ᠰᠦᠯᠵᠢᠶ᠎ᠡ ᠪᠠᠷ ᠪᠣᠯᠵᠣᠬᠤ ᠲᠡᠷᠭᠡᠨ ᠤ ᠵᠢᠯᠣᠭᠤᠴᠢ ᠵᠢᠴᠢ ᠲᠡᠷᠭᠡᠨ ᠤ ᠮᠡᠳᠡᠭᠡ ᠵᠠᠩᠭᠢ ᠶᠢᠨ ᠳᠠᠩᠰᠠᠯᠠᠭᠤᠯᠤᠯᠲᠠ
ᠨᠡᠶᠢᠲᠡᠯᠡᠭᠰᠡᠨ ᠴᠠᠭ᠄
2022/1/17
ᠬᠦᠯᠢᠶᠡᠨ ᠰᠢᠢᠳᠪᠦᠷᠢᠯᠡᠬᠦ ᠨᠥᠬᠦᠴᠡᠯ         ︵ᠨᠢᠭᠡ︶ ᠵᠥᠪᠰᠢᠶᠡᠷᠡᠬᠦ ᠨᠥᠬᠦᠴᠡᠯ᠄        1. ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠦᠢᠯᠡᠴᠢᠯᠡᠭᠡ ᠬᠠᠩᠭᠠᠬᠤ ᠲᠡᠷᠭᠡ ᠶᠢᠨ ᠬᠠᠤᠯᠢ ᠶᠣᠰᠣᠨ ᠤ ᠲᠡᠭᠡᠭᠡᠪᠦᠷᠢ ᠶᠢᠨ ᠡᠵᠡᠩᠨᠡᠯᠲᠡ ᠶᠢᠨ ᠬᠢᠷᠢ ᠬᠡᠮ ᠲᠠᠢ᠂ ᠮᠡᠷᠭᠡᠵᠢᠯ ᠤᠨ ᠲᠦᠪᠰᠢᠨ ᠥᠨᠳᠥᠷ᠂ ᠠᠮᠤᠷ ᠲᠦᠪᠰᠢᠨ ᠤ ᠴᠢᠳᠠᠮᠵᠢ ᠨᠢ ᠨᠠᠶᠢᠳᠠᠪᠤᠷᠢᠲᠠᠶ᠂ ᠲᠡᠭᠡᠭᠡᠪᠦᠷᠢ ᠶᠢᠨ ᠡᠵᠡᠩᠨᠡᠯᠲᠡ ᠶᠢᠨ ᠲᠡᠷᠭᠡ ᠶᠢᠨ ᠬᠠᠮᠢᠶ᠎ᠠ ᠪᠥᠬᠦᠶ ᠳᠠᠭᠠᠳᠬᠠᠯ ᠲᠠᠢ  ᠪᠠᠶᠢᠬᠤ ᠶᠢ ᠪᠠᠲᠤᠯᠠᠬᠤ ᠬᠡᠷᠡᠭᠲᠡᠶ᠃         2. ᠵᠢᠯᠣᠭᠤᠴᠢ ᠳᠤ ᠬᠠᠤᠯᠢ ᠶᠣᠰᠣᠨ ᠤ ᠠᠵᠢᠯ ᠡᠷᠭᠢᠯᠡᠬᠦ ᠬᠢᠷᠢ ᠬᠡᠮ ᠲᠠᠢ᠃         ︵ᠬᠤᠶᠠᠷ︶ ᠦᠯᠦ ᠵᠥᠪᠰᠢᠶᠡᠷᠡᠬᠦ ᠪᠠᠶᠢᠳᠠᠯ᠄        1᠂ ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ  ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ᠃        2᠂ ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠪᠣᠳᠠᠲᠠᠢ ᠲᠠᠢ ᠨᠡᠶᠢᠴᠡᠬᠦ ᠦᠭᠡᠢ᠃         ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ  ᠬᠢᠵᠠᠭᠠᠷᠯᠠᠯ ᠪᠠᠶᠢᠬᠤ ᠥᠬᠡᠶ᠃   ᠲᠣᠭᠲᠠᠭᠠᠭᠰᠠᠨ ᠦᠨᠳᠦᠰᠦᠯᠡᠯ       【 ᠰᠠᠯᠠᠭ᠎ᠠ ᠮᠥᠴᠢᠷ ᠤᠨ ᠲᠦᠷᠢᠮ ᠲᠣᠭᠲᠠᠭᠠᠯ 】 ︽ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ  ᠲᠡᠷᠭᠡᠨ ᠤ ᠡᠵᠡᠩᠨᠡᠯᠲᠡ ᠦᠢᠯᠡᠴᠢᠯᠡᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵2016 ᠣᠨ ᠤ 7  ᠰᠠᠷ᠎ᠠ ᠶᠢᠨ 27 ᠤ ᠡᠳᠦᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂  ᠦᠢᠯᠡᠳᠪᠦᠷᠢ ᠬᠤᠳᠠᠯᠳᠤᠭᠠᠨ ᠤ ᠶᠠᠪᠤᠳᠠᠯ ᠤᠨ ᠶᠡᠷᠦᠩᠬᠡᠶ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ  ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ  ᠨᠡᠶᠢᠲᠡᠯᠡᠵᠦ᠂ 2019 ᠣᠨ ᠤ 12 ᠰᠠᠷ᠎ᠠ ᠶᠢᠨ 28 ᠤ ᠡᠳᠦᠷ ᠵᠠᠰᠠᠪᠤᠷᠢ ᠣᠷᠣᠭᠤᠯᠤᠭᠰᠠᠨ︶  ᠠᠷᠪᠠᠨ ᠳᠣᠯᠣᠳᠤᠭᠠᠷ ᠵᠤᠷᠪᠤᠰ ᠲᠤ᠂ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠦᠢᠯᠡᠴᠢᠯᠡᠭᠡ  ᠬᠠᠩᠭᠠᠬᠤ ᠲᠡᠷᠭᠡ ᠬᠥᠰᠬᠡ ᠶᠢᠨ ᠬᠠᠤᠯᠢ ᠶᠣᠰᠣᠨ ᠤ ᠲᠡᠭᠡᠭᠡᠪᠦᠷᠢ ᠶᠢᠨ ᠡᠵᠡᠩᠨᠡᠯᠲᠡ ᠶᠢᠨ ᠬᠢᠷᠢ ᠬᠡᠮ ᠲᠠᠢ ᠪᠠᠶᠢᠬᠤ ᠶᠢ  ᠪᠠᠲᠤᠯᠠᠵᠤ᠂ ᠮᠡᠷᠭᠡᠵᠢᠯ ᠤᠨ ᠲᠦᠪᠰᠢᠨ ᠥᠨᠳᠥᠷ᠂ ᠠᠮᠤᠷ ᠲᠦᠪᠰᠢᠨ ᠤ ᠴᠢᠳᠠᠮᠵᠢ ᠨᠢ ᠨᠠᠶᠢᠳᠠᠪᠤᠷᠢᠲᠠᠶ᠂ ᠲᠡᠭᠡᠭᠡᠪᠦᠷᠢ  ᠡᠵᠡᠩᠨᠡᠯᠲᠡ ᠶᠢᠨ ᠲᠡᠷᠭᠡ ᠨᠢ ᠬᠠᠮᠢᠶ᠎ᠠ ᠪᠥᠬᠦᠶ ᠳᠠᠭᠠᠳᠬᠠᠯ ᠲᠠᠢ ᠪᠠᠶᠢᠵᠤ᠂ ᠰᠦᠯᠵᠢᠶ᠎ᠡ ᠪᠠᠷ ᠦᠢᠯᠡᠴᠢᠯᠡᠭᠡ ᠬᠠᠩᠭᠠᠵᠤ  ᠪᠠᠶᠢᠭ᠎ᠠ ᠲᠡᠷᠭᠡ ᠬᠥᠰᠬᠡ ᠨᠢ ᠰᠦᠯᠵᠢᠶᠡᠨ ᠭᠠᠳᠠᠨ᠎ᠠ ᠪᠣᠳᠠᠲᠠᠶ ᠦᠢᠯᠡᠴᠢᠯᠡᠭᠡ ᠬᠠᠩᠭᠠᠵᠤ ᠪᠠᠶᠢᠭ᠎ᠠ ᠲᠡᠷᠭᠡ ᠬᠥᠰᠬᠡ ᠲᠠᠢ ᠨᠢᠭᠡᠳᠦᠯᠲᠡᠶ ᠪᠠᠶᠢᠬᠤ ᠶᠢ ᠪᠠᠲᠤᠯᠠᠬᠤ ᠶᠢᠨ ᠬᠠᠮᠲᠤ᠂ ᠲᠡᠷᠭᠡ ᠬᠥᠰᠬᠡ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ  ᠦᠢᠯᠡᠴᠢᠯᠡᠭᠡᠨ ᠤ ᠪᠠᠶᠢᠭ᠎ᠠ ᠭᠠᠵᠠᠷ ᠤᠨ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ  ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃         ᠠᠷᠪᠠᠨ ᠨᠠᠢᠮᠠᠳᠤᠭᠠᠷ ᠵᠤᠷᠪᠤᠰ ᠲᠤ᠂ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ  ᠦᠢᠯᠡᠴᠢᠯᠡᠭᠡ ᠬᠠᠩᠭᠠᠬᠤ ᠵᠢᠯᠣᠭᠤᠴᠢ ᠶᠢᠨ ᠬᠠᠤᠯᠢ ᠶᠣᠰᠣᠨ ᠤ ᠠᠵᠢᠯ ᠡᠷᠭᠢᠯᠡᠬᠦ ᠬᠢᠷᠢ ᠬᠡᠮ ᠲᠠᠢ ᠪᠠᠶᠢᠬᠤ ᠶᠢ ᠪᠠᠲᠤᠯᠠᠵᠤ᠂  ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠠᠵᠢᠯᠯᠠᠬᠤ ᠴᠠᠭ ᠤᠨ ᠣᠷᠳᠣ᠂ ᠦᠢᠯᠡᠴᠢᠯᠡᠬᠦ ᠤᠳᠠᠭ᠎ᠠ ᠵᠡᠷᠭᠡ ᠣᠨᠴᠠᠯᠢᠭ ᠢ ᠦᠨᠳᠦᠰᠦᠯᠡᠨ᠂ ᠵᠢᠯᠣᠭᠤᠴᠢ ᠲᠠᠢ ᠣᠯᠠᠨ ᠵᠦᠢᠯ ᠤᠨ ᠬᠡᠯᠪᠡᠷᠢ ᠶᠢᠨ  ᠬᠥᠳᠡᠯᠮᠦᠷᠢ ᠶᠢᠨ ᠭᠡᠷ᠎ᠡ ᠪᠤᠶᠤ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ ᠲᠣᠳᠣᠷᠬᠠᠶᠢᠯᠠᠬᠤ  ᠬᠡᠷᠡᠭᠲᠡᠶ᠃ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠵᠢᠯᠣᠭᠤᠴᠢ ᠶᠢᠨ ᠬᠠᠤᠯᠢ ᠶᠣᠰᠣᠨ ᠤ ᠡᠷᠬᠡ  ᠠᠰᠢᠭ ᠢ ᠬᠠᠮᠠᠭᠠᠯᠠᠨ ᠪᠠᠲᠤᠯᠠᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠤᠬᠠᠶᠢᠯᠠᠭᠰᠠᠨ  ᠠᠵᠢᠯ ᠤᠨ ᠶᠣᠰᠣ ᠮᠣᠷᠠᠯ᠂ ᠦᠢᠯᠡᠴᠢᠯᠡᠭᠡᠨ ᠤ ᠳᠦᠷᠢᠮᠵᠢᠯ᠂ ᠠᠮᠤᠷ ᠲᠦᠪᠰᠢᠨ ᠡᠵᠡᠩᠨᠡᠯᠲᠡ ᠵᠡᠷᠭᠡ ᠲᠠᠯ᠎ᠠ ᠪᠠᠷ ᠠᠵᠢᠯ ᠤᠨ  ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ ᠡᠳᠦᠷ ᠲᠤᠲᠤᠮ ᠤᠨ ᠬᠥᠮᠦᠵᠢᠯ ᠢ ᠥᠷᠨᠢᠭᠦᠯᠵᠦ᠂  ᠰᠦᠯᠵᠢᠶ᠎ᠡ ᠪᠠᠷ ᠦᠢᠯᠡᠴᠢᠯᠡᠭᠡ ᠬᠠᠩᠭᠠᠵᠤ ᠪᠠᠶᠢᠭ᠎ᠠ ᠵᠢᠯᠣᠭᠤᠴᠢ ᠬᠢᠭᠡᠳ ᠰᠦᠯᠵᠢᠶᠡᠨ ᠭᠠᠳᠠᠨ᠎ᠠ ᠪᠣᠳᠠᠲᠠᠶ ᠦᠢᠯᠡᠴᠢᠯᠡᠭᠡ  ᠬᠠᠩᠭᠠᠵᠤ ᠪᠠᠶᠢᠭ᠎ᠠ ᠵᠢᠯᠣᠭᠤᠴᠢ ᠶᠢᠨ ᠨᠢᠭᠡᠳᠦᠯᠲᠡᠶ ᠪᠠᠶᠢᠬᠤ ᠶᠢ ᠪᠠᠲᠤᠯᠠᠬᠤ ᠶᠢᠨ ᠬᠠᠮᠲᠤ᠂ ᠵᠢᠯᠣᠭᠤᠴᠢ ᠶᠢᠨ ᠬᠠᠮᠢᠶ᠎ᠠ ᠪᠥᠬᠦᠶ  ᠮᠡᠳᠡᠭᠡ ᠵᠠᠩᠭᠢ ᠶᠢ ᠦᠢᠯᠡᠴᠢᠯᠡᠭᠡᠨ ᠤ ᠪᠠᠶᠢᠭ᠎ᠠ ᠭᠠᠵᠠᠷ ᠤᠨ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠣᠯᠯᠠᠨ  ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃   ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠯᠣᠤᠬ᠎ᠠ ᠶᠢᠨ ᠭᠤᠣᠯ ᠵᠡᠭᠡᠯᠢ ᠶᠢᠨ 109     ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 —  11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号