ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠬᠢᠨᠠᠨ ᠣᠯᠭᠤᠬᠤ
ᠨᠡᠶᠢᠲᠡᠯᠡᠭᠰᠡᠨ ᠴᠠᠭ᠄
2022/1/10
        ᠬᠦᠯᠢᠶᠡᠨ ᠰᠢᠢᠳᠪᠦᠷᠢᠯᠡᠬᠦ ᠨᠥᠬᠦᠴᠡᠯ       ︵ᠨᠢᠭᠡ︶ ᠵᠥᠪᠰᠢᠶᠡᠷᠡᠬᠦ ᠨᠥᠬᠦᠴᠡᠯ᠄ 1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ  ᠬᠢᠯᠢ ᠶᠢᠨ ᠳᠣᠲᠣᠷ᠎ᠠ ᠰᠠᠭᠤᠵᠤ ᠪᠠᠶᠢᠭ᠎ᠠ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠰᠡᠨ ᠳᠤᠮᠳᠠᠳᠤ ᠤᠯᠤᠰ ᠤᠨ  ᠠᠷᠠᠳ ᠢᠷᠭᠡᠨ ᠲᠤᠰ ᠬᠠᠤᠯᠢ ᠶᠢᠨ ᠲᠣᠭᠲᠠᠭᠠᠯ ᠶᠣᠰᠣᠭᠠᠷ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ  ᠭᠤᠶᠤᠴᠢᠯᠠᠨ ᠠᠪᠬᠤ ᠬᠡᠷᠡᠭᠲᠡᠶ︔ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠳᠤᠮᠳᠠᠳᠤ ᠤᠯᠤᠰ ᠤᠨ ᠠᠷᠠᠳ  ᠢᠷᠭᠡᠨ ᠲᠤᠰ ᠬᠠᠤᠯᠢ ᠶᠢᠨ ᠲᠣᠭᠲᠠᠭᠠᠯ ᠶᠣᠰᠣᠭᠠᠷ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ  ᠠᠪᠴᠤ ᠪᠣᠯᠤᠨ᠎ᠠ᠃ 2. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠰᠠᠭᠤᠵᠤ  ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠰᠣᠯᠢᠵᠤ ᠠᠪᠬᠤ᠂  ᠨᠥᠬᠦᠪᠥᠷᠢᠯᠡᠵᠦ ᠠᠪᠬᠤ ᠪᠠᠷ ᠭᠤᠶᠤᠴᠢᠯᠠᠵᠤ ᠪᠠᠶᠢᠭ᠎ᠠ ᠬᠤᠭᠤᠴᠠᠭᠠᠨ ᠳᠠᠭᠠᠨ ᠰᠠᠭᠤᠭᠠᠯᠢ ᠠᠷᠠᠳ ᠤᠨ ᠪᠡᠶ᠎ᠡ ᠶᠢᠨ  ᠦᠨᠡᠮᠯᠡᠯ ᠢ ᠪᠠᠴᠢᠮ ᠬᠡᠷᠡᠭᠯᠡᠬᠦ ᠴᠢᠬᠤᠯᠠᠲᠠᠢ ᠪᠠᠶᠢᠪᠠᠯ᠂ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ  ᠦᠨᠡᠮᠯᠡᠯ ᠢ ᠭᠤᠶᠤᠴᠢᠯᠠᠨ ᠠᠪᠴᠤ ᠪᠣᠯᠤᠨ᠎ᠠ᠃ 3. ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠶᠢᠨ ᠪᠠᠶᠢᠭ᠎ᠠ  ᠭᠠᠵᠠᠷ ᠠᠴᠠ ᠪᠠᠨ ᠰᠠᠯᠵᠤ ᠠᠷᠤ ᠬᠤᠷᠴᠢᠨ ᠬᠤᠰᠢᠭᠤᠨ ᠳᠤ ᠬᠠᠤᠯᠢ ᠶᠣᠰᠣᠨ ᠤ ᠲᠣᠭᠲᠠᠪᠤᠷᠢᠲᠠᠶ ᠠᠵᠢᠯ ᠣᠯᠤᠭᠰᠠᠨ  ᠂ ᠰᠤᠷᠭᠠᠭᠤᠯᠢ ᠳᠤ ᠤᠷᠤᠭᠰᠠᠨ᠂ ᠰᠠᠭᠤᠷᠢᠰᠢᠭᠰᠠᠨ ᠪᠥᠭᠡᠳ ᠲᠣᠮᠢᠯᠠᠭᠰᠠᠨ ᠰᠠᠯᠪᠤᠷᠢ ᠳᠤ ᠣᠷᠣᠰᠢᠨ ᠰᠠᠭᠤᠬᠤ ᠪᠠᠷ  ᠳᠠᠩᠰᠠᠯᠠᠭᠤᠯᠤᠭᠰᠠᠨ ᠬᠥᠮᠦᠰ᠂ ᠬᠡᠷᠪᠡ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ᠂ ᠡᠪᠳᠡᠷᠡᠭᠰᠡᠨ  ᠪᠤᠶᠤ ᠬᠦᠴᠦᠨ ᠲᠠᠢ ᠬᠤᠭᠤᠴᠠᠭ᠎ᠠ ᠨᠢ ᠳᠦᠭᠦᠷᠦᠭᠡᠳ᠂ ᠣᠨᠳᠣᠤ ᠭᠠᠵᠠᠷ ᠲᠤ ᠨᠥᠬᠦᠵᠦ ᠠᠪᠬᠤ᠂ ᠰᠣᠯᠢᠵᠤ ᠠᠪᠬᠤ  ᠴᠢᠬᠤᠯᠠ ᠲᠠᠢ ᠪᠣᠯ᠂ ᠲᠣᠰ ᠬᠥᠮᠦᠨ ᠨᠢ ᠬᠦᠴᠦᠨ ᠪᠥᠬᠦᠶ ᠦᠨᠡᠮᠯᠡᠯ ᠢᠶᠠᠷ ᠢᠶᠠᠨ ᠣᠲᠣ ᠶᠢᠨ ᠰᠠᠭᠤᠭ᠎ᠠ ᠭᠠᠵᠠᠷ ᠤᠨ  ᠣᠨᠳᠣᠤ ᠭᠠᠵᠠᠷ ᠲᠤ ᠦᠨᠡᠮᠯᠡᠯ ᠭᠦᠢᠴᠡᠳᠬᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠭᠠᠵᠠᠷ ᠲᠤ ᠰᠠᠭᠤᠭᠠᠯᠢ  ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠤᠨ᠎ᠠ᠃ ︵ᠬᠤᠶᠠᠷ︶ ᠦᠯᠦ ᠵᠦᠪᠰᠢᠶᠡᠷᠡᠬᠦ ᠪᠠᠶᠢᠳᠠᠯ᠄  ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠤᠳᠠᠲᠠᠢ ᠪᠢᠰᠢ︔ ︵ᠭᠤᠷᠪᠠ︶  ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠥᠮᠦᠨ ᠪᠦᠷᠢ ᠨᠢᠭᠡ ᠯᠡ ᠬᠤᠪᠢ ᠰᠠᠭᠤᠭᠠᠯᠢ ᠠᠷᠠᠳ ᠤᠨ  ᠪᠡᠶ᠎ᠡ ᠶᠢᠨ ᠦᠨᠡᠮᠯᠡᠯ ᠠᠪᠴᠤ ᠪᠣᠯᠤᠨ᠎ᠠ᠃       ᠲᠤᠭᠲᠠᠭᠠᠭᠰᠠᠨ ᠦᠨᠳᠦᠰᠦᠯᠡᠯ      【 ᠬᠠᠤᠯᠢ ᠴᠠᠭᠠᠵᠠ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ  ᠪᠡᠶ᠎ᠡ ᠶᠢᠨ ᠦᠨᠡᠮᠯᠡᠯ ᠤᠨ ᠬᠠᠤᠯᠢ︾ ᠶᠢᠨ ᠬᠤᠶᠠᠳᠤᠭᠠᠷ ᠵᠦᠢᠯ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ  ᠤᠯᠤᠰ ᠤᠨ ᠬᠢᠯᠢ ᠶᠢᠨ ᠳᠣᠲᠣᠷ᠎ᠠ ᠰᠠᠭᠤᠵᠤ ᠪᠠᠶᠢᠭ᠎ᠠ ᠪᠦᠬᠦᠯᠢ ᠠᠷᠪᠠᠨ ᠵᠢᠷᠭᠤᠭᠠᠨ ᠨᠠᠰᠤ ᠬᠦ᠋ᠷᠦᠭᠰᠡᠨ ᠳᠤᠮᠳᠠᠳᠤ  ᠤᠯᠤᠰ ᠤᠨ ᠠᠷᠠᠳ ᠢᠷᠭᠡᠨ ᠲᠤᠰ ᠬᠠᠤᠯᠢ ᠶᠢᠨ ᠲᠣᠭᠲᠠᠭᠠᠯ ᠶᠣᠰᠣᠭᠠᠷ ᠰᠠᠭᠤᠭᠠᠯᠢ ᠠᠷᠠᠳ ᠤᠨ ᠪᠡᠶ᠎ᠡ ᠶᠢᠨ  ᠦᠨᠡᠮᠯᠡᠯ ᠭᠤᠶᠤᠴᠢᠯᠠᠨ ᠠᠪᠬᠤ ᠬᠡᠷᠡᠭᠲᠡᠶ︔ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠳᠤᠮᠳᠠᠳᠤ  ᠤᠯᠤᠰ ᠤᠨ ᠠᠷᠠᠳ ᠢᠷᠭᠡᠨ ᠲᠤᠰ ᠬᠠᠤᠯᠢ ᠶᠢᠨ ᠲᠣᠭᠲᠠᠭᠠᠯ ᠶᠣᠰᠣᠭᠠᠷ ᠰᠠᠭᠤᠭᠠᠯᠢ ᠠᠷᠠᠳ ᠤᠨ ᠪᠡᠶ᠎ᠡ ᠶᠢᠨ  ᠦᠨᠡᠮᠯᠡᠯ ᠭᠤᠶᠤᠴᠢᠯᠠᠨ ᠠᠪᠴᠤ ᠪᠣᠯᠤᠨ᠎ᠠ᠃        ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ       ᠰᠦᠢᠳᠬᠡᠯ ᠬᠤᠷᠢᠶᠠᠬᠤ ᠪᠠᠷᠢᠮᠵᠢᠶ᠎ᠠ᠄ ︽ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ  ᠦᠨᠡᠮᠯᠡᠯ ᠢ ᠭᠤᠶᠤᠴᠢᠯᠠᠨ ᠠᠪᠬᠤ᠂ ᠰᠣᠯᠢᠵᠤ ᠠᠪᠬᠤ ᠰᠠᠭᠤᠭᠠᠯᠢ ᠠᠷᠠᠳ ᠠᠴᠠ ᠦᠨᠡᠮᠯᠡᠯ ᠪᠦᠷᠢ ᠳᠤ 20  ᠲᠥᠭᠦᠷᠢᠭ ᠤᠨ ᠰᠦᠢᠳᠬᠡᠯ ᠬᠤᠷᠢᠶᠠᠨ᠎ᠠ᠂ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ  ᠨᠥᠬᠦᠵᠦ ᠠᠪᠬᠤ ᠪᠤᠶᠤ ᠡᠪᠳᠡᠵᠦ ᠰᠦᠢᠳᠬᠡᠭᠰᠡᠨ ᠠᠴᠠ ᠪᠣᠯᠵᠤ ᠰᠣᠯᠢᠬᠤ ᠠᠪᠬᠤ ᠰᠠᠭᠤᠭᠠᠯᠢ ᠠᠷᠠᠳ ᠠᠴᠠ  ᠦᠨᠡᠮᠯᠡᠯ ᠪᠦᠷᠢ ᠳᠤ 40 ᠲᠥᠭᠦᠷᠢᠭ ᠤᠨ ᠰᠦᠢᠳᠬᠡᠯ ᠬᠤᠷᠢᠶᠠᠨ᠎ᠠ︾︔ ᠲᠦᠷ ᠴᠠᠭ ᠤᠨ ᠰᠠᠭᠤᠭᠠᠯᠢ ᠠᠷᠠᠳ ᠤᠨ  ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠰᠠᠭᠤᠭᠠᠯᠢ ᠠᠷᠠᠳ ᠠᠴᠠ ᠦᠨᠡᠮᠯᠡᠯ ᠪᠦᠷᠢ ᠠᠴᠠ 10 ᠲᠥᠭᠦᠷᠢᠭ ᠤᠨ  ᠰᠦᠢᠳᠬᠡᠯ ᠬᠤᠷᠢᠶᠠᠨ᠎ᠠ᠃  ᠰᠦᠢᠳᠬᠡᠯ ᠬᠤᠷᠢᠶᠠᠬᠤ ᠦᠨᠳᠦᠰᠦᠯᠡᠯ᠄ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠰᠦᠢᠳᠬᠡᠯ  ᠬᠤᠷᠢᠶᠠᠬᠤ ᠪᠠᠷᠢᠮᠵᠢᠶ᠎ᠠ ᠵᠢᠴᠢ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠤᠯᠤᠰ ᠤᠨ ᠬᠥᠭᠵᠢᠭᠦᠯᠦᠯᠲᠡ  ᠥᠭᠡᠷᠡᠴᠢᠯᠡᠯᠲᠡ ᠶᠢᠨ ᠬᠤᠷᠢᠶ᠎ᠠ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ  ᠦᠨ᠎ᠡ ︽2003︾ 2322 ᠳ᠋ᠤᠭᠠᠷ ᠲᠣᠭᠠᠲᠤ︶    ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠴᠠᠩ ᠴᠢᠩ ᠵᠠᠮ ᠤᠨ 103 ᠳ᠋ᠤᠭᠠᠷ ᠨᠣᠮᠧᠷ       ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ      8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ  ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶          ᠭᠦᠢᠴᠡᠳᠬᠡᠬᠦ ᠭᠠᠵᠠᠷ᠄ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ       ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ  8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ  ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号