| | | ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠢᠯᠢ ᠶᠢᠨ ᠳᠣᠲᠣᠷ᠎ᠠ ᠰᠠᠭᠤᠵᠤ ᠪᠠᠶᠢᠭ᠎ᠠ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠰᠡᠨ ᠳᠤᠮᠳᠠᠳᠤ ᠤᠯᠤᠰ ᠤᠨ | ᠠᠷᠠᠳ ᠢᠷᠭᠡᠨ ᠲᠤᠰ ᠬᠠᠤᠯᠢ ᠶᠢᠨ ᠲᠣᠭᠲᠠᠭᠠᠯ ᠶᠣᠰᠣᠭᠠᠷ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠭᠤᠶᠤᠴᠢᠯᠠᠨ ᠠᠪᠬᠤ ᠬᠡᠷᠡᠭᠲᠡᠶ︔ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠳᠤᠮᠳᠠᠳᠤ ᠤᠯᠤᠰ ᠤᠨ ᠠᠷᠠᠳ | ᠢᠷᠭᠡᠨ ᠲᠤᠰ ᠬᠠᠤᠯᠢ ᠶᠢᠨ ᠲᠣᠭᠲᠠᠭᠠᠯ ᠶᠣᠰᠣᠭᠠᠷ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ | ᠠᠪᠴᠤ ᠪᠣᠯᠤᠨ᠎ᠠ᠃ 2᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠰᠠᠭᠤᠵᠤ | ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠰᠣᠯᠢᠵᠤ ᠠᠪᠬᠤ᠂ | ᠨᠥᠬᠦᠪᠥᠷᠢᠯᠡᠵᠦ ᠠᠪᠬᠤ ᠪᠠᠷ ᠭᠤᠶᠤᠴᠢᠯᠠᠵᠤ ᠪᠠᠶᠢᠭ᠎ᠠ ᠬᠤᠭᠤᠴᠠᠭᠠᠨ ᠳᠠᠭᠠᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠢ ᠪᠠᠴᠢᠮ ᠬᠡᠷᠡᠭᠯᠡᠬᠦ ᠴᠢᠬᠤᠯᠠᠲᠠᠢ ᠪᠠᠶᠢᠪᠠᠯ᠂ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠢ ᠭᠤᠶᠤᠴᠢᠯᠠᠨ ᠠᠪᠴᠤ ᠪᠣᠯᠤᠨ᠎ᠠ᠃ 3. ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠶᠢᠨ ᠪᠠᠶᠢᠭ᠎ᠠ | ᠭᠠᠵᠠᠷ ᠠᠴᠠ ᠪᠠᠨ ᠰᠠᠯᠵᠤ ᠠᠷᠤ ᠬᠤᠷᠴᠢᠨ ᠬᠤᠰᠢᠭᠤᠨ ᠳᠤ ᠬᠠᠤᠯᠢ ᠶᠣᠰᠣᠨ ᠤ ᠲᠣᠭᠲᠠᠪᠤᠷᠢᠲᠠᠶ ᠠᠵᠢᠯ ᠣᠯᠤᠭᠰᠠᠨ | ᠂ ᠰᠤᠷᠭᠠᠭᠤᠯᠢ ᠳᠤ ᠤᠷᠤᠭᠰᠠᠨ ᠪᠤᠶᠤ ᠰᠠᠭᠤᠷᠢᠰᠢᠭᠰᠠᠨ ᠪᠥᠭᠡᠳ ᠲᠣᠮᠢᠯᠠᠭᠰᠠᠨ ᠰᠠᠯᠪᠤᠷᠢ ᠳᠤ ᠣᠷᠣᠰᠢᠨ | ᠰᠠᠭᠤᠬᠤ ᠪᠠᠷ ᠳᠠᠩᠰᠠᠯᠠᠭᠤᠯᠤᠭᠰᠠᠨ ᠬᠥᠮᠦᠰ᠂ ᠬᠡᠷᠪᠡ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ᠂ | ᠡᠪᠳᠡᠷᠡᠭᠰᠡᠨ ᠪᠤᠶᠤ ᠬᠦᠴᠦᠨ ᠲᠠᠢ ᠬᠤᠭᠤᠴᠠᠭ᠎ᠠ ᠨᠢ ᠳᠦᠭᠦᠷᠦᠭᠡᠳ᠂ ᠣᠨᠳᠣᠤ ᠭᠠᠵᠠᠷ ᠲᠤ ᠨᠥᠬᠦᠵᠦ ᠠᠪᠬᠤ᠂ | ᠰᠣᠯᠢᠵᠤ ᠠᠪᠬᠤ ᠴᠢᠬᠤᠯᠠ ᠲᠠᠢ ᠪᠣᠯ᠂ ᠲᠣᠰ ᠬᠥᠮᠦᠨ ᠨᠢ ᠬᠦᠴᠦᠨ ᠪᠥᠬᠦᠶ ᠦᠨᠡᠮᠯᠡᠯ ᠢᠶᠠᠷ ᠢᠶᠠᠨ ᠣᠲᠣ ᠶᠢᠨ | ᠰᠠᠭᠤᠭ᠎ᠠ ᠭᠠᠵᠠᠷ ᠤᠨ ᠣᠨᠳᠣᠤ ᠭᠠᠵᠠᠷ ᠲᠤ ᠦᠨᠡᠮᠯᠡᠯ ᠭᠦᠶ᠋ᠴᠡᠳᠬᠡᠬᠦ ᠶᠢ ᠭᠥᠯᠢᠶᠡᠨ ᠠᠪᠴᠤ ᠰᠢᠢᠳᠪᠦᠷᠢᠯᠡᠬᠦ | ᠭᠠᠵᠠᠷ ᠲᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠃ ︵ᠬᠤᠶᠠᠷ︶ ᠦᠯᠦ ᠵᠦᠪᠰᠢᠶᠡᠷᠡᠬᠦ ᠪᠠᠶᠢᠳᠠᠯ᠄ | ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠤᠳᠠᠲᠠᠢ ᠪᠢᠰᠢ︔ ︵ᠭᠤᠷᠪᠠ︶ | ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠥᠮᠦᠨ ᠪᠦᠷᠢ ᠨᠢᠭᠡ ᠯᠡ ᠬᠤᠪᠢ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠠᠪᠴᠤ ᠪᠣᠯᠤᠨ᠎ᠠ᠃ | ᠲᠤᠭᠲᠠᠭᠠᠭᠰᠠᠨ ᠦᠨᠳᠦᠰᠦᠯᠡᠯ | 【 ᠬᠠᠤᠯᠢ ᠴᠠᠭᠠᠵᠠ 】 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠤᠨ ᠬᠠᠤᠯᠢ︾ ︵2011 ᠣᠨ ᠤ ᠵᠠᠰᠠᠪᠤᠷᠢ ᠣᠷᠣᠭᠤᠯᠤᠭᠰᠠᠨ ᠳᠡᠪᠲᠡᠷ︶ ︵2003 | ᠣᠨ ᠤ 6 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠠᠴᠠ | ᠪᠠᠲᠤᠯᠠᠪᠠ 2003 ᠣᠨ ᠤ 6 ᠰᠠᠷ᠎ᠠ ᠶᠢᠨ 28 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠲᠡᠷᠢᠭᠦᠯᠡᠭᠴᠢ ᠶᠢᠨ 4 ᠳ᠋ᠦ᠋ᠭᠡᠷ ᠵᠠᠷᠯᠢᠭ ᠢᠶᠠᠷ ᠨᠡᠶᠢᠲᠡᠯᠡᠪᠡ 2004 ᠣᠨ ᠤ 1 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ 2012 ᠣᠨ ᠤ 1 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠭᠰᠡᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠤᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠪᠦ᠋ᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ︾ ᠨᠢᠭᠡᠳᠦᠭᠡᠷ ᠤᠳᠠᠭ᠎ᠠ ᠵᠠᠰᠠᠪᠤᠷᠢ ᠣᠷᠤᠭᠤᠯᠤᠭᠰᠠᠨ︶ ᠶᠢᠨ | ᠳᠣᠯᠣᠳᠤᠭᠠᠷ ᠵᠦᠢᠯ᠂ ᠠᠷᠠᠳ ᠢᠷᠭᠡᠨ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠰᠡᠨ ᠡᠳᠦᠷ ᠠᠴᠠ ᠡᠬᠢᠯᠡᠨ | ᠭᠤᠷᠪᠠᠨ ᠰᠠᠷ᠎ᠠ ᠶᠢᠨ ᠳᠣᠲᠣᠷ᠎ᠠ ᠪᠠᠶᠢᠩᠭᠤ ᠰᠠᠭᠤᠭ᠎ᠠ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ | ᠬᠡᠷᠡᠭᠲᠡᠶ᠃ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠠᠷᠠᠳ ᠢᠷᠭᠡᠨ ᠤ ᠬᠢᠨᠠᠨ ᠬᠠᠮᠠᠭᠠᠯᠠᠭᠴᠢ ᠨᠢ | ᠲᠡᠭᠦᠨ ᠢ ᠣᠷᠣᠯᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠴᠤ ᠪᠣᠯᠣᠨ᠎ᠠ᠃ ᠨᠠᠢᠮᠠᠳᠤᠭᠠᠷ | ᠵᠦᠢᠯ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠰᠠᠭᠤᠭᠠᠯᠢ ᠠᠷᠠᠳ ᠤᠨ ᠪᠠᠶᠢᠩᠭᠤ ᠰᠠᠭᠤᠭ᠎ᠠ ᠡᠷᠦᠬᠡ | ᠠᠮᠠ ᠶᠢᠨ ᠳᠠᠩᠰᠠ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠷᠬᠠᠭᠠᠨ᠎ᠠ᠃ ᠠᠷᠪᠠᠨ ᠬᠤᠶᠠᠳᠤᠭᠠᠷ ᠵᠦᠢᠯ᠂ ᠠᠷᠠᠳ ᠢᠷᠭᠡᠨ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠭᠤᠶᠤᠴᠢᠯᠠᠨ ᠠᠪᠬᠤ᠂ ᠰᠣᠯᠢᠵᠤ ᠠᠪᠬᠤ᠂ ᠨᠥᠬᠦᠪᠥᠷᠢᠯᠡᠵᠦ | ᠠᠪᠬᠤ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠣᠭᠲᠠᠭᠠᠯ ᠶᠣᠰᠣᠭᠠᠷ ᠴᠠᠭ ᠲᠤᠬᠠᠶ ᠳᠤᠨᠢ | ᠰᠢᠢᠳᠪᠦᠷᠢᠯᠡᠵᠦ ᠥᠭᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠷᠠᠳ ᠢᠷᠭᠡᠨ ᠤ ︽ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠳᠠᠩᠰᠠᠯᠠᠯᠲᠠ ᠶᠢᠨ ᠬᠦᠰᠦᠨᠦᠭᠲᠦ︾ ᠶᠢ | ᠲᠤᠰᠢᠶᠠᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ | ᠣᠯᠭᠤᠬᠤ ᠬᠡᠷᠡᠭᠲᠡᠶ︔ ᠵᠠᠮ ᠬᠠᠷᠢᠯᠴᠠᠭ᠎ᠠ ᠳᠥᠭᠦᠮ ᠦᠭᠡᠢ ᠭᠠᠵᠠᠷ ᠣᠷᠣᠨ ᠤ ᠰᠢᠢᠳᠪᠦᠷᠢᠯᠡᠬᠦ ᠴᠠᠭ ᠢ | ᠵᠣᠬᠢᠰᠲᠠᠶ ᠪᠠᠷ ᠤᠷᠲᠤᠳᠬᠠᠵᠤ ᠪᠣᠯᠤᠨ᠎ᠠ᠂ ᠭᠡᠪᠡᠴᠦ ᠤᠷᠲᠤᠳᠬᠠᠬᠤ ᠴᠠᠭ ᠢ ᠭᠤᠴᠢᠨ ᠡᠳᠦᠷ ᠠᠴᠠ ᠬᠡᠲᠦᠷᠡᠭᠦᠯᠵᠦ | ᠪᠣᠯᠬᠤ ᠦᠭᠡᠢ᠃ ᠠᠷᠠᠳ ᠢᠷᠭᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠭᠤᠶᠤᠴᠢᠯᠠᠨ ᠠᠪᠬᠤ᠂ | ᠰᠣᠯᠢᠵᠤ ᠠᠪᠬᠤ᠂ ᠨᠥᠬᠦᠪᠥᠷᠢᠯᠡᠵᠦ ᠠᠪᠬᠤ ᠬᠤᠭᠤᠴᠠᠭᠠᠨ ᠳᠠᠭᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ | ᠪᠠᠴᠢᠮ ᠬᠡᠷᠡᠭᠯᠡᠬᠦ ᠴᠢᠬᠤᠯᠠᠲᠠᠶ ᠪᠠᠶᠢᠪᠠᠯ᠂ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠭᠤᠶᠤᠴᠢᠯᠠᠨ ᠠᠪᠴᠤ ᠪᠣᠯᠤᠨ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠣᠭᠲᠠᠭᠠᠯ ᠶᠣᠰᠣᠭᠠᠷ ᠴᠠᠭ | ᠲᠤᠬᠠᠶ ᠳᠤᠨᠢ ᠰᠢᠢᠳᠪᠦᠷᠢᠯᠡᠵᠦ ᠥᠭᠬᠦ ᠬᠡᠷᠡᠭᠲᠡᠶ᠃ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠤᠭᠲᠠᠭᠠᠨ᠎ᠠ᠃ 2.【ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ】 ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠣᠨᠳᠣᠤ ᠭᠠᠵᠠᠷ ᠲᠤ ᠬᠦᠯᠢᠶᠡᠨ ᠠᠪᠴᠤ | ᠰᠢᠢᠳᠪᠦᠷᠢᠯᠡᠬᠦ ᠭᠡᠭᠡᠭᠰᠡᠨ ᠢᠶᠠᠨ ᠮᠡᠳᠡᠭᠦᠯᠬᠦ ᠪᠠ ᠭᠡᠭᠡᠭᠰᠡᠨ ᠢᠶᠠᠨ ᠲᠠᠨᠢᠵᠤ ᠠᠪᠬᠤ ᠲᠦᠷᠢᠮ ᠢ ᠪᠠᠶᠢᠭᠤᠯᠬᠤ ᠲᠤᠬᠠᠶ | ᠰᠠᠨᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ 2015 ᠣᠨ ᠤ 11 ᠳ᠋ᠦ᠋ᠭᠡᠷ ᠰᠠᠷ᠎ᠠ ᠶᠢᠨ 12 ᠤᠨ ᠡᠳᠦᠷ︶ | ᠤᠨ ᠬᠤᠶᠠᠳᠤᠭᠠᠷ ᠵᠦᠢᠯ ᠳᠤ᠂ ᠭᠤᠤᠯᠳᠠᠯᠭ᠎ᠠ ᠲᠠᠢ ᠡᠭᠦᠷᠭᠡ ︵ ᠬᠤᠶᠠᠷ︶ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠢᠶᠠᠨ ᠭᠡᠭᠡᠭᠰᠡᠨ ᠢᠶᠠᠨ ᠮᠡᠳᠡᠭᠦᠯᠬᠦ ᠲᠦᠷᠢᠮ 1 ᠶᠢ ᠪᠠᠶᠢᠭᠤᠯᠵᠤ᠂ ᠣᠶᠢᠷ᠎ᠠ ᠬᠠᠪᠢ ᠳᠠᠭᠠᠨ ᠰᠠᠭᠤᠭᠠᠯᠢ | ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠢᠶᠠᠨ ᠮᠡᠳᠡᠭᠦᠯᠬᠦ ᠭᠠᠷ ᠭᠦᠢᠴᠡᠳᠬᠡᠯ ᠬᠢᠨ᠎ᠠ᠃ ᠪᠥᠬᠦ ᠤᠯᠤᠰ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠦᠬᠡ ᠠᠮᠠ ᠶᠢᠨ ᠲᠣᠮᠢᠯᠠᠭᠰᠠᠨ ᠰᠠᠯᠪᠤᠷᠢ᠂ ᠦᠨᠡᠮᠯᠡᠯ | ᠭᠦᠢᠴᠡᠳᠬᠡᠬᠦ ᠲᠢᠩᠬᠢᠮ ᠠᠷᠠᠳ ᠢᠷᠭᠡᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠢᠶᠠᠨ | ᠮᠡᠳᠡᠭᠦᠯᠬᠦ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠨ᠎ᠡ᠃ ᠠᠷᠠᠳ ᠢᠷᠭᠡᠨ ᠤ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠢᠶᠠᠨ ᠭᠡᠭᠡᠭᠰᠡᠨ᠂ ᠬᠤᠯᠠᠭᠠᠶᠢᠯᠠᠭᠳᠠᠭᠰᠠᠨ ᠪᠠᠶᠢᠪᠠᠯ᠂ ᠰᠠᠭᠤᠭᠠᠯᠢ ᠠᠷᠠᠳ ᠤᠨ ᠡᠷᠤᠭᠡ | ᠠᠮᠠ ᠶᠢᠨ ᠲᠠᠩᠰᠠ ᠶᠢᠨ ᠳᠡᠪᠲᠡᠷ ᠢᠶᠠᠨ ᠠᠪᠴᠤ ᠪᠠᠶᠢᠩᠭᠤ ᠰᠠᠭᠤᠭ᠎ᠠ ᠡᠷᠤᠭᠡ ᠠᠮᠠ ᠶᠢᠨ ᠲᠠᠩᠰᠠ ᠶᠢᠨ ᠪᠠᠶᠢᠭ᠎ᠠ | ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠣᠴᠢᠵᠤ ᠭᠡᠭᠡᠭᠰᠡᠨ ᠢᠶᠠᠨ ᠮᠡᠳᠡᠭᠦᠯᠬᠦ ᠶᠢᠨ ᠬᠠᠮᠲᠤ | ᠨᠥᠬᠦᠵᠦ ᠠᠪᠬᠤ ᠭᠠᠷ ᠭᠦᠢᠴᠡᠳᠬᠡᠯ ᠬᠢᠵᠦ ᠪᠣᠯᠤᠨ᠎ᠠ︔ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠪᠠᠶᠢᠭ᠎ᠠ | ᠭᠠᠵᠠᠷ ᠠᠴᠠ ᠪᠠᠨ ᠰᠠᠯᠪᠠᠯ᠂ ᠣᠶᠢᠷ᠎ᠠ ᠬᠠᠪᠢ ᠶᠢᠨ ᠡᠷᠦᠬᠡ ᠠᠮᠠ ᠶᠢᠨ ᠲᠣᠮᠢᠯᠠᠭᠰᠠᠨ ᠰᠠᠯᠪᠤᠷᠢ ᠪᠤᠶᠤ ᠦᠨᠡᠮᠯᠡᠯ | ᠭᠦᠢᠴᠡᠳᠬᠡᠬᠦ ᠶᠡᠭᠡ ᠲᠢᠩᠬᠢᠮ ᠳᠤ ᠬᠦᠷᠴᠦ ᠭᠡᠭᠡᠭᠰᠡᠨ ᠢᠶᠠᠨ ᠮᠡᠳᠡᠭᠦᠯᠵᠦ ᠪᠣᠯᠤᠨ᠎ᠠ᠃ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠢ ᠣᠨᠳᠣᠣ ᠭᠠᠵᠠᠷ ᠲᠤ ᠬᠦ᠋ᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠭᠰᠡᠨ | ᠪᠠᠶᠢᠪᠠᠯ᠂ ᠣᠨᠳᠣᠣ ᠭᠠᠵᠠᠷ ᠤᠨ ᠬᠦ᠋ᠯᠢᠶᠡᠨ ᠠᠪᠴᠤ ᠰᠢᠢᠳᠪᠦᠷᠢᠯᠡᠬᠦ ᠭᠠᠵᠠᠷ ᠲᠤ ᠨᠥᠬᠦᠨ ᠠᠪᠬᠤ ᠭᠠᠷ ᠭᠦᠢᠴᠡᠳᠬᠡᠯ | ᠬᠢᠵᠦ ᠪᠣᠯᠤᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ᠄ ︽ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠢ ᠭᠤᠶᠤᠴᠢᠯᠠᠨ ᠠᠪᠬᠤ᠂ ᠰᠣᠯᠢᠵᠤ ᠠᠪᠬᠤ ᠰᠠᠭᠤᠭᠠᠯᠢ ᠠᠷᠠᠳ ᠠᠴᠠ ᠦᠨᠡᠮᠯᠡᠯ ᠪᠦᠷᠢ ᠳᠤ 20 | ᠲᠥᠭᠦᠷᠢᠭ ᠤᠨ ᠰᠦᠢᠳᠬᠡᠯ ᠬᠤᠷᠢᠶᠠᠨ᠎ᠠ᠂ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ | ᠨᠥᠬᠦᠵᠦ ᠠᠪᠬᠤ ᠪᠤᠶᠤ ᠡᠪᠳᠡᠵᠦ ᠰᠦᠢᠳᠬᠡᠭᠰᠡᠨ ᠠᠴᠠ ᠪᠣᠯᠵᠤ ᠰᠣᠯᠢᠬᠤ ᠠᠪᠬᠤ ᠰᠠᠭᠤᠭᠠᠯᠢ ᠠᠷᠠᠳ ᠠᠴᠠ | ᠦᠨᠡᠮᠯᠡᠯ ᠪᠦᠷᠢ ᠳᠤ 40 ᠲᠥᠭᠦᠷᠢᠭ ᠤᠨ ᠰᠦᠢᠳᠬᠡᠯ ᠬᠤᠷᠢᠶᠠᠨ᠎ᠠ︾︔ ᠲᠦᠷ ᠴᠠᠭ ᠤᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠰᠠᠭᠤᠭᠠᠯᠢ ᠠᠷᠠᠳ ᠠᠴᠠ ᠦᠨᠡᠮᠯᠡᠯ ᠪᠦᠷᠢ ᠠᠴᠠ 10 ᠲᠥᠭᠦᠷᠢᠭ ᠤᠨ | ᠰᠦᠢᠳᠬᠡᠯ ᠬᠤᠷᠢᠶᠠᠨ᠎ᠠ᠃ | ᠰᠦᠢᠳᠬᠡᠯ ᠬᠤᠷᠢᠶᠠᠬᠤ ᠦᠨᠳᠦᠰᠦᠯᠡᠯ᠄ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠰᠦᠢᠳᠬᠡᠯ | ᠬᠤᠷᠢᠶᠠᠬᠤ ᠪᠠᠷᠢᠮᠵᠢᠶ᠎ᠠ ᠵᠢᠴᠢ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠬᠤᠷᠢᠶ᠎ᠠ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ | ᠦᠨ᠎ᠡ ︽2003︾ 2322 ᠳ᠋ᠤᠭᠠᠷ ᠲᠣᠭᠠᠲᠤ︶ | ᠭᠦᠢᠴᠡᠳᠬᠡᠬᠦ ᠭᠠᠵᠠᠷ | ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠴᠠᠩ ᠴᠢᠩ ᠵᠠᠮ ᠤᠨ 103 ᠳ᠋ᠤᠭᠠᠷ ᠨᠣᠮᠧᠷ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ | 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠭᠦᠢᠴᠡᠳᠬᠡᠬᠦ ᠭᠠᠵᠠᠷ᠄ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ | ᠲᠣᠮᠢᠯᠠᠭᠰᠠᠨ ᠰᠠᠯᠪᠤᠷᠢ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | |