ᠦᠬᠦᠭᠰᠡᠨ ᠬᠥᠮᠥᠨ ᠤ ᠡᠷᠦᠬᠡ ᠠᠮᠠ ᠶᠢ ᠬᠠᠰᠤᠬᠤ
ᠨᠡᠶᠢᠲᠡᠯᠡᠭᠰᠡᠨ ᠴᠠᠭ᠄
2022/1/10
    ᠬᠦᠯᠢᠶᠡᠨ ᠰᠢᠢᠳᠪᠦᠷᠢᠯᠡᠬᠦ ᠨᠥᠬᠦᠴᠡᠯ         ᠬᠡᠪ ᠤᠨ ᠪᠠᠶᠢᠳᠠᠯ ᠢᠶᠠᠷ ᠥᠭᠦᠭᠰᠡᠨ᠂ ᠬᠡᠪ ᠤᠨ ᠪᠤᠰᠤ ᠪᠠᠶᠢᠳᠠᠯ ᠢᠶᠠᠷ ᠥᠭᠦᠭᠰᠡᠨ ᠬᠥᠮᠦᠨ ᠤ ᠡᠷᠦᠬᠡ  ᠠᠮᠠ ᠶᠢᠨ ᠲᠠᠩᠰᠠ ᠶᠢ ᠬᠦᠴᠦᠨ ᠥᠬᠡᠶ ᠪᠣᠯᠭᠠᠬᠤ ᠴᠢᠬᠤᠯᠠᠲᠠᠶ ᠪᠣᠯ ᠡᠷᠦᠬᠡ ᠶᠢᠨ ᠡᠵᠡᠨ᠂ ᠰᠢᠭᠤᠳ ᠴᠢᠰᠤᠨ  ᠲᠥᠷᠥᠯ᠂ ᠠᠰᠠᠷᠠᠨ ᠲᠡᠵᠢᠭᠡᠭᠴᠢ ᠪᠤᠶᠤ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠠᠴᠠ ᠡᠷᠦᠬᠡ  ᠠᠮᠠ ᠶᠢᠨ ᠲᠠᠩᠰᠠ ᠶᠢ ᠬᠦᠴᠦᠨ ᠥᠬᠡᠶ ᠪᠣᠯᠭᠠᠬᠤ ᠪᠠᠷ ᠮᠡᠳᠡᠭᠦᠯᠦᠨ᠎ᠡ᠃       1. ᠭᠤᠶᠤᠴᠢᠯᠠᠭᠴᠢ ᠠᠴᠠ ᠬᠡᠷᠡᠭᠰᠡᠬᠦ ᠪᠦᠬᠦ ᠭᠤᠶᠤᠴᠢᠯᠠᠯ ᠤᠨ ᠮᠠᠲ᠋ᠧᠷᠢᠶᠠᠯ ᠢ ᠭᠦᠢᠴᠡᠳ ᠠᠪᠴᠤ᠂  ᠡᠷᠦᠬᠡ ᠠᠮᠠ ᠪᠠᠶᠢᠭ᠎ᠠ ᠭᠠᠵᠠᠷ ᠤᠨ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠴᠣᠩᠬᠤ ︵ ᠡᠷᠦᠬᠡ ᠠᠮᠠ ᠶᠢᠨ ᠶᠠᠪᠤᠳᠠᠯ ᠤᠨ ᠶᠡᠭᠡ ᠲᠢᠩᠬᠢᠮ︶ ᠳᠤ ᠭᠤᠶᠤᠴᠢᠯᠠᠯ ᠢᠶᠠᠨ ᠲᠤᠰᠢᠶᠠᠨ᠎ᠠ᠃        2. ᠡᠷᠦᠬᠡ ᠠᠮᠠ ᠶᠢᠨ ᠳᠠᠩᠰᠠ ᠶᠢᠨ ᠳᠣᠲᠣᠭᠠᠳᠤ ᠠᠵᠢᠯᠲᠠᠨ ᠭᠤᠶᠤᠴᠢᠯᠠᠯ ᠤᠨ ᠮᠠᠲ᠋ᠧᠷᠢᠶᠠᠯ ᠢ ᠬᠢᠨᠠᠨ  ᠬᠠᠷᠭᠤᠭᠤᠯᠤᠨ᠎ᠠ᠂ ᠮᠠᠲ᠋ᠧᠷᠢᠶᠠᠯ ᠨᠢ ᠪᠦᠷᠢᠨ ᠭᠦᠢᠴᠡᠳ ᠪᠣᠯ ᠲᠡᠷᠡ ᠳᠠᠷᠤᠶ ᠳᠤᠨᠢ ᠰᠢᠢᠳᠪᠦᠷᠢᠯᠡᠵᠦ ᠥᠭᠭᠦᠨ᠎ᠡ᠃    ᠲᠣᠭᠲᠠᠭᠠᠭᠰᠠᠨ ᠦᠨᠳᠦᠰᠦᠯᠡᠯ       【 ᠬᠠᠤᠯᠢ ᠴᠠᠭᠠᠵᠠ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠦᠬᠡ ᠠᠮᠠ  ᠳᠠᠩᠰᠠᠯᠠᠬᠤ ᠳᠦᠷᠢᠮ︾ ︵1958 ᠣᠨ ᠤ 1 ᠰᠠᠷ᠎ᠠ ᠶᠢᠨ 9 ᠤ ᠡᠳᠦᠷ ᠪᠦᠬᠦ ᠤᠯᠤᠰ ᠤᠨ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠡᠷᠡᠨ ᠨᠢᠭᠡᠳᠦᠭᠡᠷ ᠬᠤᠷᠠᠯᠳᠤᠭᠠᠨ ᠠᠴᠠ  ᠪᠠᠲᠤᠯᠠᠭᠰᠠᠨ︶ ᠨᠠᠢᠮᠠᠳᠤᠭᠠᠷ ᠵᠤᠷᠪᠤᠰ ᠤᠨ ᠨᠢᠭᠡᠳᠦᠭᠡᠷ ᠲᠤ᠂ ᠠᠷᠠᠳ ᠢᠷᠭᠡᠨ ᠦᠬᠦᠪᠡᠯ᠂ ᠬᠤᠲᠠᠨ ᠳᠤ  ᠣᠷᠣᠰᠢᠭᠤᠯᠬᠤ ᠠᠴᠠ ᠡᠮᠦᠨ᠎ᠡ᠂ ᠬᠥᠳᠡᠭᠡ ᠲᠣᠰᠬᠤᠨ ᠳᠤ ᠨᠢᠭᠡ ᠰᠠᠷ᠎ᠠ ᠶᠢᠨ ᠳᠣᠲᠣᠷ᠎ᠠ ᠡᠷᠤᠭᠡ ᠶᠢᠨ ᠡᠵᠡᠨ᠂  ᠲᠦᠷᠦᠯ ᠰᠠᠳᠤᠨ᠂ ᠠᠰᠠᠷᠠᠨ ᠲᠡᠵᠢᠭᠡᠭᠴᠢ ᠪᠤᠶᠤ ᠬᠥᠷᠰᠢ ᠵᠡᠷᠭᠡᠯᠡᠳᠡᠭᠡ ᠨᠢ ᠡᠷᠤᠭᠡ ᠠᠮᠠ ᠳᠠᠩᠰᠠᠯᠠᠬᠤ ᠪᠠᠶᠢᠭᠤᠯᠭ᠎ᠠ ᠳᠤ ᠦᠬᠦᠭᠰᠡᠨ ᠢ ᠳᠠᠩᠰᠠᠯᠠᠭᠤᠯᠬᠤ ᠪᠠᠷ ᠮᠡᠳᠡᠭᠦᠯᠵᠦ᠂ ᠡᠷᠤᠭᠡ ᠠᠮᠠ ᠶᠢ ᠨᠢ ᠲᠠᠩᠰᠠᠨ ᠠᠴᠠ ᠬᠠᠰᠤᠨ᠎ᠠ᠃ ᠠᠷᠠᠳ ᠢᠷᠭᠡᠨ ᠬᠡᠷᠪᠡ ᠲᠦᠷ ᠰᠠᠭᠤᠭ᠎ᠠ ᠭᠠᠵᠠᠷ ᠲᠠᠭᠠᠨ ᠦᠬᠦᠪᠡᠯ᠂ ᠲᠦᠷ ᠰᠠᠭᠤᠭ᠎ᠠ ᠭᠠᠵᠠᠷ ᠤᠨ ᠡᠷᠦᠬᠡ  ᠠᠮᠠ ᠶᠢ ᠳᠠᠩᠰᠠᠯᠠᠬᠤ ᠪᠠᠶᠢᠭᠤᠯᠭ᠎ᠠ ᠠᠴᠠ ᠪᠠᠶᠢᠩᠭᠤ ᠰᠠᠭᠤᠭ᠎ᠠ ᠭᠠᠵᠠᠷ ᠤᠨ ᠡᠷᠦᠬᠡ ᠠᠮᠠ ᠶᠢ ᠳᠠᠩᠰᠠᠯᠠᠬᠤ  ᠪᠠᠶᠢᠭᠤᠯᠭ᠎ᠠ ᠳᠤ ᠮᠡᠳᠡᠭᠳᠡᠵᠦ ᠡᠷᠦᠬᠡ ᠠᠮᠠ ᠶᠢ ᠨᠢ ᠬᠦᠴᠦᠨ ᠦᠭᠡᠢ ᠪᠣᠯᠭᠠᠨ᠎ᠠ᠃   ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ         ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ  ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠴᠠᠩ ᠴᠢᠩ ᠵᠠᠮ ᠤᠨ 103 ᠳ᠋ᠤᠭᠠᠷ ᠨᠣᠮᠧᠷ       ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ      8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ  ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶          ᠭᠦᠢᠴᠡᠳᠬᠡᠬᠦ ᠭᠠᠵᠠᠷ᠄ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ       ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ  8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ  ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号