| | ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠡᠷᠦᠬᠡ ᠠᠮᠠ ᠶᠢᠨ ᠲᠠᠩᠰᠠ ᠨᠢ ᠨᠢᠩᠴᠧᠩ ᠰᠢᠶᠠᠨ ᠳᠤ | ᠪᠠᠶᠢᠬᠤ᠃ 2. ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠬᠤ ᠳᠤ᠂ ᠬᠠᠮᠲᠤ | ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠥᠮᠥᠨ ᠪᠦᠷᠢ ᠶᠢᠨ ᠰᠠᠷ᠎ᠠ ᠶᠢᠨ ᠳᠤᠮᠳᠠᠴᠢ ᠣᠷᠣᠯᠭ᠎ᠠ ᠨᠢ | ᠲᠤᠬᠠᠶ ᠶᠢᠨ ᠭᠠᠵᠠᠷ ᠤᠨ ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ | ᠳᠣᠣᠷ᠎ᠠ ᠪᠠᠶᠢᠬᠤ᠃ 3. ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ | ᠭᠤᠶᠤᠴᠢᠯᠠᠬᠤ ᠳᠤ᠂ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠥᠮᠥᠨ ᠪᠦᠷᠢ ᠶᠢᠨ | ᠵᠢᠯ ᠤᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ | ᠪᠠᠷᠢᠮᠵᠢᠶ᠎ᠠ ᠠᠴᠠ ᠳᠣᠣᠷ᠎ᠠ ᠪᠠᠶᠢᠬᠤ᠃ | ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ | 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠃ 3. ︽ | ᠨᠢᠩᠴᠧᠩ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ | ᠨᠠᠷᠢᠯᠢᠭ ᠣᠨᠣᠴᠠᠲᠠᠶ ᠪᠠᠷ ᠮᠠᠭᠠᠳᠯᠠᠨ ᠲᠣᠭᠲᠠᠭᠠᠬᠤ ᠰᠠᠨᠠᠯ︾ ᠢ ᠦᠨᠳᠦᠰᠦᠯᠡᠨ᠂ ᠨᠥᠬᠦᠴᠡᠯ ᠳᠤ ᠨᠡᠶᠢᠴᠡᠬᠦ ᠥᠬᠡᠶ | ᠬᠡᠷ ᠪᠦᠯᠢ ᠶᠢ ᠮᠠᠭᠠᠳᠯᠠᠨ ᠲᠣᠭᠲᠠᠭᠠᠬᠤ ᠥᠬᠡᠶ᠂ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ | ᠮᠥᠩᠭᠦ ᠣᠯᠭᠤᠬᠤ ᠦᠭᠡᠢ᠃ | ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ | ᠬᠡᠮᠵᠢᠶᠡᠨ ᠤ ᠬᠢᠵᠠᠭᠠᠷᠯᠠᠯ ᠥᠭᠡᠢ᠃ | ᠲᠣᠭᠲᠠᠭᠠᠭᠰᠠᠨ ᠦᠨᠳᠦᠰᠦᠯᠡᠯ | 【 ᠵᠠᠰᠠᠭ ᠵᠠᠬᠢᠷᠭᠠᠨ ᠤ ᠬᠠᠤᠯᠢ ᠲᠣᠭᠲᠠᠭᠠᠯ 】 ︽ᠨᠡᠶᠢᠭᠡᠮ ᠤᠨ ᠠᠪᠤᠷᠠᠨ ᠲᠤᠰᠠᠯᠠᠬᠤ ᠲᠦᠷ | ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 649 ᠳ᠋ᠦ᠋ᠭᠡᠷ ᠲᠣᠭᠠᠲᠤ︶ ᠶᠢᠨ | ᠶᠢᠰᠦᠳᠦᠭᠡᠷ ᠵᠤᠷᠪᠤᠰ ᠲᠤ᠂ ᠤᠯᠤᠰ ᠠᠴᠠ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠥᠮᠦᠨ | ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠮᠥᠷᠲᠡᠭᠡᠨ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠬᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠤᠨ ᠲᠣᠭᠲᠠᠭᠠᠯ ᠳᠤ ᠨᠡᠶᠢᠴᠡᠬᠦ ᠬᠡᠷ | ᠪᠦᠯᠢ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠣᠯᠭᠤᠨ᠎ᠠ᠃ ᠠᠷᠪᠠᠨ ᠨᠢᠭᠡᠳᠦᠭᠡᠷ ᠵᠤᠷᠪᠤᠰ ᠲᠤ᠂ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠢᠨᠠᠨ | ᠪᠠᠶᠢᠴᠠᠭᠠᠭᠠᠳ ᠨᠥᠬᠦᠴᠡᠯ ᠳᠤ ᠨᠡᠶᠢᠴᠡᠭᠰᠡᠨ ᠭᠤᠶᠤᠴᠢᠯᠠᠯ ᠢ ᠵᠥᠪᠰᠢᠶᠡᠷᠡᠬᠦ ᠶᠢᠨ ᠬᠠᠮᠲᠤ ᠭᠤᠶᠤᠴᠢᠯᠠᠭᠴᠢ ᠶᠢᠨ | ᠪᠠᠶᠢᠭ᠎ᠠ ᠭᠠᠴᠠᠭ᠎ᠠ᠂ ᠨᠡᠶᠢᠭᠡᠮ ᠲᠣᠭᠤᠷᠢᠭ ᠲᠤ ᠢᠯᠡ ᠨᠡᠶᠢᠲᠡᠯᠡᠨ᠎ᠡ᠃ ᠨᠥᠬᠦᠴᠡᠯ ᠳᠤ ᠨᠡᠶᠢᠴᠡᠬᠦ ᠦᠭᠡᠢ | ᠭᠤᠶᠤᠴᠢᠯᠠᠯ ᠢ ᠵᠥᠪᠰᠢᠶᠡᠷᠡᠬᠦ ᠦᠭᠡᠢ ᠪᠥᠭᠡᠳ ᠭᠤᠶᠤᠴᠢᠯᠠᠭᠴᠢ ᠳᠤ ᠤᠴᠢᠷ ᠰᠢᠯᠲᠠᠭᠠᠨ ᠢ ᠪᠢᠴᠢᠭ ᠤᠨ ᠬᠡᠯᠪᠡᠷᠢ ᠪᠠᠷ | ᠲᠣᠳᠣᠷᠬᠠᠶᠢᠯᠠᠨ᠎ᠠ᠃ ᠠᠷᠪᠠᠨ ᠬᠤᠶᠠᠳᠤᠭᠠᠷ ᠵᠤᠷᠪᠤᠰ ᠲᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠤᠯᠬᠤ ᠶᠢ ᠵᠥᠪᠰᠢᠶᠡᠷᠡᠭᠰᠡᠨ ᠭᠡᠷ ᠪᠦᠯᠢ ᠳᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ | ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠬᠤ ᠵᠥᠷᠢᠶ᠎ᠡ ᠶᠢ ᠦᠨᠳᠦᠰᠦᠯᠡᠨ ᠰᠠᠷ᠎ᠠ ᠪᠣᠯᠭᠠᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠮᠦᠡᠭᠭᠦ ᠣᠯᠭᠤᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠯᠣᠤᠬ᠎ᠠ ᠶᠢᠨ ᠭᠤᠣᠯ ᠵᠡᠭᠡᠯᠢ ᠶᠢᠨ 113 ᠨᠣᠮᠧᠷ | ᠨᠢᠩᠴᠧᠩ ᠰᠢᠶᠠᠨ ᠤ ᠠᠷᠠᠳ ᠤᠨ ᠶᠠᠪᠤᠳᠠᠯ ᠤᠨ ᠲᠤᠪᠴᠢᠶᠠᠨ ᠤ 0407 ᠭᠡᠷ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ | 30— 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | |