠭᠰᠠᠨ ᠵᠢᠭᠤᠯᠴᠢᠯᠠᠯ ᠤᠨ ᠭᠡᠷᠡᠴᠢ ᠦᠨᠡᠮᠯᠡᠯ ᠢᠶᠠᠷ ᠨᠡᠭᠡᠭᠡᠯᠲᠡ ᠬᠢᠭᠰᠡᠨ ᠪᠤᠶᠤ ᠵᠢᠭᠠᠨ ᠲᠣᠭᠲᠠᠭᠠᠭᠰᠠᠨ ᠬᠢᠯᠢ ᠪᠠᠷ ᠣᠷᠣᠵᠤ ᠭᠠᠷᠬᠤ ᠪᠣᠭᠤᠮᠲᠠ ᠪᠠᠷ ᠨᠡᠪᠲᠡᠷᠡᠨ᠎ᠡ᠃ ᠵᠢᠷᠭᠤᠳᠤᠭᠠᠷ ᠵᠦᠢᠯ᠄ ᠡᠬᠡ ᠬᠠᠭᠤᠷᠠᠶ ᠶᠢᠨ ᠰᠠᠭᠤᠭᠠᠯᠢ ᠠᠷᠠᠳ  ᠲᠠᠶᠢᠸᠠᠨ ᠳᠤ ᠬᠦᠷᠴᠦ ᠰᠠᠭᠤᠷᠢᠰᠢᠨ ᠰᠠᠭᠤᠬᠤ᠂ ᠲᠥᠷᠥᠯ ᠰᠠᠳᠤᠨ ᠢᠶᠠᠨ ᠡᠷᠭᠢᠵᠦ ᠦᠵᠡᠬᠦ᠂ ᠨᠠᠶᠢᠵᠠ  ᠨᠥᠬᠦᠳ ᠢᠶᠠᠨ ᠡᠷᠭᠢᠵᠦ ᠦᠵᠡᠬᠦ᠂ ᠵᠢᠭᠤᠯᠴᠢᠯᠠᠬᠤ᠂ ᠡᠳ᠋ ᠬᠦᠷᠦᠩᠭᠡ ᠶᠢ ᠭᠥᠯᠢᠶᠡᠨ ᠠᠪᠬᠤ ᠪᠠ ᠰᠢᠢᠳᠪᠦᠷᠢᠯᠡᠬᠦ᠂  ᠣᠷᠤᠭ ᠬᠤᠷᠢᠮ ᠣᠷᠣᠰᠢᠭᠤᠯᠭ᠎ᠠ ᠶᠢᠨ ᠶᠠᠪᠤᠳᠠᠯ ᠢ ᠰᠢᠢᠳᠪᠦᠷᠢᠯᠡᠬᠦ ᠪᠤᠶᠤ ᠠᠵᠤ ᠠᠬᠤᠶ᠂ ᠰᠢᠨᠵᠢᠯᠡᠬᠦ ᠤᠬᠠᠭᠠᠨ  ᠮᠡᠷᠭᠡᠵᠢᠯ᠂ ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠡᠷᠳᠡᠮ ᠰᠢᠨᠵᠢᠯᠡᠭᠡᠨ ᠵᠡᠷᠭᠡ ᠠᠵᠢᠯᠯᠠᠭ᠎ᠠ ᠳᠤ  ᠣᠷᠣᠯᠴᠠᠬᠤ ᠳᠤ ᠡᠷᠬᠡᠪᠰᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠬᠤᠲᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠭᠤᠶᠤᠴᠢᠯᠠᠯ ᠭᠠᠷᠭᠠᠬᠤ ᠬᠡᠷᠡᠭᠲᠡᠶ᠃ ᠬᠤᠷᠢᠨ ᠬᠤᠶᠠᠳᠤᠭᠠᠷ ᠵᠦᠢᠯ᠄ ᠡᠬᠡ  ᠬᠠᠭᠤᠷᠠᠶ ᠶᠢᠨ ᠰᠠᠭᠤᠭᠠᠯᠢ ᠠᠷᠠᠳ ᠤᠨ ᠲᠠᠶᠢᠸᠠᠨ ᠳᠤ ᠢᠷᠡᠵᠦ ᠶᠠᠪᠤᠬᠤ ᠵᠢᠭᠤᠯᠴᠢᠯᠠᠯ ᠤᠨ ᠦᠨᠡᠮᠯᠡᠯ ᠭᠡᠳᠡᠭ ᠨᠢ ᠡᠬᠡ  ᠬᠠᠭᠤᠷᠠᠶ ᠶᠢᠨ ᠰᠠᠭᠤᠭᠠᠯᠢ ᠠᠷᠠᠳ ᠤᠨ ᠲᠠᠶᠢᠸᠠᠨ ᠳᠤ ᠢᠷᠡᠵᠦ ᠶᠠᠪᠤᠬᠤ ᠵᠠᠮ ᠤᠨ ᠦᠨᠡᠮᠯᠡᠯ ᠪᠠ ᠪᠤᠰᠤᠳ ᠬᠦᠴᠦᠨ  ᠪᠥᠬᠦᠶ ᠵᠢᠭᠤᠯᠴᠢᠯᠠᠯ ᠤᠨ ᠦᠨᠡᠮᠯᠡᠯ ᠢ ᠵᠢᠭᠠᠵᠤ ᠪᠣᠶ᠃ ᠬᠤᠷᠢᠨ ᠲᠠᠪᠤᠳᠤᠭᠠᠷ ᠵᠦᠢᠯ᠄ ᠡᠬᠡ ᠬᠠᠭᠤᠷᠠᠶ ᠶᠢᠨ ᠰᠠᠭᠤᠭᠠᠯᠢ ᠠᠷᠠᠳ ᠤᠨ ᠲᠠᠶᠢᠸᠠᠨ ᠳᠤ ᠢᠷᠡᠵᠦ ᠶᠠᠪᠤᠬᠤ ᠵᠠᠮ ᠤᠨ ᠦᠨᠡᠮᠯᠡᠯ ᠳᠤ ᠤᠳᠠᠭ᠎ᠠ ᠳᠠᠷᠠᠭᠠᠯᠠᠨ  ᠴᠣᠬᠤᠯᠠᠪᠤᠷᠢᠯᠠᠬᠤ ᠶᠢ ᠬᠡᠷᠡᠭᠵᠢᠭᠦᠯᠦᠨ᠎ᠡ᠃ ᠴᠣᠬᠤᠯᠠᠪᠤᠷᠢ ᠶᠢ ᠨᠢᠭᠡ ᠤᠳᠠᠭ᠎ᠠ ᠢᠷᠡᠵᠦ ᠪᠤᠴᠠᠬᠤ ᠳᠤ ᠬᠦᠴᠦᠨ ᠲᠠᠢ  ᠪᠠ ᠣᠯᠠᠨ ᠤᠳᠠᠭ᠎ᠠ ᠢᠷᠡᠵᠦ ᠪᠤᠴᠠᠬᠤ ᠳᠤ ᠬᠦᠴᠦᠨ ᠲᠠᠢ ᠭᠡᠵᠦ ᠬᠤᠪᠢᠶᠠᠨ᠎ᠠ᠃       ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ       ᠰᠦᠢᠳᠬᠡᠯ ᠬᠤᠷᠢᠶᠠᠬᠤ ᠪᠠᠷᠢᠮᠵᠢᠶ᠎ᠠ᠄ ᠠᠩᠬ᠎ᠠ ᠤᠳᠠᠭ᠎ᠠ ᠭᠤᠶᠤᠴᠢᠯᠠᠬᠤ 60 ᠲᠥᠭᠦᠷᠢᠭ / ᠳᠡᠪᠲᠡᠷ  ᠂  ᠠᠩᠬ᠎ᠠ ᠤᠳᠠᠭ᠎ᠠ ᠭᠤᠶᠤᠴᠢᠯᠠᠬᠤ ᠳᠤ ᠨᠢᠭᠡ ᠤᠳᠠᠭ᠎ᠠ ᠬᠦᠴᠦᠨ ᠪᠥᠬᠦᠶ ᠴᠣᠬᠤᠯᠠᠪᠤᠷᠢ ᠨᠡᠮᠡᠬᠦ 75 ᠲᠥᠭᠦᠷᠢᠭ /  ᠳᠡᠪᠲᠡᠷ᠂ ᠴᠤᠬᠤᠯᠠᠪᠤᠷᠢ ᠨᠡᠮᠡᠬᠦ 20 ᠲᠥᠭᠦᠷᠢᠭ / ᠤᠳᠠᠭ᠎ᠠ ᠪᠦᠷᠢ ︔ ᠰᠦᠢᠳᠬᠡᠯ ᠬᠤᠷᠢᠶᠠᠬᠤ ᠦᠨᠳᠦᠰᠦᠯᠡᠯ᠄ ︽  ᠴᠠᠬᠢᠯᠭᠠᠨ ᠬᠤᠯᠪᠣᠭᠠᠨ ᠤ ᠰᠦᠯᠵᠢᠶᠡᠨ ᠤ ᠨᠣᠮᠧᠷ ᠤᠨ ᠡᠬᠢ ᠪᠠᠶᠠᠯᠢᠭ ᠢ ᠡᠵᠡᠯᠡᠨ ᠬᠡᠷᠡᠭᠯᠡᠬᠦ ᠵᠠᠷᠤᠳᠠᠯ ᠵᠡᠷᠭᠡ ᠬᠡᠰᠡᠭ  ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠᠷᠢᠮᠵᠢᠶ᠎ᠠ ᠶᠢᠨ ᠲᠤᠬᠠᠢ ᠤᠯᠤᠰ ᠤᠨ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ ᠬᠥᠭᠵᠢᠭᠦᠯᠦᠯᠲᠡ ᠪᠠ ᠥᠭᠡᠷᠡᠴᠢᠯᠡᠯᠲᠡ ᠦᠨ᠎ᠡ ﹇2017﹈ 1186 ᠳ᠋ᠤᠭᠠᠷ ᠲᠣᠭᠠᠲᠤ︶       ᠭᠦᠢᠴᠡᠳᠬᠡᠬᠦ ᠭᠠᠵᠠᠷ       ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠴᠠᠩ ᠴᠢᠩ ᠵᠠᠮ ᠤᠨ 103 ᠳ᠋ᠤᠭᠠᠷ ᠨᠣᠮᠧᠷ    ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30  — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ  ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠬᠤ ᠥᠬᠡᠶ︶  
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号