ᠨᠢᠩᠴᠧᠩ ᠰᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠵᠦ ᠲᠠᠷᠢᠶᠠᠴᠢᠨ ᠡᠷᠦᠬᠡ ᠶᠢᠨ ᠭᠠᠷᠤᠯᠲᠠ ᠪᠠ ᠣᠷᠣᠯᠭ᠎ᠠ ᠪᠠᠨ ᠨᠡᠮᠡᠭᠳᠡᠭᠦᠯᠬᠦ ᠶᠢ ᠤᠳᠤᠷᠢᠳᠴᠣ ᠪᠣᠢ
ᠨᠡᠶᠢᠲᠡᠯᠡᠭᠰᠡᠨ ᠴᠠᠭ᠄
2022/10/11
 ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠨᠢᠩᠴᠧᠩ ᠰᠢᠶᠠᠨ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠥᠯᠢᠭᠡᠷ ᠳᠠᠭᠤᠷᠢᠶᠠᠯ ᠢ ᠳᠠᠶᠢᠴᠢᠯᠠᠨ ᠵᠢᠱᠢᠶ᠎ᠡ ᠦᠵᠡᠭᠦᠯᠬᠦ ᠰᠠᠶᠢᠨ ᠦᠢᠯᠡᠳᠦᠯ ᠦᠵᠡᠭᠦᠯᠬᠦ ᠶᠢ ᠦᠨᠡᠨ ᠬᠦ ᠪᠠᠲᠤᠯᠠᠵᠤ᠂ ᠵᠢᠱᠢᠶ᠎ᠡ ᠦᠵᠡᠭᠦᠯᠬᠦ᠂ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠮᠠᠯᠴᠢᠨ ᠲᠠᠷᠢᠶᠠᠴᠢᠨ ᠢ ᠪᠣᠯᠪᠠᠰᠤᠷᠠᠭᠤᠯᠬᠤ ᠵᠡᠷᠭᠡ ᠣᠯᠠᠨ ᠴᠢᠳᠠᠮᠵᠢᠲᠤ᠂ ᠶᠡᠷᠦᠩᠬᠡᠶᠢᠯᠡᠭᠰᠡᠨ ᠴᠢᠨᠠᠷᠲᠠᠢ ᠲᠠᠷᠢᠶᠠᠯᠠᠩ ᠤᠨ ᠮᠡᠷᠭᠡᠵᠢᠯ ᠤᠨ ᠵᠢᠱᠢᠶ᠎ᠡ ᠦᠵᠡᠭᠦᠯᠬᠦ ᠦᠢᠯᠡᠴᠢᠯᠡᠭᠡᠨ ᠤ ᠲᠠᠪᠴᠠᠩ ᠪᠣᠯᠭᠠᠪᠠ᠃  ᠨᠢᠩᠴᠧᠩ ᠰᠢᠶᠠᠨ ᠤ ᠲᠦᠸᠧ ᠶᠧ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ 1000 ᠮᠦ ᠲᠠᠷᠢᠶᠠᠨ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠠᠷᠢᠮᠠᠯ ᠤᠨ ᠰᠠᠭᠤᠷᠢᠨ ᠳᠤ᠂ ᠡᠷᠳᠡᠨᠢ ᠰᠢᠰᠢ ᠶᠢᠨ ᠲᠦᠷᠦᠯ ᠵᠦᠢᠯ 788᠂ ᠬᠤᠩ ᠱᠥᠸᠧ 5A79 ᠵᠡᠷᠭᠡ 25 ᠡᠷᠳᠡᠨᠢ ᠰᠢᠰᠢ ᠶᠢᠨ ᠲᠦᠷᠦᠯ ᠵᠦᠢᠯ ᠤᠨ ᠲᠠᠷᠢᠮᠠᠯ ᠤᠨ ᠲᠤᠷᠰᠢᠯᠲᠠ ᠶᠢ ᠬᠡᠷᠡᠭᠵᠢᠭᠦᠯᠵᠦ᠂ ᠲᠣᠮᠣ ᠳᠠᠯᠠᠩ ᠢ ᠵᠡᠷᠭᠡᠪᠡᠷ ᠶᠠᠪᠤᠭᠤᠯᠬᠤ ᠵᠡᠷᠭᠡ ᠮᠡᠷᠭᠡᠵᠢᠯ ᠢᠶᠠᠷ ᠮᠦᠷ ᠤᠨ ᠵᠠᠢ ᠶᠢ ᠥᠷᠭᠡᠳᠬᠡᠵᠦ᠂ ᠰᠠᠭᠤᠷᠢ ᠶᠢᠨ ᠵᠠᠢ ᠶᠢ ᠪᠠᠭᠠᠰᠬᠠᠵᠤ᠂ ᠲᠠᠷᠢᠮᠠᠯ ᠤᠨ ᠨᠢᠭᠲᠠᠴᠠ ᠶᠢ ᠨᠡᠮᠡᠭᠳᠡᠭᠦᠯᠵᠦ᠂ ᠮᠦ ᠪᠦᠷᠢ ᠶᠢᠨ ᠤᠨᠠᠯᠲᠠ ᠶᠢ 2000 ᠵᠢᠩ ᠳᠤ ᠬᠦᠷᠭᠡᠵᠦ᠂ ᠡᠩ ᠤᠨ ᠥᠰᠦᠯᠲᠡ ᠠᠴᠠ 10% ᠨᠡᠮᠡᠭᠳᠡᠵᠦ᠂ ᠡᠷᠬᠢᠨ ᠲᠣᠭᠤᠷᠢᠨ ᠤ 300 ᠲᠠᠷᠢᠶᠠᠴᠢᠨ ᠡᠷᠦᠬᠡ ᠶᠢ ᠳᠠᠶᠢᠴᠢᠯᠠᠨ ᠭᠠᠷᠤᠯᠲᠠ ᠶᠢ ᠨᠢ ᠨᠡᠮᠡᠭᠳᠡᠭᠦᠯᠵᠦ ᠣᠷᠣᠯᠭ᠎ᠠ ᠶᠢ ᠨᠢ ᠨᠡᠮᠡᠭᠳᠡᠭᠦᠯᠵᠡᠢ᠃  ᠨᠢᠩᠴᠧᠩ ᠰᠢᠶᠠᠨ ᠤ ᠮᠦ ᠯᠦᠩ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠨ ᠤ ᠡᠭᠦᠷᠭᠡᠯᠡᠭᠰᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠳᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠨᠢ 350 ᠦᠬᠡᠷ ᠪᠠᠶᠢᠵᠤ᠂ 120 ᠦᠬᠡᠷ ᠭᠠᠷᠭᠠᠵᠤ᠂ ᠰᠢᠮᠧᠨ᠋ᠲ᠋ᠠᠯ᠂ ᠱᠠᠷᠣᠯᠧ ᠦᠬᠡᠷ ᠵᠡᠷᠭᠡ ᠣᠯᠠᠨ ᠡᠭᠦᠯᠳᠡᠷ ᠢ ᠪᠣᠶᠢᠵᠢᠭᠤᠯᠤᠨ᠂ ᠮᠠᠯ ᠵᠢᠭᠦᠷᠲᠡᠨ ᠤ ᠪᠠᠭᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ ᠵᠡᠷᠭᠡ ᠶᠢᠨ ᠬᠡᠷᠡᠭᠯᠡᠯᠲᠡ ᠪᠠᠷ ᠳᠡᠮᠵᠢᠨ᠂ ᠦᠬᠡᠷ ᠨᠢᠭᠡᠪᠦᠷᠢ ᠶᠢᠨ ᠬᠦᠨᠳᠦ ᠶᠢ 50 ᠵᠢᠩ ᠨᠡᠮᠡᠭᠳᠡᠭᠦᠯᠵᠦ᠂ ᠡᠷᠬᠢᠨ ᠲᠣᠭᠤᠷᠢᠨ ᠤ 50 ᠡᠷᠦᠬᠡ ᠲᠠᠷᠢᠶᠠᠴᠢᠨ ᠡᠷᠦᠬᠡ ᠶᠢᠨ ᠭᠠᠷᠤᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠪᠠ᠃  ᠳᠡᠭᠡᠷ᠎ᠡ ᠬᠤᠷᠤᠭ᠎ᠠ ᠪᠠᠯᠭᠠᠰᠤᠨ ᠤ ᠣᠶᠤᠨᠲᠤ ᠬᠦᠷᠢᠶᠡᠯᠡᠩ ᠲᠣᠭᠤᠷᠢᠭ ᠤᠨ ᠲᠥᠬᠦᠭᠡᠷᠦᠮᠵᠢᠲᠦ ᠲᠠᠷᠢᠶᠠᠯᠠᠩ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ 187 ᠮᠦ ᠪᠠᠶᠢᠵᠤ᠂ ᠲᠥᠪᠡᠳ ᠬᠠᠰᠢ ᠶᠢᠨ ᠪᠣᠬᠢᠷᠳᠤᠯ ᠦᠭᠡᠢ ᠰᠡᠷᠭᠡᠶᠢᠯᠡᠨ ᠡᠵᠡᠮᠳᠡᠬᠦ᠂ ᠣᠷᠴᠢᠨ ᠲᠣᠭᠤᠷᠢᠨ ᠢ ᠲᠣᠬᠢᠷᠠᠭᠤᠯᠤᠨ ᠡᠵᠡᠮᠳᠡᠬᠦ ᠵᠡᠷᠭᠡ ᠰᠢᠨ᠎ᠡ ᠮᠡᠷᠭᠡᠵᠢᠯ ᠢ ᠳᠡᠯᠭᠡᠷᠡᠭᠦᠯᠵᠦ᠂ ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ ᠤᠨ ᠬᠡᠷᠡᠭᠯᠡᠯᠲᠡ ᠳᠣᠣᠷ᠎ᠠ᠂ ᠮᠦ ᠪᠦᠷᠢ ᠳᠤ 20% ᠤᠨ ᠤᠰᠤ ᠠᠷᠪᠢᠯᠠᠵᠤ᠂ 20% ᠤᠨ ᠡᠮ ᠠᠷᠪᠢᠯᠠᠵᠤ᠂ 30% ᠤᠨ ᠴᠠᠬᠢᠯᠭᠠᠨ ᠠᠷᠪᠢᠯᠠᠵᠤ᠂ ᠡᠷᠬᠢᠨ ᠲᠣᠭᠤᠷᠢᠨ ᠤ 100 ᠲᠠᠷᠢᠶᠠᠴᠢᠨ ᠡᠷᠦᠬᠡ ᠶᠢ ᠳᠠᠶᠢᠴᠢᠯᠠᠨ ᠦᠢᠯᠡᠳᠪᠦᠷᠢᠯᠡᠯ ᠢ ᠨᠢ ᠨᠡᠮᠡᠭᠳᠡᠭᠦᠯᠵᠦ ᠣᠷᠣᠯᠭ᠎ᠠ ᠶᠢ ᠨᠢ  ᠨᠡᠮᠡᠭᠳᠡᠭᠦᠯᠪᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号