ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠲᠤᠬᠳᠠᠬᠰᠠᠨ ᠬᠤᠭᠤᠴᠠᠭᠠᠨ ᠳᠤ ᠪᠦᠬᠦ ᠬᠦᠷᠢᠶ᠎ᠡ ᠴᠠᠷᠠᠭᠠᠨ ᠳᠤ ᠫᠤᠤᠵᠢᠩ ᠪᠣᠷᠣᠯᠠᠭᠤᠯᠬᠤ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/1/12
    ᠫᠤᠤᠵᠢᠩ ᠲᠠᠯᠪᠢᠬᠤ  ᠠᠴᠠ ᠪᠤᠯᠤᠬᠰᠠᠨ ᠠᠭᠠᠷ ᠮᠠᠨᠳᠠᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠨ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠨᠡᠨᠬᠦ ᠰᠠᠶᠢᠵᠢᠷᠠᠭᠤᠯᠵᠤ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠨ ᠲᠤᠷᠠᠭᠠᠬᠤ ᠬᠠᠤᠯᠢ︾ ︽ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠰᠤᠳᠤᠯᠬᠤ ᠪᠠᠷ ᠳᠡᠮᠵᠢᠨ᠂ ᠨᠢᠩᠴᠧᠩ ᠰᠢᠶᠠᠨ ᠤ ᠪᠥᠬᠦ ᠴᠠᠷᠠᠭᠠᠨ ᠳᠤ ᠫᠤᠤᠵᠢᠩ ᠪᠣᠷᠣᠯᠠᠭᠤᠯᠬᠤ ᠶᠢ ᠴᠠᠭᠠᠵᠠᠯᠠᠵᠤ᠂ ᠫᠤᠤᠵᠢᠩ ᠲᠠᠯᠪᠢᠬᠤ ᠶᠢ ᠴᠠᠭᠠᠵᠠᠯᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠤᠶᠢᠯᠡᠰ ᠢ ᠳᠣᠤᠷᠠᠬᠢ ᠮᠡᠲᠦ ᠵᠠᠷᠯᠠᠶ᠎ᠠ᠃    ᠨᠢᠭᠡ᠂  ᠫᠤᠤᠵᠢᠩ ᠲᠠᠯᠪᠢᠬᠤ ᠶᠢ ᠴᠠᠭᠠᠵᠠᠯᠠᠬᠤ ᠬᠡᠪᠴᠢᠶ᠎ᠡ     ᠨᠢᠩᠴᠧᠩ ᠰᠢᠶᠠᠨ ᠤ ᠵᠠᠰᠠᠭ ᠵᠠᠬᠢᠷᠭᠠᠨ ᠤ ᠣᠷᠣᠨ ᠭᠡᠪᠴᠢᠶ᠎ᠡ᠃      ᠬᠤᠶᠠᠷ᠂ ᠫᠤᠤᠵᠢᠩ ᠲᠠᠯᠪᠢᠬᠤ ᠶᠢ ᠴᠠᠭᠠᠵᠠᠯᠠᠬᠤ ᠬᠤᠭᠤᠴᠠᠭ᠎ᠠ    ᠲᠣᠰ ᠵᠠᠷᠯᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 2022 ᠣᠨ ᠤ 3 ᠰᠠᠷ᠎ᠠ ᠶᠢᠨ 13 ᠤ ᠡᠳᠦᠷ ᠪᠣᠯᠲᠠᠯ᠎ᠠ᠃    ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ    ︵ᠨᠢᠭᠡ︶ ᠪᠦᠬᠦ ᠰᠢᠶᠠᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠠᠷᠠᠳ ᠤᠨ ᠪᠦᠯᠬᠦᠮ ᠤᠳ ᠫᠤᠤᠵᠢᠩ ᠲᠠᠯᠪᠢᠬᠤ ᠶᠢ ᠴᠠᠭᠠᠵᠠᠯᠠᠵᠤ᠂ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠲᠤᠰ ᠵᠠᠷᠯᠠᠯ ᠤᠨ ᠡᠯ᠎ᠡ ᠵᠦᠢᠯ ᠤᠨ ᠲᠣᠭᠲᠠᠭᠠᠯ ᠢ ᠲᠦᠷᠦᠭᠦᠯᠡᠨ ᠭᠡᠷᠩᠵᠢᠭᠦᠯᠬᠦ ᠬᠡᠷᠩᠲᠠᠢ᠃  ᠪᠠᠯᠭᠠᠰᠤ ᠰᠢᠶᠠᠩ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠠᠵᠢᠯᠲᠠᠳ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ  ᠫᠤᠤᠵᠢᠩ ᠲᠠᠯᠪᠢᠬᠤ ᠶᠢ ᠴᠠᠭ ᠲᠤᠬᠠᠶ ᠳᠤᠨᠢ ᠢᠳᠬᠠᠨ ᠬᠤᠷᠢᠭᠯᠠᠬᠤ ᠬᠡᠷᠡᠭᠲᠡᠶ᠃ ᠥᠷᠭᠡᠨ ᠤᠯᠠᠨ ᠬᠤᠳᠠ ᠶᠢᠨ ᠠᠷᠠᠳ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠤᠰ ᠵᠠᠷᠯᠠᠯ ᠤᠨ ᠬᠤᠯᠪᠣᠭᠳᠠᠯ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠨᠡᠶᠢᠭᠡᠮ ᠤᠨ ᠤᠯᠠᠨ ᠨᠡᠶᠢᠲᠡ ᠶᠢᠨ ᠣᠷᠴᠢᠨ ᠨᠥᠬᠦᠴᠡᠯ ᠢ  ᠬᠠᠮᠲᠤᠪᠠᠷ ᠬᠠᠮᠠᠭᠠᠯᠠᠬᠤ ᠬᠡᠷᠡᠭᠲᠡᠶ᠃        ︵ᠬᠤᠶᠠᠷ︶ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ ᠨᠢ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃        ︵ᠭᠤᠷᠪᠠ︶ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠳ ᠠᠵᠢᠯ ᠤᠨ ᠢᠶᠠᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ  ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠫᠤᠤᠵᠢᠩ ᠦᠢᠯᠡᠳᠪᠤᠷᠢᠯᠡᠬᠦ᠂ ᠲᠡᠭᠡᠭᠡᠪᠦᠷᠢᠯᠡᠬᠦ᠂ ᠪᠣᠷᠣᠯᠠᠭᠤᠯᠬᠤ᠂ ᠲᠠᠯᠪᠢᠬᠤ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠵᠦ᠂ ᠫᠤᠤᠵᠢᠩ ᠲᠠᠯᠪᠢᠬᠤ ᠶᠢ ᠴᠠᠭᠠᠵᠠᠯᠠᠬᠤ ᠬᠤᠯᠪᠣᠭᠳᠠᠯ ᠪᠥᠬᠦᠶ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃    ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ    ︵ᠨᠢᠭᠡ︶ ︽ᠫᠤᠤᠵᠢᠩ ᠤᠨ  ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠤᠨ ᠭᠤᠴᠢᠨ ᠵᠢᠷᠭᠤᠳᠤᠭᠠᠷ ᠵᠦᠢᠯ ᠤᠨ ᠲᠣᠭᠲᠠᠭᠠᠯ ᠢ  ᠦᠨᠳᠦᠰᠦᠯᠡᠨ᠂ ᠵᠥᠪᠰᠢᠶᠡᠷᠡᠯ ᠦᠭᠡᠢ ᠪᠠᠷ ᠫᠤᠤᠵᠢᠩ ᠦᠢᠯᠡᠳᠪᠤᠷᠢᠯᠡᠨ ᠡᠵᠡᠩᠨᠡᠭᠰᠡᠳ ᠢ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠦᠢᠯᠡᠳᠪᠦᠷᠢᠯᠡᠬᠦ᠂ ᠡᠵᠡᠩᠨᠡᠬᠦ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠲᠤᠷᠤᠬᠰᠢ ᠵᠣᠭᠤᠰ ᠢᠶᠠᠷ ᠲᠣᠷᠭᠠᠬᠤ ᠶᠢᠨ ᠬᠠᠮᠲᠤ ᠬᠠᠤᠯᠢ ᠪᠤᠰᠤ ᠪᠠᠷ ᠦᠢᠯᠡᠳᠪᠦᠷᠢᠯᠡᠵᠦ᠂ ᠡᠵᠡᠩᠨᠡᠭᠰᠡᠨ ᠡᠳ᠋ ᠪᠣᠳᠠᠰ ᠵᠢᠴᠢ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠃ ᠵᠥᠪᠰᠢᠶᠡᠷᠡᠯ ᠦᠭᠡᠢ ᠪᠠᠷ ᠫᠤᠤᠵᠢᠩ ᠲᠡᠭᠡᠭᠡᠪᠤᠷᠢᠯᠡᠭᠰᠡᠳ ᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠲᠡᠭᠡᠭᠡᠪᠦᠷᠢᠯᠡᠬᠦ ᠶᠢ ᠨᠢ ᠵᠠᠷᠯᠢᠭᠲᠠᠨ ᠵᠣᠭᠰᠣᠭᠠᠵᠤ᠂ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠶᠢᠨ ᠬᠠᠮᠲᠤ ᠬᠠᠤᠯᠢ ᠪᠤᠰᠤ ᠪᠠᠷ  ᠲᠡᠭᠡᠭᠡᠪᠤᠷᠢᠯᠡᠭᠰᠡᠨ ᠡᠳ᠋ ᠪᠠᠷᠠᠭ᠎ᠠ ᠵᠢᠴᠢ ᠬᠠᠤᠯᠢ ᠠᠴᠠ ᠵᠥᠷᠢᠴᠡᠵᠦ ᠣᠯᠤᠭᠰᠠᠨ ᠣᠯᠵᠠᠪᠤᠷᠢ ᠶᠢ ᠨᠢ ᠬᠤᠷᠢᠶᠠᠵᠤ ᠠᠪᠤᠨ᠎ᠠ᠃ ᠬᠠᠤᠯᠢ ᠪᠤᠰᠤ ᠪᠠᠷ ᠫᠤᠤᠵᠢᠩ ᠢ ᠦᠢᠯᠡᠳᠪᠦᠷᠢᠯᠡᠵᠦ᠂ ᠡᠵᠡᠩᠨᠡᠵᠦ᠂ ᠲᠡᠭᠡᠭᠡᠪᠤᠷᠢᠯᠡᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠥᠭᠭᠦᠨ᠎ᠡ᠃ ᠬᠡᠷᠪᠡ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ︵ᠬᠤᠶᠠᠷ︶ ︽ᠫᠤᠤᠵᠢᠩ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠲᠦᠷᠢᠮ︾ ᠤᠨ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠫᠤᠤᠵᠢᠩ ᠲᠠᠯᠪᠢᠬᠤ ᠶᠢ ᠴᠠᠭᠠᠵᠠᠯᠠᠭᠰᠠᠨ ᠴᠠᠭ ᠬᠤᠭᠤᠴᠠᠭ᠎ᠠ ᠪᠠ ᠭᠠᠵᠠᠷ ᠤᠷᠤᠨ ᠳᠤ ᠫᠤᠤᠵᠢᠩ ᠲᠠᠯᠪᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠫᠤᠤᠵᠢᠩ ᠲᠠᠯᠪᠢᠬᠤ ᠶᠢ ᠵᠠᠷᠯᠢᠭᠳᠠᠨ ᠵᠣᠭᠰᠣᠭᠠᠵᠤ᠂ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠲᠤᠷᠤᠬᠰᠢ ᠵᠣᠭᠤᠰ ᠢᠶᠠᠷ  ᠲᠤᠷᠠᠭᠠᠨ᠎ᠠ᠃ ᠫᠤᠤᠵᠢᠩ ᠤᠨ ᠦᠳᠡᠰᠢᠯᠡᠭᠡ ᠵᠢᠴᠢ ᠪᠤᠰᠤᠳ ᠲᠤᠮᠤ ᠬᠡᠯᠪᠡᠷᠢ ᠶᠢᠨ ᠫᠤᠤᠵᠢᠩ ᠲᠠᠯᠪᠢᠬᠤ ᠠᠵᠢᠯᠯᠠᠭ᠎ᠠ ᠶᠢ ᠵᠥᠪᠰᠢᠶᠡᠷᠡᠯ ᠦᠭᠡᠢ ᠪᠠᠷ ᠡᠷᠬᠢᠯᠡᠪᠡᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠫᠤᠤᠵᠢᠩ ᠲᠠᠯᠪᠢᠬᠤ ᠶᠢ ᠵᠠᠷᠯᠢᠭᠳᠠᠨ ᠵᠣᠭᠰᠣᠭᠠᠵᠤ᠂  ᠬᠠᠷᠢᠭᠤᠴᠠᠵᠦ ᠪᠠᠶᠢᠭ᠎ᠠ ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠤᠯᠵᠤ  ᠪᠦᠷᠢᠯᠳᠤᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠥᠭᠭᠦᠨ᠎ᠡ᠃        ᠲᠠᠪᠤ᠂ ᠬᠢᠨᠠᠯᠲᠠ ᠲᠠᠯᠪᠢᠵᠦ ᠢᠯᠡᠴᠢᠯᠡᠨ ᠮᠡᠳᠡᠭᠦᠯᠬᠦ     ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠦᠮ ᠬᠠᠤᠯᠢ ᠲᠣᠭᠲᠠᠭᠠᠯ ᠠᠴᠠ ᠵᠥᠷᠢᠴᠡᠨ᠂ ᠫᠤᠤᠵᠢᠩ ᠪᠤᠷᠤᠯᠠᠭᠤᠯᠬᠤ ᠫᠤᠤᠵᠢᠩ ᠲᠠᠯᠪᠢᠬᠤ ᠶᠢ ᠬᠤᠷᠢᠭᠯᠠᠨ ᠵᠤᠭᠰᠤᠭᠠᠵᠣ᠂ ᠢᠯᠡᠴᠢᠯᠡᠨ ᠮᠡᠳᠡᠭᠦᠯᠬᠦ ᠡᠷᠬᠡ ᠲᠠᠢ ︵ᠢᠯᠡᠴᠢᠯᠡᠨ ᠮᠡᠳᠡᠭᠦᠯᠬᠦ ᠤᠲᠠᠰᠤ 110︶᠃    ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃        ᠨᠢᠩᠴᠧᠩ ᠰᠢᠶᠠᠨ ᠤ ᠠᠷᠠᠳ ᠤᠨ ᠵᠠᠰᠠᠭ ᠤᠨ  ᠤᠷᠳᠤᠨ        2022 ᠣᠨ ᠤ 1 ᠰᠠᠷ᠎ᠠ ᠶᠢᠨ 9 ᠤ ᠡᠳᠦᠷ
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号