ᠨᠠᠰᠤᠨ ᠳᠤ ᠦᠯᠦ ᠬᠦᠷᠦᠭᠰᠡᠳ ᠤᠪᠤᠭ ᠨᠡᠷ᠎ᠡ ᠪᠠᠨ ᠬᠤᠪᠢᠷᠠᠭᠤᠯᠬᠤ
ᠨᠡᠶᠢᠲᠡᠯᠡᠭᠰᠡᠨ ᠴᠠᠭ᠄
2022/1/10
    ᠬᠦᠯᠢᠶᠡᠨ ᠰᠢᠢᠳᠪᠦᠷᠢᠯᠡᠬᠦ ᠨᠥᠬᠦᠴᠡᠯ        1. ᠡᠴᠢᠭᠡ ᠡᠭᠡ ᠨᠢ ᠵᠥᠪᠳᠡᠯᠴᠡᠨ ᠰᠠᠨᠠᠯ ᠨᠢᠭᠡᠳᠴᠦ ᠪᠠᠶᠢᠭᠠᠳ ᠨᠠᠰᠤᠨ ᠳᠤ ᠬᠦᠷᠦᠭᠡᠳᠦᠢ ᠦᠷ᠎ᠡ  ᠬᠡᠦᠬᠡᠳ ᠲᠡᠭᠡᠨ ᠤᠪᠦᠬ ᠨᠡᠷ᠎ᠡ ᠶᠢ ᠨᠢ ᠬᠤᠪᠢᠷᠠᠭᠤᠯᠵᠤ ᠥᠭᠬᠦ᠃ 2. 16~18 ᠪᠦᠬᠦᠯᠢ ᠨᠠᠰᠤᠨ ᠤ ᠨᠠᠰᠤᠨ ᠳᠤ  ᠤᠢᠯᠦ ᠬᠦᠷᠦᠭᠰᠡᠦᠠ ᠥᠪᠡᠷ ᠤᠨ ᠬᠥᠳᠡᠯᠮᠦᠷᠢ ᠶᠢᠨ ᠣᠷᠣᠯᠭ᠎ᠠ ᠪᠠᠷ ᠢᠶᠠᠨ ᠠᠮᠢᠳᠤᠷᠠᠯ ᠤᠨ ᠭᠤᠣᠯ ᠢᠷᠡᠯᠳᠠ ᠪᠣᠯᠭᠠᠵᠤ  ᠪᠠᠶᠢᠪᠠᠯ ᠡᠷᠬᠡᠪᠰᠢ ᠲᠤᠰ ᠬᠥᠮᠦᠨ ᠤ ᠬᠢᠨᠢ ᠵᠥᠪᠰᠢᠶᠡᠷᠡᠯ ᠢ ᠤᠯᠬᠤ ᠬᠡᠷᠡᠭᠲᠡᠶ᠃ 3. ᠭᠤᠶᠤᠴᠢᠯᠠᠭᠴᠢ ᠬᠡᠷᠡᠭᠯᠡᠬᠦ ᠪᠦᠬᠦ  ᠭᠤᠶᠤᠴᠢᠯᠠᠯ ᠤᠨ ᠮᠠᠲ᠋ᠧᠷᠢᠶᠠᠯ ᠢᠶᠠᠨ ᠭᠦᠢᠴᠡᠳ ᠠᠪᠴᠤ᠂ ᠡᠷᠦᠬᠡ ᠠᠮᠠ ᠪᠠᠶᠢᠭ᠎ᠠ ᠭᠠᠵᠠᠷ ᠤᠨ ᠬᠠᠷᠢᠶ᠎ᠠ ᠣᠷᠣᠨ ᠤ  ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠴᠣᠩᠬᠤ ︵ᠡᠷᠦᠬᠡ ᠠᠮᠠ ᠶᠢᠨ ᠶᠠᠪᠤᠳᠠᠯ ᠤᠨ ᠶᠡᠭᠡ ᠲᠢᠩᠬᠢᠮ︶ ᠳᠤ  ᠭᠤᠶᠤᠴᠢᠯᠠᠯ ᠢᠶᠠᠨ ᠲᠤᠰᠢᠶᠠᠨ᠎ᠠ᠃ 4. ᠡᠷᠦᠬᠡ ᠠᠮᠠ ᠶᠢᠨ ᠳᠠᠩᠰᠠ ᠶᠢᠨ ᠳᠣᠲᠣᠭᠠᠳᠤ ᠠᠵᠢᠯᠲᠠᠨ ᠭᠤᠶᠤᠴᠢᠯᠠᠯ ᠤᠨ  ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠂ ᠮᠠᠲ᠋ᠧᠷᠢᠶᠠᠯ ᠨᠢ ᠪᠦᠷᠢᠨ ᠭᠦᠢᠴᠡᠳ ᠪᠣᠯ ᠲᠡᠷᠡ ᠳᠠᠷᠤᠶ ᠳᠤᠨᠢ  ᠰᠢᠢᠳᠪᠦᠷᠢᠯᠡᠵᠦ ᠥᠭᠭᠦᠨ᠎ᠡ᠃   ᠲᠣᠭᠲᠠᠭᠠᠭᠰᠠᠨ ᠦᠨᠳᠦᠰᠦᠯᠡᠯ      【 ᠬᠠᠤᠯᠢ ᠴᠠᠭᠠᠵᠠ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠦᠬᠡ ᠠᠮᠠ  ᠳᠠᠩᠰᠠᠯᠠᠬᠤ ᠳᠦᠷᠢᠮ︾ ︵1958 ᠣᠨ ᠤ 1 ᠰᠠᠷ᠎ᠠ ᠶᠢᠨ 9 ᠤ ᠡᠳᠦᠷ ᠪᠦᠬᠦ ᠤᠯᠤᠰ ᠤᠨ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠡᠷᠡᠨ ᠨᠢᠭᠡᠳᠦᠭᠡᠷ ᠬᠤᠷᠠᠯᠳᠤᠭᠠᠨ ᠠᠴᠠ  ᠪᠠᠲᠤᠯᠠᠭᠰᠠᠨ︶ ᠠᠷᠪᠠᠨ ᠨᠠᠢᠮᠠᠳᠤᠭᠠᠷ ᠵᠤᠷᠪᠤᠰ ᠲᠤ᠂ ᠠᠷᠠᠳ ᠢᠷᠭᠡᠨ ᠤᠪᠤᠭ ᠨᠡᠷ᠎ᠡ ᠪᠠᠨ ᠬᠤᠪᠢᠷᠠᠭᠤᠯᠬᠤ ᠳᠤ ᠳᠣᠣᠷ᠎ᠠ  ᠵᠢᠭᠰᠠᠭᠠᠭᠰᠠᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠄         ᠨᠢᠭᠡ᠂ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠬᠥᠮᠦᠨ ᠤᠪᠦᠬ ᠨᠡᠷ᠎ᠡ ᠪᠠᠨ ᠬᠠᠯᠠᠬᠤ ᠴᠢᠬᠤᠯᠠ ᠲᠠᠢ  ᠦᠶ᠎ᠡ ᠳᠤ ᠲᠤᠰ ᠬᠥᠮᠦᠨ ᠪᠤᠶᠤ ᠡᠴᠢᠭᠡ ᠡᠭᠡ᠂ ᠡᠷᠭᠦᠨ ᠲᠡᠵᠢᠭᠡᠭᠴᠢ ᠨᠢ ᠡᠷᠦᠭᠡ ᠠᠮᠠ ᠶᠢᠨ ᠲᠡᠩᠰᠡᠯᠡᠯᠳᠠ ᠶᠢᠨ  ᠪᠠᠶᠢᠭᠤᠯᠭ᠎ᠠ ᠳᠤ ᠲᠡᠩᠰᠡᠯᠡᠯᠳᠠ ᠪᠠᠨ ᠬᠤᠪᠢᠷᠠᠭᠤᠯᠬᠤ ᠪᠠᠷ ᠭᠤᠶᠤᠴᠢᠯᠠᠨ᠎ᠠ︔         ᠬᠤᠶᠠᠷ᠂ ᠪᠦᠬᠦᠯᠢ ᠠᠷᠪᠠᠨ ᠨᠠᠢᠮᠠᠨ ᠨᠠᠰᠤᠨ ᠠᠴᠠ ᠳᠡᠭᠡᠭᠰᠢᠬᠢ ᠬᠥᠮᠦᠨ ᠤᠪᠤᠭ ᠨᠡᠷ᠎ᠡ ᠪᠠᠨ ᠬᠠᠯᠠᠬᠤ  ᠴᠢᠬᠤᠯᠠᠲᠠᠶ ᠦᠶ᠎ᠡ ᠳᠤ᠂ ᠲᠤᠰ ᠬᠥᠮᠦᠨ ᠨᠢ ᠡᠷᠦᠭᠡ ᠠᠮᠠ ᠳᠠᠩᠰᠠᠯᠠᠬᠤ ᠪᠠᠶᠢᠭᠤᠯᠭ᠎ᠠ ᠳᠤ ᠬᠤᠪᠢᠷᠠᠭᠤᠯᠬᠤ  ᠲᠠᠩᠰᠠᠯᠠᠯᠳᠠ ᠬᠢᠯᠭᠡᠬᠦ ᠪᠠᠷ ᠭᠤᠶᠤᠴᠢᠯᠠᠨ᠎ᠠ᠃   ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ         ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃   ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ    ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠴᠠᠩ ᠴᠢᠩ ᠵᠠᠮ ᠤᠨ 103 ᠳ᠋ᠤᠭᠠᠷ ᠨᠣᠮᠧᠷ       ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ      8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ  ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶          ᠭᠦᠢᠴᠡᠳᠬᠡᠬᠦ ᠭᠠᠵᠠᠷ᠄ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ       ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ  8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ  ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号