| | | ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ ᠱᠠᠭᠠᠷᠳᠠᠯᠭ᠎ᠠ ᠳᠤ ᠨᠡᠶᠢᠴᠡᠭᠰᠡᠨ ᠣᠨᠴᠠ ᠲᠤᠰᠠᠯᠠᠮᠵᠢ ᠬᠦᠷᠲᠡᠵᠦ | ᠪᠠᠶᠢᠭ᠎ᠠ ᠬᠥᠮᠦᠨ | ︵ᠬᠤᠶᠠᠷ︶ ᠥᠯᠥ ᠵᠦᠪᠰᠢᠶᠡᠷᠡᠬᠦ ᠪᠠᠶᠢᠳᠠᠯ᠄ ᠣᠯᠭᠤᠬᠤ ᠱᠠᠭᠠᠷᠳᠠᠯᠭ᠎ᠠ ᠳᠤ ᠥᠯᠥ ᠨᠡᠶᠢᠴᠡᠬᠦ ︵ᠨᠠᠰᠤ | ᠪᠠᠷᠠᠭᠰᠠᠨ︶ | ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ | ᠲᠤᠭᠲᠠᠭᠠᠭᠰᠠᠨ ᠦᠨᠳᠦᠰᠦᠯᠡᠯ | 【ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ】 ︽ᠠᠵᠢᠯ ᠤᠨ ᠪᠠᠶᠢᠷᠢ ᠶᠢ ᠨᠢ ᠴᠣᠮᠬᠠᠳᠬᠠᠵᠤ | ᠬᠠᠰᠤᠭᠰᠠᠨ ᠠᠬᠠᠮᠠᠳ ᠠᠵᠢᠯᠳᠠᠨ ᠠᠵᠢᠯᠴᠢᠨ ᠤ ᠠᠮᠢᠳᠤᠷᠠᠯ ᠤᠨ ᠬᠦᠴᠢᠷᠳᠡᠯ ᠢ ᠲᠡᠳᠬᠦᠬᠦ ᠠᠰᠠᠭᠤᠳᠠᠯ ᠤᠨ ᠲᠤᠬᠠᠶ | ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵﹇65﹈ ᠤᠯᠤᠰ ᠳᠣᠲᠣᠭᠠᠳᠤ ᠦᠰᠦᠭ 224 ᠳ᠋ᠦ᠋ᠭᠡᠷ | ᠲᠣᠭᠠᠲᠤ︶ ᠤᠨ ᠬᠤᠶᠠᠳᠣᠭᠠᠷ ᠵᠣᠷᠪᠣᠰ᠂ ᠲᠤᠰ ᠬᠥᠮᠦᠨ ᠤ ᠤᠤᠯ ᠤᠨ ᠴᠠᠯᠢᠩ ᠤᠨ ᠢᠶᠠᠨ ᠵᠠᠭᠤᠨ ᠤ ᠭᠤᠴᠢ ᠶᠢᠨ | ᠲᠡᠳᠬᠦᠮᠵᠢ ᠶᠢᠨ ᠵᠠᠷᠤᠳᠠᠯ ᠢ ᠨᠢᠭᠡᠨᠲᠡ ᠰᠠᠷ᠎ᠠ ᠪᠦᠷᠢ ᠬᠦᠷᠲᠡᠵᠦ ᠪᠠᠶᠢᠭ᠎ᠠ ᠠᠵᠢᠯ ᠠᠴᠠ ᠪᠠᠨ ᠪᠠᠭᠤᠭᠰᠠᠨ ᠨᠠᠰᠤᠲᠠᠢ | ᠪᠠᠭᠤᠷᠠᠶ ᠵᠡᠮᠳᠡᠭ ᠠᠵᠢᠯᠳᠠᠨ ᠠᠵᠢᠯᠴᠢᠨ ᠪᠦᠬᠦᠨ ᠳᠤ ᠲᠤᠰ ᠮᠡᠳᠡᠭᠳᠡᠯ ᠢ ᠪᠠᠭᠤᠯᠭᠠᠭᠰᠠᠨ ᠤ ᠳᠠᠷᠠᠭᠠᠬᠢ ᠲᠠᠷᠠᠭ᠎ᠠ | ᠰᠠᠷ᠎ᠠ ᠠᠴᠠ ᠨᠢ ᠡᠬᠢᠯᠡᠨ ᠴᠥᠮ ᠲᠤᠰ ᠬᠥᠮᠦᠨ ᠤ ᠤᠤᠯ ᠤᠨ ᠴᠠᠯᠢᠩ ᠤᠨ ᠵᠠᠭᠤᠨ ᠤ ᠳᠥᠴᠢ ᠪᠠᠷ ᠲᠡᠳᠬᠦᠮᠵᠢ ᠶᠢᠨ | ᠵᠠᠷᠤᠳᠠᠯ ᠥᠭᠬᠦ ᠪᠣᠯᠭᠠᠨ ᠥᠭᠡᠷᠡᠴᠢᠯᠡᠨ᠎ᠡ᠃ ᠳᠣᠯᠣᠳᠣᠭᠠᠷ ᠵᠣᠷᠪᠣᠰ᠂ 1961 ᠣᠨ ᠠᠴᠠ ᠲᠤᠰ ᠮᠡᠳᠡᠭᠳᠡᠯ ᠢ | ᠪᠠᠭᠤᠯᠭᠠᠭᠰᠠᠨ ᠡᠳᠦᠷ ᠪᠣᠯᠲᠠᠯᠠᠬᠢ ᠬᠤᠭᠤᠴᠠᠭᠠᠨ ᠳᠤ ᠠᠵᠢᠯ ᠤᠨ ᠪᠠᠶᠢᠷᠢ ᠶᠢ ᠨᠢ ᠴᠣᠮᠬᠠᠳᠬᠠᠨ ᠬᠠᠰᠤᠵᠤ ᠠᠵᠢᠯ | ᠠᠴᠠ ᠨᠢ ᠪᠠᠭᠤᠯᠭᠠᠭᠰᠠᠨ 1957 ᠣᠨ ᠤ ᠵᠢᠯ ᠤᠨ ᠡᠴᠦᠰ ᠠᠴᠠ ᠡᠮᠦᠨ᠎ᠡ ᠠᠵᠢᠯ ᠳᠤ ᠤᠷᠤᠭᠰᠠᠨ ᠠᠵᠢᠯᠳᠠᠨ | ᠠᠵᠢᠯᠴᠢᠨ ᠤ ᠳᠣᠲᠣᠷ᠎ᠠ᠂ ᠲᠤᠰ ᠮᠡᠳᠡᠭᠳᠡᠯ ᠤᠨ ᠨᠢᠭᠡᠳᠦᠭᠡᠷ ᠵᠦᠢᠯ ᠳᠤ ᠲᠣᠭᠲᠠᠭᠠᠭᠰᠠᠨ ᠨᠦᠬᠦᠴᠡᠯ ᠳᠤ ᠨᠡᠶᠢᠴᠡᠬᠦ | ᠦᠭᠡᠢ ᠪᠡᠶ᠎ᠡ ᠮᠠᠬᠠᠪᠣᠳ ᠤᠨ ᠰᠢᠯᠲᠠᠭᠠᠨ ᠠᠴᠠ ᠪᠤᠯᠵᠤ ᠠᠮᠢᠳᠤᠷᠠᠯ ᠨᠢ ᠬᠦᠴᠢᠷᠳᠡᠯ ᠲᠠᠢ ᠪᠠᠶᠢᠪᠠᠯ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠠᠴᠠ ᠠᠮᠢᠳᠤᠷᠠᠯ ᠤᠨ ᠲᠡᠳᠬᠦᠮᠵᠢ ᠥᠭᠴᠦ᠂ ᠲᠡᠳᠡᠨ ᠤ ᠠᠮᠢᠳᠤᠷᠠᠯ ᠢ ᠲᠤᠬᠠᠶ ᠶᠢᠨ | ᠭᠠᠵᠠᠷ ᠤᠨ ᠡᠩ ᠤᠨ ᠰᠠᠭᠤᠭᠠᠯᠢ ᠠᠷᠠᠳ ᠤᠨ ᠠᠮᠢᠳᠤᠷᠠᠯ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ | 【ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ】 ︽ᠠᠵᠢᠯ ᠤᠨ ᠪᠠᠶᠢᠷᠢ ᠶᠢ ᠨᠢ ᠴᠣᠮᠬᠠᠳᠬᠠᠨ ᠬᠠᠰᠣᠵᠣ | ᠳᠣᠷᠣᠭᠰᠢ ᠪᠠᠭᠤᠯᠭᠠᠭᠰᠠᠨ ᠠᠵᠢᠯᠲᠠᠨ ᠠᠵᠢᠯᠴᠢᠨ ᠠᠵᠢᠯ ᠠᠴᠠ ᠪᠠᠨ ᠪᠠᠭᠤᠭᠰᠠᠨ ᠤ ᠳᠠᠷᠠᠭ᠎ᠠ ᠴᠠᠬᠢᠭᠤᠷᠲᠤ | ᠠᠭᠤᠰᠬᠢᠨ ᠤ ᠡᠪᠡᠳᠴᠢᠨ ᠳᠤ ᠨᠡᠷᠪᠡᠭᠳᠡᠭᠰᠡᠨ ᠢᠶᠠᠨ ᠢᠯᠡᠷᠡᠭᠦᠯᠪᠡᠯ ᠵᠠᠭᠤᠨ ᠤ ᠳᠥᠴᠢ ᠶᠢᠨ ᠲᠡᠳᠬᠦᠮᠵᠢ ᠭᠥᠷᠳᠡᠵᠦ | ᠳᠡᠶᠢᠯᠬᠦ ᠡᠰᠡᠬᠦ ᠠᠰᠠᠭᠤᠳᠠᠯ ᠤᠨ ᠲᠤᠬᠠᠢ ᠠᠷᠠᠳ ᠤᠨ ᠶᠠᠪᠤᠳᠠᠯ ᠤᠨ ᠶᠠᠮᠤᠨ ᠤ ᠴᠣᠬᠤᠯᠠᠪᠤᠷᠢ︾ ︵ᠠᠷᠠᠳ | ᠲᠠᠷᠬᠠᠭᠠᠭᠰᠠᠨ ﹇1980﹈ 28 ᠳ᠋ᠤᠭᠠᠷ ᠲᠣᠭᠠᠲᠤ︶ 1961 ᠣᠨ ᠠᠴᠠ 1965 ᠣᠨ ᠤ 6 ᠰᠠᠷ᠎ᠠ ᠶᠢᠨ 9 ᠤ | ᠡᠳᠦᠷ ᠪᠣᠯᠲᠠᠯᠠᠬᠢ ᠬᠤᠭᠤᠴᠠᠭᠠᠨ ᠳᠤ ᠠᠵᠢᠯ ᠤᠨ ᠪᠠᠶᠢᠷᠢ ᠶᠢ ᠨᠢ ᠴᠣᠮᠬᠠᠳᠬᠠᠨ ᠬᠠᠰᠤᠵᠤ ᠠᠵᠢᠯ ᠠᠴᠠ ᠨᠢ | ᠪᠠᠭᠤᠯᠭᠠᠭᠰᠠᠨ ᠠᠵᠢᠯᠲᠠᠨ ᠠᠵᠢᠯᠴᠢᠨ ᠠᠵᠢᠯ ᠠᠴᠠ ᠪᠠᠨ ᠪᠠᠭᠤᠭᠰᠠᠨ ᠤ ᠳᠠᠷᠠᠭ᠎ᠠ ᠰᠠᠶ᠋ᠢ ᠴᠠᠬᠢᠭᠤᠷᠲᠤ ᠠᠭᠤᠰᠬᠢᠨ ᠤ | ᠡᠪᠡᠳᠴᠢᠨ ᠳᠤ ᠨᠡᠷᠪᠡᠭᠳᠡᠭᠰᠡᠨ ᠢᠶᠠᠨ ᠢᠯᠡᠷᠡᠭᠦᠯᠪᠡᠯ᠂ ᠤᠤᠯ ᠤᠨ ᠨᠢᠭᠡᠴᠢ ᠠᠴᠠ ᠲᠤᠰ ᠬᠦᠮᠦᠨ ᠨᠡᠯᠢᠶᠡᠳ ᠤᠷᠲᠤ | ᠬᠤᠭᠤᠴᠠᠭ᠎ᠠ ᠪᠠᠷ ᠴᠠᠬᠢᠭᠤᠷᠲᠤ ᠠᠭᠤᠰᠬᠢᠨ ᠤ ᠡᠪᠡᠳᠴᠢᠨ ᠢ ᠡᠭᠦᠰᠭᠡᠬᠦ ᠪᠣᠯᠤᠯᠴᠠᠭ᠎ᠠ ᠲᠠᠢ ᠠᠵᠢᠯ ᠲᠦᠷᠦᠯ ᠢ ᠬᠢᠵᠦ | ᠪᠠᠶᠢᠭᠰᠠᠨ ᠢ ᠭᠡᠷᠡᠴᠢᠯᠡᠵᠦ᠂ ᠮᠤᠵᠢ ᠶᠢᠨ ᠴᠠᠬᠢᠭᠤᠷᠲᠤ ᠠᠭᠤᠰᠬᠢᠨ ᠤ ᠡᠪᠡᠳᠴᠢᠨ ᠤ ᠣᠨᠣᠰᠢᠯᠠᠯᠲᠠ ᠶᠢᠨ ᠲᠥᠪ ᠠᠴᠠ | ᠦᠨᠡᠬᠡᠷ ᠴᠠᠬᠢᠭᠤᠷᠲᠤ ᠠᠭᠤᠰᠬᠢᠨ ᠤ ᠡᠪᠡᠳᠴᠢᠨ ᠲᠠᠢ ᠪᠠᠶᠢᠬᠤ ᠶᠢ ᠰᠢᠯᠭᠠᠨ ᠲᠤᠭᠲᠠᠭᠠᠭᠰᠠᠨ᠂ ᠬᠥᠳᠡᠯᠮᠦᠷᠢᠯᠡᠬᠦ | ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠪᠥᠭᠡᠳ ᠭᠡᠷ ᠪᠦᠯᠢ ᠶᠢᠨ ᠠᠮᠢᠳᠤᠷᠠᠯ ᠨᠢ ᠲᠦᠰᠢᠭ ᠦᠭᠡᠢ | ᠪᠠᠶᠢᠳᠠᠯ ᠳᠤ᠂ ᠭᠠᠵᠠᠷ ᠣᠷᠣᠨ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠠᠷ ᠬᠢᠨᠠᠨ | ᠵᠥᠪᠰᠢᠶᠡᠷᠡᠭᠦᠯᠦᠭᠡᠳ ᠤᠤᠯ ᠤᠨ ᠪᠠᠷᠢᠮᠵᠢᠶᠠᠲᠤ ᠴᠠᠯᠢᠩ ᠤᠨ 40% ᠶᠢᠨ ᠲᠡᠳᠬᠦᠮᠵᠢ ᠶᠢᠨ ᠵᠠᠷᠤᠳᠠᠯ ᠣᠯᠭᠤᠵᠤ | ᠪᠣᠯᠤᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠯᠣᠤᠬ᠎ᠠ ᠶᠢᠨ ᠭᠤᠣᠯ ᠵᠡᠭᠡᠯᠢ ᠶᠢᠨ 113 | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | |