ᠬᠡᠷᠡᠭᠯᠡᠵᠦ ᠥᠩᠭᠡᠷᠡᠭᠰᠡᠨ ᠨᠡᠷ᠎ᠡ ᠪᠠᠨ ᠨᠡᠮᠡᠬᠦ
ᠨᠡᠶᠢᠲᠡᠯᠡᠭᠰᠡᠨ ᠴᠠᠭ᠄
2022/1/10
ᠬᠦᠯᠢᠶᠡᠨ ᠰᠢᠢᠳᠪᠦᠷᠢᠯᠡᠬᠦ ᠨᠥᠬᠦᠴᠡᠯ        ᠠᠷᠠᠳ ᠢᠷᠭᠡᠨ ᠡᠷᠦᠬᠡ ᠠᠮᠠ ᠳᠠᠩᠰᠠᠯᠠᠬᠤ ᠪᠠᠶᠢᠭᠤᠯᠭ᠎ᠠ ᠳᠤ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ  ᠵᠢᠩᠬᠢᠨᠢ ᠪᠠᠷ ᠬᠡᠷᠡᠭᠯᠡᠵᠦ ᠥᠩᠭᠡᠷᠡᠭᠰᠡᠨ ᠣᠪᠣᠭ ᠨᠡᠷ᠎ᠡ ᠪᠠᠨ ᠬᠡᠷᠡᠭᠯᠡᠵᠦ ᠥᠩᠭᠡᠷᠡᠭᠰᠡᠨ ᠨᠡᠷ᠎ᠡ ᠪᠠᠷ ᠳᠠᠩᠰᠠᠯᠠᠭᠤᠯᠬᠤ ᠪᠠᠷ  ᠭᠤᠶᠤᠴᠢᠯᠠᠬᠤ᠃        1. ᠭᠤᠶᠤᠴᠢᠯᠠᠭᠴᠢ ᠬᠡᠷᠡᠭᠰᠡᠬᠦ ᠪᠦᠬᠦ ᠭᠤᠶᠤᠴᠢᠯᠠᠯ ᠤᠨ ᠮᠠᠲ᠋ᠧᠷᠢᠶᠠᠯ ᠢᠶᠠᠨ ᠭᠦᠢᠴᠡᠳ ᠠᠪᠴᠤ᠂ ᠡᠷᠦᠬᠡ  ᠠᠮᠠ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠴᠣᠩᠬᠤ ︵ᠡᠷᠦᠬᠡ ᠠᠮᠠ ᠶᠢᠨ  ᠶᠠᠪᠤᠳᠠᠯ ᠤᠨ ᠶᠡᠭᠡ ᠲᠢᠩᠬᠢᠮ︶ ᠳᠤ ᠭᠤᠶᠤᠴᠢᠯᠠᠯ ᠢᠶᠠᠨ ᠲᠤᠰᠢᠶᠠᠨ᠎ᠠ᠃        2. ᠡᠷᠦᠬᠡ ᠠᠮᠠ ᠶᠢᠨ ᠳᠠᠩᠰᠠ ᠶᠢᠨ ᠳᠣᠲᠣᠭᠠᠳᠤ ᠠᠵᠢᠯᠲᠠᠨ ᠭᠤᠶᠤᠴᠢᠯᠠᠯ ᠤᠨ ᠮᠠᠲ᠋ᠧᠷᠢᠶᠠᠯ ᠢ  ᠬᠠᠷᠭᠤᠭᠤᠯᠵᠤ᠂ ᠮᠠᠲ᠋ᠧᠷᠢᠶᠠᠯ ᠨᠢ ᠪᠦᠷᠢᠨ ᠭᠦᠢᠴᠡᠳ ᠪᠣᠯ ᠲᠡᠷᠡ ᠳᠠᠷᠤᠶ ᠳᠤᠨᠢ ᠬᠤᠪᠢᠷᠠᠭᠤᠯᠬᠤ ᠳᠠᠩᠰᠠᠯᠠᠯ ᠢ  ᠭᠦᠢᠴᠡᠳᠬᠡᠨ᠎ᠡ᠃   ᠲᠣᠭᠲᠠᠭᠠᠭᠰᠠᠨ ᠦᠨᠳᠦᠰᠦᠯᠡᠯ       【 ᠬᠠᠤᠯᠢ ᠴᠠᠭᠠᠵᠠ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠦᠬᠡ ᠠᠮᠠ  ᠳᠠᠩᠰᠠᠯᠠᠬᠤ ᠳᠦᠷᠢᠮ︾ ︵1958 ᠣᠨ ᠤ 1 ᠰᠠᠷ᠎ᠠ ᠶᠢᠨ 9 ᠤ ᠡᠳᠦᠷ ᠪᠦᠬᠦ ᠤᠯᠤᠰ ᠤᠨ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠡᠷᠡᠨ ᠨᠢᠭᠡᠳᠦᠭᠡᠷ ᠬᠤᠷᠠᠯᠳᠤᠭᠠᠨ ᠠᠴᠠ  ᠪᠠᠲᠤᠯᠠᠭᠰᠠᠨ︶         ᠠᠷᠪᠠᠨ ᠳᠣᠯᠣᠳᠤᠭᠠᠷ ᠵᠤᠷᠪᠤᠰ ᠲᠤ᠂ ᠡᠷᠦᠭᠡ ᠠᠮᠠ ᠶᠢᠨ ᠲᠡᠩᠰᠡᠯᠡᠯᠳᠠ ᠶᠢᠨ ᠠᠭᠤᠯᠭ᠎ᠠ ᠶᠢ  ᠬᠤᠪᠢᠷᠠᠭᠤᠯᠬᠤ ᠪᠤᠶᠤ ᠵᠠᠯᠠᠷᠠᠭᠤᠯᠬᠤ ᠴᠢᠬᠤᠯᠠᠲᠠᠶ ᠦᠶ᠎ᠡ ᠳᠤ ᠡᠷᠦᠭᠡ ᠶᠢᠨ ᠡᠵᠡᠨ ᠪᠤᠶᠤ ᠲᠤᠰ ᠬᠥᠮᠦᠨ ᠨᠢ ᠡᠷᠦᠭᠡ  ᠠᠮᠠ ᠶᠢᠨ ᠲᠡᠩᠰᠡᠯᠡᠯᠳᠠ ᠶᠢᠨ ᠪᠠᠶᠢᠭᠤᠯᠭ᠎ᠠ ᠳᠤ ᠮᠡᠳᠡᠭᠦᠯᠦᠨ᠎ᠡ᠃ ᠡᠷᠦᠭᠡ ᠠᠮᠠ ᠳᠠᠩᠰᠠᠯᠠᠬᠤ ᠪᠠᠶᠢᠭᠤᠯᠭ᠎ᠠ ᠨᠢ ᠬᠢᠨᠠᠨ  ᠪᠠᠶᠢᠴᠠᠭᠠᠭᠠᠳ ᠦᠨᠡᠨ ᠪᠣᠳᠠᠲᠠᠶ ᠪᠣᠯᠤᠭᠰᠠᠨ ᠤ ᠲᠡᠷᠠᠭ᠎ᠠ ᠬᠤᠪᠢᠷᠠᠭᠤᠯᠬᠤ ᠪᠤᠶᠤ ᠵᠠᠯᠠᠷᠠᠭᠤᠯᠤᠨ᠎ᠠ᠃        ᠡᠷᠦᠭᠡ ᠠᠮᠠ ᠳᠠᠩᠰᠠᠯᠠᠬᠤ ᠪᠠᠶᠢᠭᠤᠯᠭ᠎ᠠ ᠠᠴᠠ ᠴᠢᠬᠤᠯᠠ ᠲᠠᠢ ᠭᠡᠵᠦ ᠦᠵᠡᠭᠰᠡᠨ ᠦᠶ᠎ᠡ ᠳᠡᠭᠡᠨ  ᠬᠤᠪᠢᠷᠠᠭᠤᠯᠤᠭᠰᠠᠨ ᠪᠤᠶᠤ ᠵᠠᠯᠠᠷᠠᠭᠤᠯᠤᠭᠰᠠᠨ ᠬᠤᠯᠪᠣᠭᠳᠠᠯ ᠪᠦᠬᠦᠢ ᠭᠡᠷᠡᠴᠢ ᠶᠢ ᠭᠤᠶᠤᠴᠢᠯᠠᠭᠴᠢ ᠠᠴᠠ ᠨᠡᠬᠡᠨ  ᠠᠪᠴᠤ ᠪᠣᠯᠤᠨ᠎ᠠ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃  ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ   ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠴᠠᠩ ᠴᠢᠩ ᠵᠠᠮ ᠤᠨ 103 ᠳ᠋ᠤᠭᠠᠷ ᠨᠣᠮᠧᠷ       ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ      8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ  ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶          ᠭᠦᠢᠴᠡᠳᠬᠡᠬᠦ ᠭᠠᠵᠠᠷ᠄ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ       ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ  8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ  ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号