ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ ᠲᠤᠭᠳᠠᠭᠰᠠᠨ ᠬᠤᠭᠤᠴᠠᠭᠠᠨ ᠳᠤ ᠪᠥᠬᠦ ᠬᠦᠷᠢᠶ᠎ᠡ ᠴᠠᠷᠠᠭᠠᠨ ᠳᠤ  ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/1/6
          ᠫᠤᠤᠵᠢᠩ ᠤᠨ ᠠᠭᠠᠷ ᠮᠠᠨᠳᠠᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠵᠤ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ  ᠦᠨᠡᠨᠬᠦ ᠰᠠᠶᠢᠵᠢᠷᠠᠭᠤᠯᠤᠨ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ   ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠦᠭᠦᠳᠡ  ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾᠂ ︽ᠫᠤᠤᠵᠢᠩ ᠤᠨ ᠠᠮᠤᠷ ᠲᠦᠪᠰᠢᠨ ᠤ  ᠬᠠᠮᠢᠶᠠᠷᠤᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠶᠢ ᠦᠨᠳᠦᠰᠦᠯᠡᠨ᠂ ᠰᠤᠳᠤᠯᠬᠤ ᠪᠠᠷ ᠳᠡᠮᠵᠢᠨ᠂ ᠮᠠᠨ ᠤ ᠬᠤᠲᠠ   ᠶᠢᠨ ᠪᠥᠬᠦ ᠬᠦᠷᠢᠶ᠎ᠡ ᠴᠠᠷᠠᠭᠠᠨ ᠳᠤ ᠫᠤᠤᠵᠢᠩ ᠲᠠᠯᠪᠢᠬᠤ ᠶᠢ ᠴᠠᠭᠠᠵᠠᠯᠠᠬᠤ ᠪᠠᠷ ᠲᠣᠭᠲᠠᠪᠠ᠂ ᠣᠲᠣ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠶ᠎ᠡ᠃     ᠨᠢᠭᠡ᠂ ᠲᠠᠯᠪᠢᠵᠤ ᠪᠣᠯᠬᠤ ᠦᠭᠡᠢ ᠬᠡᠪᠴᠢᠶ᠎ᠡ᠄ ᠤᠯᠠᠭᠠᠨᠬᠠᠳᠠ ᠬᠤᠲᠠ ᠶᠢᠨ ᠵᠠᠰᠠᠭ ᠵᠠᠬᠢᠷᠭᠠᠨ ᠤ ᠣᠷᠣᠨ ᠬᠡᠪᠴᠢᠶ᠎ᠠ       ᠬᠤᠶᠠᠷ᠂ ᠴᠠᠭᠠᠵᠠᠯᠠᠬᠤ ᠴᠠᠭ ᠬᠤᠭᠤᠴᠠᠭ᠎ᠠ᠄ ᠲᠣᠰ ᠵᠠᠷᠯᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 2022 ᠣᠨ ᠤ 3 ᠳ᠋ᠤᠭᠠᠷ ᠰᠠᠷ᠎ᠠ ᠶᠢᠨ  13 ᠤ ᠡᠳᠦᠷ ᠪᠣᠯᠲᠠᠯ᠎ᠠ᠃       ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ 1᠂ ᠪᠦᠬᠦ ᠬᠤᠲᠠ ᠶᠢᠨ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠠᠷᠠᠳ ᠤᠨ ᠪᠦᠯᠬᠦᠮ ᠬᠤᠸᠠᠷ  ᠫᠤᠤᠵᠢᠩ ᠲᠠᠯᠪᠢᠬᠤ ᠶᠢ ᠴᠠᠭᠠᠵᠠᠯᠠᠨ᠎ᠠ᠃ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠨᠠᠷ ᠲᠤᠰ ᠵᠠᠷᠯᠠᠯ ᠤᠨ ᠡᠯ᠎ᠡ ᠵᠦᠶᠯ ᠤᠨ ᠲᠣᠭᠲᠠᠭᠠᠯ ᠢ ᠲᠦᠷᠦᠭᠦᠯᠡᠨ  ᠬᠡᠷᠡᠭᠵᠢᠭᠦᠯᠬᠦ ᠬᠡᠷᠡᠭᠲᠡᠶ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠵᠢᠯᠲᠠᠳ ᠲᠥᠷᠥ ᠶᠢᠨ  ᠪᠣᠳᠣᠯᠭ᠎ᠠ ᠶᠢᠨ ᠤᠬᠠᠭᠤᠯᠭ᠎ᠠ  ᠶᠢᠨ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠬᠤᠸᠠᠷ ᠫᠤᠤᠵᠢᠩ ᠲᠠᠯᠪᠢᠬᠤ ᠶᠢ ᠴᠠᠭ ᠲᠤᠬᠠᠶ ᠳᠤᠨᠢ ᠢᠳᠬᠠᠨ ᠬᠤᠷᠢᠭᠯᠠᠬᠤ  ᠬᠡᠷᠡᠭᠲᠡᠶ᠃ ᠥᠷᠭᠡᠨ ᠣᠯᠠᠨ ᠬᠤᠲᠠ ᠶᠢᠨ ᠠᠷᠠᠳ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠣᠰ ᠵᠠᠷᠯᠠᠯ ᠤᠨ ᠬᠤᠯᠪᠣᠭᠳᠠᠯ ᠪᠥᠬᠦᠶ ᠲᠣᠭᠲᠠᠭᠠᠯ ᠢ ᠤᠬᠠᠮᠰᠠᠷ   ᠠᠴᠠ ᠪᠠᠨ ᠵᠢᠷᠤᠮᠯᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠂ ᠪᠥᠬᠦ ᠨᠡᠶᠢᠭᠡᠮ ᠤᠨ ᠣᠯᠠᠨ ᠨᠡᠶᠢᠲᠡ ᠶᠢᠨ ᠣᠷᠴᠢᠨ ᠲᠣᠭᠤᠷᠢᠨ ᠢ ᠬᠠᠮᠲᠤ ᠪᠠᠷ  ᠬᠠᠮᠠᠭᠠᠯᠠᠬᠤ ᠬᠡᠷᠡᠭᠲᠡᠶ᠃ 2᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠨᠤᠭᠤᠳ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠬᠠᠷᠢᠶ᠎ᠠ  ᠤᠷᠤᠨ ᠤ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ 3᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ  ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠠᠤᠯᠢ  ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠦᠢᠯᠡᠳᠪᠦᠷᠢᠯᠡᠬᠦ᠂ ᠲᠡᠭᠡᠭᠡᠪᠦᠷᠢᠯᠡᠬᠦ᠂  ᠪᠣᠷᠣᠯᠠᠭᠤᠯᠬᠤ᠂ ᠲᠠᠯᠪᠢᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠬᠤᠯᠪᠣᠭᠳᠠᠯ  ᠪᠦᠬᠦᠢ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃       ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ 1᠂ ︽ᠬᠤᠸᠠᠷ ᠫᠤᠤᠵᠢᠩ ᠤᠨ ᠠᠶᠤᠯᠬᠦᠢ ᠶᠢᠨ ᠬᠠᠮᠢᠶᠠᠷᠤᠯᠲᠠ  ᠶᠢᠨ ᠳᠦᠷᠢᠮ︾ ᠤᠨ ᠭᠤᠴᠢᠨ ᠵᠢᠷᠭᠤᠳᠤᠭᠠᠷ ᠵᠦᠶᠯ ᠤᠨ ᠲᠣᠭᠲᠠᠭᠠᠯ ᠢ ᠦᠨᠳᠦᠰᠦᠯᠡᠨ᠂  ᠵᠥᠪᠰᠢᠶᠡᠷᠡᠭᠦᠯᠦᠭᠡᠳᠦᠶ  ᠪᠠᠷ ᠬᠤᠸᠠᠷ ᠫᠤᠤᠵᠢᠩ ᠤᠨ ᠦᠶᠯᠡᠳᠬᠦᠨ ᠦᠶᠯᠡᠳᠪᠦᠷᠢᠯᠡᠵᠦ᠂ ᠡᠵᠡᠩᠨᠡᠭᠰᠡᠨ ᠪᠣᠯ ᠠᠶᠤᠯᠬᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ   ᠶᠢᠨ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠦᠶᠯᠡᠳᠪᠦᠷᠢᠯᠡᠬᠦ᠂ ᠡᠵᠡᠩᠨᠡᠬᠦ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ 2 ᠲᠦᠮᠡᠨ ᠲᠥᠭᠦᠷᠢᠭ ᠠᠴᠠ  ᠳᠡᠭᠡᠭᠰᠢ 10 ᠲᠦᠮᠡᠨ ᠲᠥᠭᠦᠷᠢᠭ  ᠠᠴᠠ ᠳᠣᠷᠣᠭᠰᠢ ᠵᠣᠭᠤᠰ ᠢᠶᠠᠷ ᠲᠣᠷᠭᠠᠬᠤ ᠶᠢᠨ ᠬᠠᠮᠲᠤ ᠬᠠᠤᠯᠢ ᠪᠤᠰᠤ ᠪᠠᠷ ᠦᠶᠯᠡᠳᠪᠦᠷᠢᠯᠡᠵᠦ᠂ ᠡᠵᠡᠩᠨᠡᠭᠰᠡᠨ ᠡᠳ᠋ ᠪᠠᠷᠠᠭ᠎ᠠ  ᠵᠢᠴᠢ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠮᠵᠢᠯᠠᠨ ᠠᠪᠤᠨ᠎ᠠ᠃ ᠵᠥᠪᠰᠢᠶᠡᠷᠡᠯ ᠣᠯᠤᠭᠰᠠᠨ ᠦᠭᠡᠶ ᠪᠠᠷ ᠬᠤᠸᠠᠷ ᠫᠤᠤᠵᠢᠩ ᠲᠡᠭᠡᠭᠡᠪᠦᠷᠢᠯᠡᠭᠰᠡᠨ  ᠪᠣᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ  ᠠᠴᠠ ᠬᠠᠤᠯᠢ ᠪᠤᠰᠤ ᠪᠠᠷ ᠲᠡᠭᠡᠭᠡᠪᠦᠷᠢᠯᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ 1 ᠲᠦᠮᠡᠨ  ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠶᠢᠨ ᠬᠠᠮᠲᠤ ᠬᠠᠤᠯᠢ ᠪᠤᠰᠤ ᠪᠠᠷ ᠲᠡᠭᠡᠭᠡᠪᠦᠷᠢᠯᠡᠭᠰᠡᠨ ᠡᠳ᠋ ᠪᠣᠳᠠᠰ  ᠵᠢᠴᠢ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠨ ᠠᠪᠬᠤ ᠬᠡᠷᠡᠭᠲᠡᠶ᠃ ᠬᠤᠸᠠᠷ ᠫᠤᠤᠵᠢᠩ ᠢ ᠬᠠᠤᠯᠢ ᠪᠤᠰᠤ ᠪᠠᠷ ᠦᠶᠯᠡᠳᠪᠦᠷᠢᠯᠡᠵᠦ᠂ ᠡᠵᠡᠩᠨᠡᠵᠦ᠂  ᠲᠡᠭᠡᠭᠡᠪᠦᠷᠢᠯᠡᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠶᠯᠡ ᠠᠵᠢᠯᠯᠠᠭ᠎ᠠ ᠪᠣᠯᠵᠣ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ  ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ 2᠂ ︽ᠬᠤᠸᠠᠷ ᠫᠤᠤᠵᠢᠩ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠳᠦᠷᠢᠮ︾ ᠤᠨ ᠳᠥᠴᠢᠨ ᠬᠤᠶᠠᠳᠤᠭᠠᠷ ᠵᠦᠢᠯ  ᠤᠨ ᠲᠣᠭᠲᠠᠭᠠᠯ ᠢ ᠦᠨᠳᠦᠰᠦᠯᠡᠨ᠂  ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠴᠠᠭ᠂ ᠭᠠᠵᠠᠷ ᠣᠷᠣᠨ ᠳᠤ ᠬᠤᠸᠠᠷ ᠫᠤᠤᠵᠢᠩ ᠲᠠᠯᠪᠢᠭᠰᠠᠨ ᠪᠣᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ   ᠠᠴᠠ ᠵᠠᠷᠯᠢᠭᠳᠠᠨ ᠵᠣᠭᠰᠣᠭᠠᠵᠤ᠂ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠵᠥᠪᠰᠢᠶᠡᠷᠡᠯ ᠦᠭᠡᠶ ᠪᠠᠷ  ᠬᠤᠸᠠᠷ ᠫᠤᠤᠵᠢᠩ ᠤᠨ ᠦᠳᠡᠰᠢᠯᠡᠭᠡ ᠵᠢᠴᠢ ᠪᠤᠰᠤᠳ ᠲᠣᠮᠣ ᠬᠡᠯᠪᠡᠷᠢ ᠶᠢᠨ ᠬᠤᠸᠠᠷ ᠫᠤᠤᠵᠢᠩ ᠲᠠᠯᠪᠢᠬᠤ ᠠᠵᠢᠯᠯᠠᠭ᠎ᠠ ᠡᠷᠬᠢᠯᠡᠭᠰᠡᠨ ᠪᠣᠯ ᠳᠣᠲᠣᠭᠠᠳᠤ ᠶᠢ  ᠬᠠᠮᠠᠭᠠᠯᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠣᠭᠰᠣᠭᠠᠵᠤ᠂ ᠬᠠᠷᠢᠭᠤᠴᠠᠯᠭ᠎ᠠ ᠲᠠᠢ ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ  ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠤ ᠪᠦᠷᠢᠯᠳᠦᠭᠰᠡᠨ  ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ  ᠶᠢᠨ ᠰᠢᠳᠬᠡᠯ ᠥᠭᠭᠦᠨ᠎ᠡ᠃       ᠲᠠᠪᠤ᠂ ᠶᠠᠮᠠᠷᠪᠠ ᠨᠢᠭᠡᠴᠡ ᠪᠠ ᠬᠤᠪᠢ ᠬᠥᠮᠦᠨ ᠳᠤ ᠬᠢᠨᠠᠯᠲᠠ ᠲᠠᠯᠪᠢᠵᠤ ᠬᠠᠤᠯᠢ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠪᠣᠷᠣᠯᠠᠭᠤᠯᠵᠤ᠂ ᠫᠤᠤᠵᠢᠩ  ᠲᠠᠯᠪᠢᠭᠰᠠᠨ ᠦᠶᠯᠡ ᠠᠵᠢᠯᠯᠠᠭ᠎ᠠ ᠶᠢ ᠴᠥᠮ ᠢᠳᠬᠠᠨ ᠬᠤᠷᠢᠭᠯᠠᠬᠤ᠂ ᠬᠤᠷᠢᠭᠯᠠᠨ ᠵᠣᠭᠰᠣᠭᠠᠬᠤ᠂ ᠢᠯᠡᠴᠢᠯᠡᠨ ᠮᠡᠳᠡᠭᠦᠯᠬᠦ ᠡᠷᠬᠡ ᠲᠠᠢ ︵ᠢᠯᠡᠴᠢᠯᠡᠨ ᠮᠡᠳᠡᠭᠦᠯᠬᠦ  ᠤᠲᠠᠰᠤ 110︶᠂ ᠲᠣᠰ ᠵᠠᠷᠯᠠᠯ ᠢ ᠨᠡᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠮᠠᠨ ᠤ ᠬᠤᠲᠠ ᠶᠢᠨ ᠤᠤᠯ  ᠤᠨ ᠬᠠᠮᠢᠶ᠎ᠠ ᠪᠦᠬᠦᠢ ᠪᠢᠴᠢᠭ  ᠮᠠᠲ᠋ᠧᠷᠢᠶᠠᠯ ᠵᠢᠴᠢ ᠵᠠᠷᠯᠠᠯ ᠨᠢ ᠲᠣᠰ ᠵᠠᠷᠯᠠᠯ ᠲᠠᠢ ᠨᠢᠭᠡᠳᠦᠯ ᠦᠭᠡᠢ ᠪᠣᠯ ᠲᠣᠰ ᠵᠠᠷᠯᠠᠯ  ᠢᠶᠠᠷ ᠪᠠᠷᠢᠮᠵᠢᠶ᠎ᠠ ᠪᠣᠯᠭᠠᠨ᠎ᠠ᠃               2022 ᠣᠨ ᠤ 1 ᠳ᠋ᠤᠭᠡᠷ ᠰᠠᠷ᠎ᠠ ᠶᠢᠨ 4 ᠤ ᠡᠳᠦᠷ                         ᠢᠷᠡᠯᠲᠡ᠄  ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号