| | | ᠬᠦᠯᠢᠶᠡᠨ ᠰᠢᠢᠳᠪᠦᠷᠢᠯᠡᠬᠦ ᠨᠥᠬᠦᠴᠡᠯ | ᠭᠡᠭᠡᠭᠰᠡᠨ ᠢᠶᠠᠨ ᠮᠡᠳᠡᠭᠦᠯᠬᠦ ᠬᠥᠮᠦᠨ ᠥᠪᠡᠷ ᠤᠨ ᠡᠷᠦᠬᠡ ᠠᠮᠠ ᠶᠢᠨ ᠳᠡᠪᠲᠡᠷ᠂ ᠵᠢᠯᠣᠭᠤᠴᠢ ᠶᠢᠨ ᠦᠨᠡᠮᠯᠡᠯ᠂ | ᠫᠠᠰᠫᠣᠷᠲ᠂ ᠰᠢᠶᠠᠩᠭᠠᠩ ᠣᠣᠮᠧᠨ ᠳᠤ ᠨᠡᠪᠲᠡᠷᠡᠬᠦ ᠦᠨᠡᠮᠯᠡᠯ ᠪᠤᠶᠤ ᠡᠬᠡ ᠬᠠᠭᠤᠷᠠᠢ ᠶᠢᠨ ᠦᠨᠡᠮᠯᠡᠯ ᠵᠡᠷᠭᠡ ᠶᠢᠨ | ᠨᠢᠭᠡ ᠶᠢ ᠨᠢ ᠪᠡᠯᠡᠳᠬᠡᠨ᠎ᠡ | ᠲᠤᠭᠲᠠᠭᠠᠭᠰᠠᠨ ᠦᠨᠳᠦᠰᠦᠯᠡᠯ | 1.【 ᠬᠠᠤᠯᠢ ᠴᠠᠭᠠᠵᠠ 】 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ | ᠠᠷᠠᠳ ᠤᠨ ᠪᠡᠶ᠎ᠡ ᠶᠢᠨ ᠦᠨᠡᠮᠯᠡᠯ ᠤᠨ ᠬᠠᠤᠯᠢ︾ ︵2011 ᠣᠨ ᠤ ᠵᠠᠰᠠᠪᠤᠷᠢ ᠣᠷᠣᠭᠤᠯᠤᠭᠰᠠᠨ ᠳᠡᠪᠲᠡᠷ︶ ︵ | 2003 ᠣᠨ ᠤ 6 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠠᠴᠠ | ᠪᠠᠲᠤᠯᠠᠪᠠ 2003 ᠣᠨ ᠤ 6 ᠰᠠᠷ᠎ᠠ ᠶᠢᠨ 28 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠲᠡᠷᠢᠭᠦᠯᠡᠭᠴᠢ ᠶᠢᠨ 4 ᠳ᠋ᠦ᠋ᠭᠡᠷ ᠵᠠᠷᠯᠢᠭ ᠢᠶᠠᠷ ᠨᠡᠶᠢᠲᠡᠯᠡᠪᠡ 2004 ᠣᠨ ᠤ 1 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ 2012 ᠣᠨ ᠤ 1 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠭᠰᠡᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠤᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠪᠦ᠋ᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ︾ ᠨᠢᠭᠡᠳᠦᠭᠡᠷ ᠤᠳᠠᠭ᠎ᠠ ᠵᠠᠰᠠᠪᠤᠷᠢ ᠣᠷᠤᠭᠤᠯᠤᠭᠰᠠᠨ︶ ᠶᠢᠨ | ᠳᠣᠯᠣᠳᠤᠭᠠᠷ ᠵᠦᠢᠯ᠂ ᠠᠷᠠᠳ ᠢᠷᠭᠡᠨ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠰᠡᠨ ᠡᠳᠦᠷ ᠠᠴᠠ ᠡᠬᠢᠯᠡᠨ | ᠭᠤᠷᠪᠠᠨ ᠰᠠᠷ᠎ᠠ ᠶᠢᠨ ᠳᠣᠲᠣᠷ᠎ᠠ ᠪᠠᠶᠢᠩᠭᠤ ᠰᠠᠭᠤᠭ᠎ᠠ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ | ᠬᠡᠷᠡᠭᠲᠡᠶ᠃ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠠᠷᠠᠳ ᠢᠷᠭᠡᠨ ᠤ ᠬᠢᠨᠠᠨ ᠬᠠᠮᠠᠭᠠᠯᠠᠭᠴᠢ ᠨᠢ | ᠲᠡᠭᠦᠨ ᠢ ᠣᠷᠣᠯᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠴᠤ ᠪᠣᠯᠣᠨ᠎ᠠ᠃ ᠨᠠᠢᠮᠠᠳᠤᠭᠠᠷ | ᠵᠦᠢᠯ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠰᠠᠭᠤᠭᠠᠯᠢ ᠠᠷᠠᠳ ᠤᠨ ᠪᠠᠶᠢᠩᠭᠤ ᠰᠠᠭᠤᠭ᠎ᠠ ᠡᠷᠦᠬᠡ | ᠠᠮᠠ ᠶᠢᠨ ᠳᠠᠩᠰᠠ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠷᠬᠠᠭᠠᠨ᠎ᠠ᠃ ᠠᠷᠪᠠᠨ ᠬᠤᠶᠠᠳᠤᠭᠠᠷ ᠵᠦᠢᠯ᠂ ᠠᠷᠠᠳ ᠢᠷᠭᠡᠨ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠭᠤᠶᠤᠴᠢᠯᠠᠨ ᠠᠪᠬᠤ᠂ ᠰᠣᠯᠢᠵᠤ ᠠᠪᠬᠤ᠂ ᠨᠥᠬᠦᠪᠥᠷᠢᠯᠡᠵᠦ | ᠠᠪᠬᠤ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠣᠭᠲᠠᠭᠠᠯ ᠶᠣᠰᠣᠭᠠᠷ ᠴᠠᠭ ᠲᠤᠬᠠᠶ ᠳᠤᠨᠢ | ᠰᠢᠢᠳᠪᠦᠷᠢᠯᠡᠵᠦ ᠥᠭᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠷᠠᠳ ᠢᠷᠭᠡᠨ ᠤ ︽ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠳᠠᠩᠰᠠᠯᠠᠯᠲᠠ ᠶᠢᠨ ᠬᠦᠰᠦᠨᠦᠭᠲᠦ︾ ᠶᠢ | ᠲᠤᠰᠢᠶᠠᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ | ᠣᠯᠭᠤᠬᠤ ᠬᠡᠷᠡᠭᠲᠡᠶ︔ ᠵᠠᠮ ᠬᠠᠷᠢᠯᠴᠠᠭ᠎ᠠ ᠳᠥᠭᠦᠮ ᠦᠭᠡᠢ ᠭᠠᠵᠠᠷ ᠣᠷᠣᠨ ᠤ ᠰᠢᠢᠳᠪᠦᠷᠢᠯᠡᠬᠦ ᠴᠠᠭ ᠢ | ᠵᠣᠬᠢᠰᠲᠠᠶ ᠪᠠᠷ ᠤᠷᠲᠤᠳᠬᠠᠵᠤ ᠪᠣᠯᠤᠨ᠎ᠠ᠂ ᠭᠡᠪᠡᠴᠦ ᠤᠷᠲᠤᠳᠬᠠᠬᠤ ᠴᠠᠭ ᠢ ᠭᠤᠴᠢᠨ ᠡᠳᠦᠷ ᠠᠴᠠ ᠬᠡᠲᠦᠷᠡᠭᠦᠯᠵᠦ | ᠪᠣᠯᠬᠤ ᠦᠭᠡᠢ᠃ ᠠᠷᠠᠳ ᠢᠷᠭᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠭᠤᠶᠤᠴᠢᠯᠠᠨ ᠠᠪᠬᠤ᠂ | ᠰᠣᠯᠢᠵᠤ ᠠᠪᠬᠤ᠂ ᠨᠥᠬᠦᠪᠥᠷᠢᠯᠡᠵᠦ ᠠᠪᠬᠤ ᠬᠤᠭᠤᠴᠠᠭᠠᠨ ᠳᠠᠭᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ | ᠪᠠᠴᠢᠮ ᠬᠡᠷᠡᠭᠯᠡᠬᠦ ᠴᠢᠬᠤᠯᠠᠲᠠᠶ ᠪᠠᠶᠢᠪᠠᠯ᠂ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠭᠤᠶᠤᠴᠢᠯᠠᠨ ᠠᠪᠴᠤ ᠪᠣᠯᠤᠨ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠣᠭᠲᠠᠭᠠᠯ ᠶᠣᠰᠣᠭᠠᠷ ᠴᠠᠭ | ᠲᠤᠬᠠᠶ ᠳᠤᠨᠢ ᠰᠢᠢᠳᠪᠦᠷᠢᠯᠡᠵᠦ ᠥᠭᠬᠦ ᠬᠡᠷᠡᠭᠲᠡᠶ᠃ | ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ | ᠲᠤᠭᠲᠠᠭᠠᠨ᠎ᠠ᠃ 2.【ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ】 ︽ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠢ ᠣᠨᠳᠣᠤ ᠭᠠᠵᠠᠷ ᠲᠤ ᠬᠦᠯᠢᠶᠡᠨ ᠠᠪᠴᠤ ᠰᠢᠢᠳᠪᠦᠷᠢᠯᠡᠬᠦ ᠭᠡᠭᠡᠭᠰᠡᠨ ᠢᠶᠠᠨ ᠮᠡᠳᠡᠭᠦᠯᠬᠦ ᠪᠠ ᠭᠡᠭᠡᠭᠰᠡᠨ ᠢᠶᠠᠨ | ᠲᠠᠨᠢᠵᠤ ᠠᠪᠬᠤ ᠲᠦᠷᠢᠮ ᠢ ᠪᠠᠶᠢᠭᠤᠯᠬᠤ ᠲᠤᠬᠠᠶ ᠰᠠᠨᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ 2015 | ᠣᠨ ᠤ 11 ᠳ᠋ᠦ᠋ᠭᠡᠷ ᠰᠠᠷ᠎ᠠ ᠶᠢᠨ 12 ᠤᠨ ᠡᠳᠦᠷ︶ ᠤᠨ ᠬᠤᠶᠠᠳᠤᠭᠠᠷ ᠵᠦᠢᠯ ᠳᠤ᠂ ᠭᠤᠤᠯᠳᠠᠯᠭ᠎ᠠ ᠲᠠᠢ ᠡᠭᠦᠷᠭᠡ ︵ | ᠬᠤᠶᠠᠷ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠢᠶᠠᠨ ᠮᠡᠳᠡᠭᠦᠯᠬᠦ ᠲᠦᠷᠢᠮ 1 ᠶᠢ | ᠪᠠᠶᠢᠭᠤᠯᠵᠤ᠂ ᠣᠶᠢᠷ᠎ᠠ ᠬᠠᠪᠢ ᠳᠠᠭᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠢᠶᠠᠨ ᠮᠡᠳᠡᠭᠦᠯᠬᠦ | ᠭᠠᠷ ᠭᠦᠢᠴᠡᠳᠬᠡᠯ ᠬᠢᠨ᠎ᠠ᠃ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠦᠬᠡ ᠠᠮᠠ ᠶᠢᠨ | ᠲᠣᠮᠢᠯᠠᠭᠰᠠᠨ ᠰᠠᠯᠪᠤᠷᠢ᠂ ᠦᠨᠡᠮᠯᠡᠯ ᠭᠦᠢᠴᠡᠳᠬᠡᠬᠦ ᠲᠢᠩᠬᠢᠮ ᠠᠷᠠᠳ ᠢᠷᠭᠡᠨ ᠤ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠢᠶᠠᠨ ᠭᠡᠭᠡᠭᠰᠡᠨ ᠢᠶᠠᠨ ᠮᠡᠳᠡᠭᠦᠯᠬᠦ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠨ᠎ᠡ᠃ ᠠᠷᠠᠳ | ᠢᠷᠭᠡᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ᠂ ᠬᠤᠯᠠᠭᠠᠶᠢᠯᠠᠭᠳᠠᠭᠰᠠᠨ ᠪᠠᠶᠢᠪᠠᠯ᠂ | ᠰᠠᠭᠤᠭᠠᠯᠢ ᠠᠷᠠᠳ ᠤᠨ ᠡᠷᠤᠭᠡ ᠠᠮᠠ ᠶᠢᠨ ᠲᠠᠩᠰᠠ ᠶᠢᠨ ᠳᠡᠪᠲᠡᠷ ᠢᠶᠠᠨ ᠠᠪᠴᠤ ᠪᠠᠶᠢᠩᠭᠤ ᠰᠠᠭᠤᠭ᠎ᠠ ᠡᠷᠤᠭᠡ | ᠠᠮᠠ ᠶᠢᠨ ᠲᠠᠩᠰᠠ ᠶᠢᠨ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠣᠴᠢᠵᠤ | ᠭᠡᠭᠡᠭᠰᠡᠨ ᠢᠶᠠᠨ ᠮᠡᠳᠡᠭᠦᠯᠬᠦ ᠶᠢᠨ ᠬᠠᠮᠲᠤ ᠨᠥᠬᠦᠵᠦ ᠠᠪᠬᠤ ᠭᠠᠷ ᠭᠦᠢᠴᠡᠳᠬᠡᠯ ᠬᠢᠵᠦ ᠪᠣᠯᠤᠨ᠎ᠠ︔ ᠪᠠᠶᠢᠩᠭᠤ | ᠰᠠᠭᠤᠭ᠎ᠠ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠠᠴᠠ ᠪᠠᠨ ᠰᠠᠯᠪᠠᠯ᠂ ᠣᠶᠢᠷ᠎ᠠ ᠬᠠᠪᠢ ᠶᠢᠨ ᠡᠷᠦᠬᠡ ᠠᠮᠠ ᠶᠢᠨ | ᠲᠣᠮᠢᠯᠠᠭᠰᠠᠨ ᠰᠠᠯᠪᠤᠷᠢ ᠪᠤᠶᠤ ᠦᠨᠡᠮᠯᠡᠯ ᠭᠦᠢᠴᠡᠳᠬᠡᠬᠦ ᠶᠡᠭᠡ ᠲᠢᠩᠬᠢᠮ ᠳᠤ ᠬᠦᠷᠴᠦ ᠭᠡᠭᠡᠭᠰᠡᠨ ᠢᠶᠠᠨ ᠮᠡᠳᠡᠭᠦᠯᠵᠦ | ᠪᠣᠯᠤᠨ᠎ᠠ᠃ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠣᠨᠳᠣᠣ ᠭᠠᠵᠠᠷ ᠲᠤ ᠬᠦ᠋ᠯᠢᠶᠡᠨ ᠠᠪᠴᠤ ᠰᠢᠢᠳᠪᠦᠷᠢᠯᠡᠬᠦ | ᠨᠥᠬᠦᠴᠡᠯ ᠳᠤ ᠨᠡᠶᠢᠴᠡᠭᠰᠡᠨ ᠪᠠᠶᠢᠪᠠᠯ᠂ ᠣᠨᠳᠣᠣ ᠭᠠᠵᠠᠷ ᠤᠨ ᠬᠦ᠋ᠯᠢᠶᠡᠨ ᠠᠪᠴᠤ ᠰᠢᠢᠳᠪᠦᠷᠢᠯᠡᠬᠦ ᠭᠠᠵᠠᠷ ᠲᠤ | ᠨᠥᠬᠦᠨ ᠠᠪᠬᠤ ᠭᠠᠷ ᠭᠦᠢᠴᠡᠳᠬᠡᠯ ᠬᠢᠵᠦ ᠪᠣᠯᠤᠨ᠎ᠠ᠃ | ᠭᠦᠢᠴᠡᠳᠬᠡᠬᠦ ᠭᠠᠵᠠᠷ᠄ | ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠴᠠᠩ ᠴᠢᠩ ᠵᠠᠮ ᠤᠨ 103 ᠳ᠋ᠤᠭᠠᠷ ᠨᠣᠮᠧᠷ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ | 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠭᠦᠢᠴᠡᠳᠬᠡᠬᠦ ᠭᠠᠵᠠᠷ᠄ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ | ᠲᠣᠮᠢᠯᠠᠭᠰᠠᠨ ᠰᠠᠯᠪᠤᠷᠢ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ |