ᠨᠢᠩᠴᠧᠩ ᠰᠢᠶᠠᠨ ᠤ ᠡᠬᠡ ᠬᠠᠭᠤᠷᠠᠢ ᠶᠢᠨ ᠰᠠᠭᠤᠭᠠᠯᠢ ᠠᠷᠠᠳ ᠤᠨ ᠰᠢᠶᠠᠩᠭᠠᠩ ᠣᠣᠮᠧᠨ ᠳᠤ  ᠢᠷᠡᠵᠦ ᠶᠠᠪᠤᠬᠤ ᠵᠠᠮ ᠤᠨ ᠦᠨᠡᠮᠯᠡᠯ ᠢ ᠰᠣᠯᠢᠵᠤ ᠣᠯᠭᠤᠬᠤ ᠦᠢᠯᠡᠴᠢᠯᠡᠭᠡᠨ ᠤ ᠵᠦᠭᠯᠡᠭᠦᠷ
ᠨᠡᠶᠢᠲᠡᠯᠡᠭᠰᠡᠨ ᠴᠠᠭ᠄
2022/1/10
    ᠬᠦᠯᠢᠶᠡᠨ ᠰᠢᠢᠳᠪᠦᠷᠢᠯᠡᠬᠦ ᠨᠥᠬᠦᠴᠡᠯ       ︵ᠨᠢᠭᠡ︶ ᠵᠦᠪᠰᠢᠶᠡᠷᠡᠯ ᠣᠯᠭᠤᠬᠤ ᠨᠥᠬᠦᠴᠡᠯ᠄     1. ᠲᠣᠰ ᠬᠥᠮᠦᠨ ᠤ ᠪᠡᠶ᠎ᠡ ᠶᠢᠨ ᠦᠨᠡᠮᠯᠡᠯ᠃      2. ᠰᠠᠭᠤᠭ᠎ᠠ ᠭᠠᠵᠠᠷ ᠤᠨ ᠣᠳᠣ ᠪᠠᠷ ᠢᠶᠠᠨ ᠴᠡᠷᠢᠭ ᠤᠨ ᠠᠯᠪᠠ ᠬᠠᠭᠠᠵᠤ ᠪᠠᠶᠢᠭ᠎ᠠ ᠴᠡᠷᠢᠭ︔       ︵ᠬᠤᠶᠠᠷ︶ ᠥᠯᠥ ᠵᠥᠪᠰᠢᠶᠡᠷᠡᠬᠦ ᠪᠠᠶᠢᠳᠠᠯ᠄      1. ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠪᠤᠰᠤ᠃      2. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ  ᠰᠢᠢᠳᠪᠦᠷᠢᠯᠡᠵᠦ ᠪᠣᠯᠬᠤ ᠥᠬᠡᠶ ᠪᠤᠰᠤᠳ  ᠪᠠᠶᠢᠳᠠᠯ᠃       ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠥᠮᠦᠨ ᠪᠦᠷᠢ ᠰᠢᠶᠠᠩᠭᠠᠩ ᠣᠣᠮᠧᠨ ᠳᠤ  ᠢᠷᠡᠵᠦ ᠶᠠᠪᠤᠬᠤ ᠵᠠᠮ ᠤᠨ ᠦᠨᠡᠮᠯᠡᠯ ᠨᠢᠭᠡ ᠯᠡ ᠬᠠᠭᠤᠳᠠᠰᠤ ᠠᠪᠴᠤ ᠪᠣᠯᠤᠨ᠎ᠠ᠃       ᠲᠣᠭᠲᠠᠭᠠᠭᠰᠠᠨ ᠦᠨᠳᠦᠰᠦᠯᠡᠯ       ︽ᠳᠤᠮᠳᠠᠳᠤ ᠤᠯᠤᠰ ᠤᠨ ᠠᠷᠠᠳ ᠢᠷᠭᠡᠨ ᠬᠤᠪᠢ ᠶᠢᠨ ᠤᠴᠢᠷ ᠢᠶᠠᠷ ᠰᠢᠶᠠᠩᠭᠠᠩ ᠣᠷᠣᠨ ᠪᠤᠶᠤ ᠣᠣᠮᠧᠨ  ᠣᠷᠣᠨ ᠳᠤ ᠢᠷᠡᠵᠦ ᠶᠠᠪᠤᠬᠤ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ︵1986 ᠣᠨ ᠤ 12  ᠰᠠᠷ᠎ᠠ ᠶᠢᠨ 3 ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠵᠦᠪᠰᠢᠶᠡᠷᠡᠵᠦ᠂ 1986 ᠣᠨ ᠤ 12 ᠰᠠᠷ᠎ᠠ ᠶᠢᠨ  25 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠨᠡᠶᠢᠲᠡᠯᠡᠪᠡ︶ ᠶᠢᠨ ᠭᠤᠷᠪᠠᠳᠤᠭᠠᠷ ᠵᠦᠢᠯ᠄ ᠳᠣᠲᠣᠷ᠎ᠠ  ᠭᠠᠵᠠᠷ ᠤᠨ ᠠᠷᠠᠳ ᠢᠷᠭᠡᠨ ᠬᠤᠪᠢ ᠶᠢᠨ ᠤᠴᠢᠷ ᠢᠶᠠᠷ ᠰᠢᠶᠠᠩᠭᠠᠩ᠂ ᠣᠣᠮᠧᠨ ᠳᠤ ᠣᠴᠢᠪᠠᠯ ᠮᠠᠨ ᠤ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠷ ᠤᠨ ᠥᠰᠥᠭ ᠵᠢᠷᠤᠵᠤ ᠣᠯᠭᠤᠭᠰᠠᠨ ᠰᠢᠶᠠᠩᠭᠠᠩ  ᠣᠣᠮᠧᠨ ᠳᠤ ᠣᠴᠢᠬᠤ ᠵᠠᠮ ᠤᠨ ᠦᠨᠡᠮᠯᠡᠯ ᠪᠤᠶᠤ ᠰᠢᠶᠠᠩᠭᠠᠩ ᠣᠣᠮᠧᠨ ᠠᠴᠠ ᠪᠤᠴᠠᠬᠤ ᠵᠠᠮ ᠤᠨ ᠦᠨᠡᠮᠯᠡᠯ ᠢᠶᠠᠷ  ᠵᠢᠭᠠᠨ ᠲᠣᠭᠲᠠᠭᠠᠭᠰᠠᠨ ᠪᠣᠭᠤᠮᠲᠠ ᠪᠠᠷ ᠨᠡᠪᠲᠡᠷᠡᠨ᠎ᠡ᠃ ᠵᠢᠷᠭᠤᠳᠤᠭᠠᠷ ᠵᠦᠢᠯ᠄ ᠳᠣᠲᠣᠷ᠎ᠠ ᠭᠠᠵᠠᠷ ᠤᠨ ᠠᠷᠠᠳ  ᠢᠷᠭᠡᠨ ᠬᠤᠪᠢ ᠶᠢᠨ ᠤᠴᠢᠷ ᠢᠶᠠᠷ ᠰᠢᠶᠠᠩᠭᠠᠩ᠂ ᠣᠣᠮᠧᠨ ᠳᠤ ᠣᠴᠢᠬᠤ ᠳᠠᠭᠠᠨ ᠡᠷᠬᠡᠪᠰᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠬᠤᠲᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ  ᠣᠷᠣᠵᠤ ᠭᠠᠷᠬᠤ ᠶᠢ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠬᠡᠷᠡᠭᠲᠡᠶ᠃ ᠬᠤᠷᠢᠨ ᠬᠤᠶᠠᠳᠤᠭᠠᠷ  ᠵᠦᠢᠯ᠄ ᠰᠢᠶᠠᠩᠭᠠᠩ᠂ ᠣᠣᠮᠧᠨ ᠳᠤ ᠣᠴᠢᠬᠤ ᠪᠣᠯᠭᠠᠨ ᠴᠥᠮ ᠲᠣᠰ ᠠᠷᠭ᠎ᠠ ᠶᠢᠨ ᠵᠢᠷᠭᠤᠳᠤᠭᠠᠷ  ᠵᠦᠢᠯ᠂ ᠨᠠᠢᠮᠠᠳᠤᠭᠠᠷ ᠵᠦᠢᠯ᠂ ᠠᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠭᠤᠶᠤᠴᠢᠯᠠᠬᠤ ᠭᠠᠷᠳᠠᠮ  ᠭᠦᠢᠴᠡᠳᠬᠡᠵᠦ᠂ ᠵᠥᠪᠰᠢᠶᠡᠷᠡᠭᠦᠯᠦᠭᠰᠡᠨ ᠨᠢ ᠨᠢᠭᠡ ᠤᠳᠠᠭᠠᠨ ᠤ ᠢᠷᠡᠵᠦ ᠪᠤᠴᠠᠬᠤ ᠴᠤᠬᠤᠯᠠᠪᠤᠷᠢ ᠬᠢᠬᠦ ᠬᠡᠷᠡᠭᠲᠡᠶ᠃  ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠲᠤᠰᠬᠠᠶ ᠡᠷᠬᠡ ᠣᠯᠭᠤᠭᠰᠠᠨ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠣᠯᠠᠨ ᠤᠳᠠᠭ᠎ᠠ ᠢᠷᠡᠵᠦ ᠪᠤᠴᠠᠬᠤ ᠴᠣᠬᠤᠯᠠᠪᠤᠷᠢ ᠬᠢᠵᠦ ᠪᠣᠯᠤᠨ᠎ᠠ᠃       ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ  ᠰᠦᠢᠳᠬᠡᠯ ᠬᠤᠷᠢᠶᠠᠬᠤ ᠪᠠᠷᠢᠮᠵᠢᠶ᠎ᠠ᠄ ᠠᠩᠬ᠎ᠠ ᠤᠳᠠᠭ᠎ᠠ ᠭᠤᠶᠤᠴᠢᠯᠠᠬᠤ 60 ᠲᠥᠭᠦᠷᠢᠭ / ᠳᠡᠪᠲᠡᠷ  ᠂ ᠠᠩᠬ᠎ᠠ  ᠤᠳᠠᠭ᠎ᠠ ᠭᠤᠶᠤᠴᠢᠯᠠᠬᠤ ᠳᠤ ᠨᠢᠭᠡ ᠤᠳᠠᠭ᠎ᠠ ᠬᠦᠴᠦᠨ ᠪᠥᠬᠦᠶ ᠴᠣᠬᠤᠯᠠᠪᠤᠷᠢ ᠨᠡᠮᠡᠬᠦ 75 ᠲᠥᠭᠦᠷᠢᠭ / ᠳᠡᠪᠲᠡᠷ᠂  ᠴᠤᠬᠤᠯᠠᠪᠤᠷᠢ ᠨᠡᠮᠡᠬᠦ 20 ᠲᠥᠭᠦᠷᠢᠭ / ᠤᠳᠠᠭ᠎ᠠ ᠪᠦᠷᠢ ︔ ᠰᠦᠢᠳᠬᠡᠯ ᠬᠤᠷᠢᠶᠠᠬᠤ ᠦᠨᠳᠦᠰᠦᠯᠡᠯ᠄ ︽  ᠴᠠᠬᠢᠯᠭᠠᠨ ᠬᠤᠯᠪᠣᠭᠠᠨ ᠤ ᠰᠦᠯᠵᠢᠶᠡᠨ ᠤ ᠨᠣᠮᠧᠷ ᠤᠨ ᠡᠬᠢ ᠪᠠᠶᠠᠯᠢᠭ ᠢ ᠡᠵᠡᠯᠡᠨ ᠬᠡᠷᠡᠭᠯᠡᠬᠦ ᠵᠠᠷᠤᠳᠠᠯ ᠵᠡᠷᠭᠡ ᠬᠡᠰᠡᠭ  ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠᠷᠢᠮᠵᠢᠶ᠎ᠡ ᠶᠢᠨ ᠲᠤᠬᠠᠢ ᠤᠯᠤᠰ ᠤᠨ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ ᠬᠥᠭᠵᠢᠭᠦᠯᠦᠯᠲᠡ ᠪᠠ ᠥᠭᠡᠷᠡᠴᠢᠯᠡᠯᠲᠡ ᠦᠨ᠎ᠡ ﹇2017﹈ 1186 ᠳ᠋ᠤᠭᠠᠷ ᠲᠣᠭᠠᠲᠤ︶       ᠭᠦᠢᠴᠡᠳᠬᠡᠬᠦ ᠭᠠᠵᠠᠷ       ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠴᠠᠩ ᠴᠢᠩ ᠵᠠᠮ ᠤᠨ 103 ᠳ᠋ᠤᠭᠠᠷ ᠨᠣᠮᠧᠷ       ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30  — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ  ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠬᠤ ᠥᠬᠡᠶ︶  
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号