ᠡᠷᠦᠬᠡ ᠠᠮᠠ ᠰᠢᠯᠵᠢᠭᠦᠯᠬᠦ ᠶᠢ ᠬᠢᠨᠠᠨ ᠵᠦᠪᠰᠢᠶᠡᠷᠡᠬᠦ
ᠨᠡᠶᠢᠲᠡᠯᠡᠭᠰᠡᠨ ᠴᠠᠭ᠄
2022/1/10
    ᠬᠦᠯᠢᠶᠡᠨ ᠰᠢᠢᠳᠪᠦᠷᠢᠯᠡᠬᠦ ᠨᠥᠬᠦᠴᠡᠯ       ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ  ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2. ᠭᠤᠶᠤᠴᠢᠯᠠᠭᠴᠢ ᠶᠢᠨ ᠲᠤᠰᠢᠶᠠᠭᠰᠠᠨ  ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠬᠦ᠃ ︵ᠬᠤᠶᠠᠷ︶ ᠥᠯᠥ  ᠵᠦᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯᠡᠰ ᠨᠢ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠳᠤ ᠨᠡᠶᠢᠴᠡᠬᠦ ᠥᠬᠡᠶ᠃ 2. ᠭᠤᠶᠤᠴᠢᠯᠠᠭᠴᠢ ᠶᠢᠨ ᠳᠡᠪᠰᠢᠭᠦᠯᠦᠭᠰᠡᠨ  ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠃ ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ  ᠪᠠᠶᠢᠳᠠᠯ᠄ 1. ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠡᠷᠦᠬᠡ ᠠᠮᠠ ᠶᠢᠨ ᠲᠠᠩᠰᠠ ᠰᠢᠯᠵᠢᠭᠦᠯᠬᠦ ᠳᠤ᠂ ᠨᠡᠭᠦᠵᠦ ᠣᠷᠣᠬᠤ ᠨᠥᠬᠦᠴᠡᠯ ᠳᠤ ᠨᠡᠶᠢᠴᠡᠪᠡᠯ᠂ ᠭᠤᠶᠤᠴᠢᠯᠠᠭᠴᠢ ᠠᠴᠠ ᠨᠡᠭᠦᠵᠦ ᠣᠷᠣᠬᠤ ᠭᠠᠵᠠᠷ ᠤᠨ ᠲᠣᠮᠢᠯᠠᠭᠰᠠᠨ  ᠰᠠᠯᠪᠤᠷᠢ ᠳᠤ ᠰᠢᠭᠤᠳ ᠡᠷᠦᠬᠡ ᠠᠮᠠ ᠣᠷᠣᠭᠤᠯᠬᠤ ᠮᠠᠲ᠋ᠧᠷᠢᠶᠠᠯ ᠢᠶᠠᠨ ᠲᠤᠰᠢᠶᠠᠵᠤ᠂ ᠨᠡᠭᠦᠵᠦ ᠡᠷᠦᠬᠡ ᠠᠮᠠ  ᠣᠷᠣᠬᠤ ᠭᠠᠷ ᠭᠦᠢᠴᠡᠳᠬᠡᠯ ᠬᠢᠨ᠎ᠡ᠃       ᠲᠤᠭᠲᠠᠭᠠᠭᠰᠠᠨ ᠦᠨᠳᠦᠰᠦᠯᠡᠯ       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠦᠬᠡ ᠠᠮᠠ ᠶᠢᠨ ᠳᠡᠩᠰᠡᠯᠡᠯᠲᠡ ᠶᠢᠨ ᠲᠦᠷᠢᠮ︾ ︵1958 ᠣᠨ ᠤ 1 ᠰᠠᠷ᠎ᠠ ᠶᠢᠨ 9 ᠤ ᠡᠳᠦᠷ ᠲᠡᠷᠢᠭᠦᠯᠡᠭᠴᠢ ᠶᠢᠨ ᠵᠠᠷᠯᠢᠭ ᠢᠶᠠᠷ ᠨᠡᠶᠢᠲᠡᠯᠡᠪᠡ︶ ᠤᠨ  ᠭᠤᠷᠪᠠᠳᠤᠭᠠᠷ ᠵᠦᠢᠯ᠄ ᠡᠷᠦᠬᠡ ᠠᠮᠠ ᠶᠢᠨ ᠳᠡᠩᠰᠡᠯᠡᠯᠲᠡ ᠶᠢᠨ ᠠᠵᠢᠯ ᠢ ᠡᠯ᠎ᠡ ᠱᠠᠲᠤᠨ ᠤ ᠳᠣᠲᠣᠭᠠᠳᠤ ᠶᠢ  ᠬᠠᠮᠠᠭᠠᠯᠠᠬᠤ ᠪᠠᠶᠢᠭᠤᠯᠭ᠎ᠠ ᠠᠴᠠ ᠭᠤᠤᠯᠯᠠᠨ ᠬᠠᠮᠢᠶᠠᠷᠤᠨ᠎ᠠ᠃ ᠠᠷᠪᠠᠳᠤᠭᠠᠷ ᠵᠦᠢᠯ᠄ ᠠᠷᠠᠳ ᠢᠷᠭᠡᠨ ᠲᠤᠰ ᠡᠷᠦᠬᠡ ᠠᠮᠠ ᠶᠢᠨ ᠬᠠᠷᠢᠶ᠎ᠠ ᠣᠷᠣᠨ ᠠᠴᠠ ᠪᠠᠨ ᠨᠡᠭᠦᠵᠦ ᠭᠠᠷᠪᠠᠯ᠂ ᠲᠤᠰ ᠬᠥᠮᠦᠨ ᠪᠤᠶᠤ ᠡᠷᠦᠬᠡ ᠶᠢᠨ ᠡᠵᠡᠨ ᠨᠢ ᠨᠡᠭᠦᠵᠦ  ᠭᠠᠷᠬᠤ ᠠᠴᠠ ᠪᠠᠨ ᠡᠮᠦᠨ᠎ᠡ ᠡᠷᠦᠬᠡ ᠠᠮᠠ ᠳᠠᠩᠰᠠᠯᠠᠬᠤ ᠪᠠᠶᠢᠭᠤᠯᠭ᠎ᠠ ᠳᠤ ᠨᠡᠭᠦᠵᠦ ᠭᠠᠷᠬᠤ ᠳᠠᠩᠰᠠᠯᠠᠯᠲᠠ ᠬᠢᠯᠭᠡᠬᠦ ᠪᠠᠷ ᠮᠡᠳᠡᠭᠦᠯᠵᠦ᠂ ᠨᠡᠭᠦᠵᠦ ᠭᠠᠷᠬᠤ ᠦᠨᠡᠮᠯᠡᠯ ᠠᠪᠴᠤ᠂ ᠡᠷᠦᠬᠡ ᠠᠮᠠ ᠶᠢᠨ ᠳᠠᠩᠰᠠ ᠪᠠᠨ ᠬᠦᠴᠦᠨ ᠦᠭᠡᠢ ᠪᠣᠯᠭᠠᠨ᠎ᠠ᠃ ᠠᠷᠠᠳ ᠢᠷᠭᠡᠨ ᠬᠥᠳᠡᠭᠡ ᠲᠣᠰᠬᠤᠨ ᠠᠴᠠ ᠬᠤᠳᠠ ᠳᠤ ᠨᠡᠭᠦᠵᠦ ᠣᠴᠢᠬᠤ ᠳᠤ ᠡᠷᠬᠡᠪᠰᠢ ᠬᠤᠳᠠ ᠶᠢᠨ  ᠬᠥᠳᠡᠯᠮᠦᠷᠢ ᠶᠢᠨ ᠰᠠᠯᠠᠭ᠎ᠠ ᠮᠥᠴᠢᠷ ᠤᠨ ᠡᠯᠰᠡᠵᠦ ᠬᠡᠷᠡᠭᠯᠡᠭᠰᠡᠨ ᠭᠡᠷᠡᠴᠢ᠂ ᠰᠤᠷᠭᠠᠭᠤᠯᠢ ᠶᠢᠨ ᠡᠯᠰᠡᠵᠦ ᠠᠪᠤᠭᠰᠠᠨ ᠭᠡᠷᠡᠴᠢ ᠪᠤᠶᠤ ᠬᠤᠳᠠ ᠶᠢᠨ ᠡᠷᠦᠭᠡ ᠠᠮᠠ ᠳᠠᠩᠰᠠᠯᠠᠬᠤ ᠪᠠᠶᠢᠭᠤᠯᠭ᠎ᠠ ᠶᠢᠨ ᠨᠡᠭᠦᠵᠦ ᠣᠷᠣᠬᠤ ᠶᠢ ᠵᠥᠪᠰᠢᠶᠡᠷᠡᠭᠰᠡᠨ ᠭᠡᠷᠡᠴᠢ ᠶᠢ ᠠᠪᠴᠤ᠂ ᠪᠠᠶᠢᠩᠭᠤ ᠰᠠᠭᠤᠭ᠎ᠠ ᠭᠠᠵᠠᠷ ᠤᠨ ᠡᠷᠦᠭᠡ ᠠᠮᠠ ᠳᠠᠩᠰᠠᠯᠠᠬᠤ ᠪᠠᠶᠢᠭᠤᠯᠭ᠎ᠠ ᠳᠤ ᠨᠡᠭᠦᠵᠦ ᠭᠠᠷᠬᠤ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠬᠤ ᠬᠡᠷᠡᠭᠲᠡᠶ᠃ ᠠᠷᠠᠳ ᠢᠷᠭᠡᠨ ᠬᠢᠯᠢ ᠶᠢᠨ ᠬᠠᠮᠠᠭᠠᠯᠠᠯᠲᠠ ᠶᠢᠨ  ᠣᠷᠣᠨ ᠳᠤ ᠨᠡᠭᠦᠵᠦ ᠣᠴᠢᠬᠤ ᠳᠤ ᠡᠷᠬᠡᠪᠰᠢ ᠪᠠᠶᠢᠩᠭᠤ ᠰᠠᠭᠤᠭ᠎ᠠ ᠭᠠᠵᠠᠷ ᠤᠨ ᠰᠢᠶᠠᠨ᠂ ᠬᠤᠳᠠ᠂ ᠬᠤᠳᠠ ᠶᠢᠨ  ᠬᠠᠷᠢᠶ᠎ᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠶ᠃        ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ       ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ       ᠭᠦᠢᠴᠡᠳᠬᠡᠬᠦ ᠭᠠᠵᠠᠷ       ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠴᠠᠩ ᠴᠢᠩ ᠵᠠᠮ ᠤᠨ 103 ᠳ᠋ᠤᠭᠠᠷ ᠨᠣᠮᠧᠷ       ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ      8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ  ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶          ᠭᠦᠢᠴᠡᠳᠬᠡᠬᠦ ᠭᠠᠵᠠᠷ᠄ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ       ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ  8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ  ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶    
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号