ᠨᠢᠩᠴᠧᠩ ᠰᠢᠶᠠᠨ ︽ᠵᠢᠭᠤᠯᠴᠢᠯᠠᠯ ᠤᠨ ᠵᠣᠷᠯᠣᠩ ᠤᠨ ᠬᠤᠪᠢᠰᠬᠠᠯ︾ ᠢ ᠲᠦᠯᠬᠢᠨ ᠠᠬᠢᠭᠤᠯᠵᠤ  ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/10/27
     ᠣᠶᠢᠷ᠎ᠠ ᠶᠢᠨ ᠵᠢᠯ ᠳᠤ᠂ ᠨᠢᠩᠴᠧᠩ ᠰᠢᠶᠠᠨ ᠨᠡᠶᠢᠲᠡ 1587 ᠲᠦᠮᠡᠨ ᠲᠥᠭᠦᠷᠢᠭ ᠤᠨ ᠵᠢᠭᠤᠯᠴᠢᠯᠠᠯ ᠤᠨ  ᠵᠣᠷᠯᠣᠩ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 64 ᠵᠢᠭᠤᠯᠴᠢᠯᠠᠯ ᠤᠨ ᠵᠣᠷᠯᠣᠩ ᠢ ᠰᠢᠨ᠎ᠡ ᠪᠠᠷ  ᠪᠠᠶᠢᠭᠤᠯᠤᠭᠰᠠᠨ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠵᠤ᠂ ᠪᠠᠷᠢᠯᠭ᠎ᠠ ᠶᠢᠨ ᠲᠠᠯᠠᠪᠠᠶ ᠨᠢ 5206 ᠲᠡᠭᠰᠢ  ᠳᠥᠷᠪᠡᠯᠵᠢᠨ ᠮᠧᠲᠷ ᠲᠤ ᠬᠦᠷᠴᠦ᠂ A ᠲᠠᠰ ᠠᠴᠠ ᠳᠡᠭᠡᠭᠰᠢᠬᠢ ᠪᠠᠷᠢᠮᠵᠢᠶ᠎ᠠ ᠳᠤ 93.4% ᠳᠤ ᠬᠦᠷᠴᠡᠢ᠃  ᠡᠭᠦᠨ ᠤ ᠬᠠᠮᠲᠤ᠂ ᠵᠣᠷᠯᠣᠩ ᠤᠨ ᠵᠥᠭᠡᠯᠡᠨ ᠬᠠᠲᠠᠭᠤ ᠲᠣᠨᠤᠭ ᠤᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ  ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠵᠣᠷᠯᠣᠩ ᠤᠨ ᠪᠣᠯᠪᠠᠰᠤᠨ ᠢ ᠤᠬᠠᠭᠤᠯᠤᠨ ᠰᠠᠨᠠᠭᠠᠴᠢᠯᠠᠵᠤ᠂  ᠵᠢᠭᠤᠯᠴᠢᠯᠠᠯ ᠤᠨ ᠵᠣᠷᠯᠣᠩ ᠤᠨ ︽ᠪᠤᠵᠠᠷ᠂ ᠵᠠᠮᠪᠠᠷᠠᠭ᠎ᠠ ᠦᠭᠡᠢ᠂ ᠠᠨᠠᠢ᠂ ᠴᠥᠭᠡᠨ᠂ ᠪᠤᠶᠢᠲᠠ︾ ᠵᠡᠷᠭᠡ  ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠵᠢᠭᠤᠯᠴᠢᠯᠠᠭᠴᠢᠳ ᠢᠶᠠᠷ ᠦᠨᠳᠦᠰᠦ ᠪᠣᠯᠭᠠᠬᠤ᠂ ᠬᠡᠷᠡᠭᠴᠡᠭᠡ  ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ  ᠪᠠᠷᠢᠮᠳᠠᠯᠠᠨ᠂ ᠵᠠᠰᠠᠭ ᠤᠨ ᠣᠷᠳᠣᠨ ᠠᠴᠠ ᠬᠥᠲᠥᠯᠥᠨ  ᠵᠢᠯᠤᠭᠤᠳᠴᠤ᠂ ᠬᠠᠷᠢᠶ᠎ᠠ ᠣᠷᠣᠨ ᠳᠤᠨᠢ ᠬᠠᠮᠢᠶᠠᠷᠤᠭᠤᠯᠬᠤ ᠶᠢ ᠪᠠᠷᠢᠮᠳᠠᠯᠠᠨ᠂ ᠨᠢᠭᠡᠳᠦᠯᠲᠡᠢ ᠲᠥᠯᠥᠪᠵᠢᠭᠦᠯᠵᠦ᠂  ᠠᠯᠬᠤᠮ ᠬᠤᠪᠢᠶᠠᠨ ᠬᠡᠷᠡᠭᠵᠢᠭᠦᠯᠬᠦ ᠶᠢ ᠪᠠᠷᠢᠮᠳᠠᠯᠠᠨ᠂ ᠪᠠᠶᠢᠭᠤᠯᠬᠤ ᠪᠠ ᠬᠠᠮᠢᠶᠠᠷᠬᠤ ᠶᠢ ᠤᠶᠠᠯᠳᠤᠭᠤᠯᠬᠤ᠂  ᠬᠠᠮᠢᠶᠠᠷᠬᠤ ᠪᠠᠷ ᠭᠤᠣᠯ ᠪᠣᠯᠭᠠᠬᠤ ᠶᠢ ᠪᠠᠷᠢᠮᠳᠠᠯᠠᠨ᠂ ᠬᠤᠳᠠᠯᠳᠤᠭ᠎ᠠ ᠪᠠᠷ ᠵᠣᠷᠯᠣᠩ ᠢ ᠬᠠᠮᠢᠶᠠᠷᠬᠤ᠂  ᠬᠤᠳᠠᠯᠳᠤᠭ᠎ᠠ ᠪᠠᠷ ᠵᠣᠷᠯᠣᠩ ᠢ ᠲᠡᠵᠢᠭᠡᠬᠦ ᠶᠢ ᠪᠠᠷᠢᠮᠳᠠᠯᠠᠪᠠ᠃  ᠡᠭᠦᠨ ᠠᠴᠠ ᠭᠠᠳᠠᠨ᠎ᠠ᠂ ︽ᠵᠢᠭᠤᠯᠴᠢᠯᠠᠯ ᠤᠨ ᠵᠣᠷᠯᠣᠩ ᠤᠨ ᠬᠤᠪᠢᠰᠬᠠᠯ︾ ᠤᠨ ᠠᠵᠢᠯ ᠤᠨ ᠠᠷᠭ᠎ᠠ ᠶᠢᠨ  ᠲᠠᠯ᠎ᠠ ᠪᠠᠷ ᠨᠢᠭᠡᠳᠦᠯᠲᠡᠢ ᠲᠥᠯᠥᠪᠵᠢᠭᠦᠯᠬᠦ ᠶᠢ ᠲᠤᠪᠤᠶᠢᠯᠭᠠᠪᠠ᠃ ᠵᠣᠷᠯᠣᠩ ᠤᠨ ᠪᠦᠲᠦᠭᠡᠨ ᠪᠠᠶᠢᠭᠤᠯᠤᠯᠲᠠ ᠶᠢ  ᠵᠢᠭᠤᠯᠴᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠴᠢᠬᠤᠯᠠ ᠠᠭᠤᠯᠭ᠎ᠠ ᠶᠢᠨ ᠨᠢᠭᠡ ᠪᠣᠯᠭᠠᠵᠤ᠂  ᠵᠢᠭᠤᠯᠴᠢᠯᠠᠯ ᠤᠨ ᠵᠣᠷᠯᠣᠩ ᠢ ᠵᠦᠢ ᠵᠣᠬᠢᠰᠲᠠᠢ ᠪᠠᠶᠢᠷᠢᠰᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂  ᠵᠡᠭᠡᠯᠢ ᠭᠤᠳᠤᠮᠵᠢ᠂ ᠲᠡᠷᠭᠡᠨ ᠥᠷᠲᠡᠭᠡ᠂ ᠵᠢᠭᠤᠯᠴᠢᠯᠠᠯ ᠤᠨ ᠬᠤᠭᠤᠯᠠᠨ ᠭᠡᠷ ᠲᠤ ᠱᠠᠭᠠᠷᠳᠠᠯᠭ᠎ᠠ ᠶᠣᠰᠣᠭᠠᠷ ᠵᠣᠷᠯᠣᠩ  ᠪᠠᠶᠢᠭᠤᠯᠪᠠ᠃ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠦᠵᠡᠮᠵᠢ ᠶᠢᠨ ᠣᠷᠣᠨ ᠤ  ᠳᠣᠲᠣᠷᠠᠬᠢ ᠶᠢ ᠦᠵᠡᠮᠵᠢ ᠶᠢᠨ ᠣᠷᠣᠨ ᠠᠴᠠ ᠬᠠᠷᠢᠭᠤᠴᠠᠵᠤ᠂ ᠵᠡᠭᠡᠯᠢ ᠭᠤᠳᠤᠮᠵᠢ᠂ ᠶᠠᠪᠠᠭᠠᠨ ᠵᠡᠭᠡᠯᠢ ᠵᠡᠷᠭᠡ ᠣᠯᠠᠨ  ᠨᠡᠶᠢᠲᠡ ᠶᠢᠨ ᠲᠠᠯᠠᠪᠤᠷ ᠢ ᠵᠠᠰᠠᠭ ᠤᠨ ᠣᠷᠳᠣᠨ ᠠᠴᠠ ᠬᠠᠷᠢᠭᠤᠴᠠᠵᠤ᠂ ᠵᠤᠭ᠎ᠠ ᠴᠡᠩᠭᠡᠯ ᠤᠨ ᠲᠠᠯᠠᠪᠤᠷ ᠭᠠᠵᠠᠷ᠂  ᠬᠤᠭᠤᠯᠠᠨ ᠭᠡᠷ ᠢ ᠬᠠᠷᠢᠶ᠎ᠠ ᠪᠦᠬᠦᠢ ᠠᠵᠤ ᠠᠬᠤᠶᠢᠯᠠᠯ ᠠᠴᠠ  ᠬᠠᠷᠢᠭᠤᠴᠠᠪᠠ᠃ ᠬᠤᠶᠠᠷ ᠲᠤ ᠵᠢᠷᠤᠮᠵᠢᠭᠤᠯᠤᠯᠲᠠ ᠶᠢ  ᠲᠤᠪᠤᠶᠢᠯᠭᠠᠪᠠ᠃ ᠵᠢᠭᠤᠯᠴᠢᠯᠠᠯ ᠤᠨ ᠵᠣᠷᠯᠣᠩ ᠤᠨ ᠬᠠᠮᠢᠶᠠᠷᠤᠯᠲᠠ ᠶᠢ ᠵᠢᠷᠤᠮᠵᠢᠭᠤᠯᠵᠤ᠂ ︽ᠲᠤᠭ᠎ᠠ ᠬᠡᠮᠵᠢᠶ᠎ᠡ  ᠭᠦᠢᠴᠡᠳ ᠪᠠᠶᠢᠬᠤ︾ ᠪᠠᠷ ᠪᠦᠲᠦᠭᠡᠨ ᠪᠠᠶᠢᠭᠤᠯᠬᠤ ᠪᠠᠷᠢᠮᠵᠢᠶ᠎ᠠ ᠪᠣᠯᠭᠠᠵᠤ᠂ ︽ᠴᠡᠪᠡᠷ ᠪᠥᠭᠡᠳ ᠦᠮᠡᠭᠡᠢ ᠦᠨᠦᠷ  ᠦᠭᠡᠢ ᠪᠠᠶᠢᠬᠤ︾ ᠪᠠᠷ ᠬᠠᠮᠢᠶᠠᠷᠤᠯᠲᠠ ᠶᠢᠨ ᠪᠠᠷᠢᠮᠵᠢᠶ᠎ᠠ ᠪᠣᠯᠭᠠᠵᠤ᠂ ︽ᠬᠡᠷᠡᠭᠯᠡᠬᠦ ᠳᠤ ᠰᠦᠢᠳᠬᠡᠯ ᠬᠤᠷᠢᠶᠠᠬᠤ ᠦᠭᠡᠢ  ᠂ ᠬᠠᠮᠢᠶᠠᠷᠤᠯᠲᠠ ᠨᠢ ᠪᠦᠲᠦᠮᠵᠢᠲᠡᠶ ᠪᠠᠶᠢᠬᠤ︾ ᠪᠠᠷ ᠦᠨᠳᠦᠰᠦᠨ ᠱᠠᠭᠠᠷᠳᠠᠯᠭ᠎ᠠ  ᠪᠣᠯᠭᠠᠪᠠ᠃ ᠵᠢᠭᠤᠯᠴᠢᠯᠠᠯ ᠤᠨ  ᠵᠣᠷᠯᠣᠩ ᠤᠨ ᠬᠠᠮᠢᠶᠠᠷᠤᠯᠲᠠ ᠶᠢᠨ ᠳᠦᠷᠢᠮ ᠢ ᠨᠠᠷᠢᠯᠢᠭᠵᠢᠭᠤᠯᠵᠤ᠂ ᠵᠢᠭᠤᠯᠴᠢᠯᠠᠯ ᠤᠨ ᠵᠣᠷᠯᠣᠩ ᠤᠨ  ᠲᠥᠯᠦᠪᠵᠢᠭᠦᠯᠭᠡ ᠶᠢᠨ ᠵᠢᠷᠤᠭ ᠲᠥᠯᠥᠪᠯᠡᠭᠡ᠂ ᠢᠯᠭᠠᠬᠤ ᠲᠡᠮᠳᠡᠭ ᠢᠶᠠᠷ ᠬᠥᠲᠥᠯᠥᠨ ᠵᠢᠯᠤᠭᠤᠳᠬᠤ᠂ ᠢᠵᠢ  ᠪᠦᠷᠢᠳᠦᠭᠦᠯᠬᠦ ᠪᠡᠯᠡᠳᠬᠡᠮᠵᠢ᠂ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠳᠤ ᠴᠥᠮ ᠬᠡᠮᠵᠢᠶᠡᠵᠢᠭᠦᠯᠦᠭᠰᠡᠨ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ  ᠬᠡᠷᠩᠵᠢᠭᠦᠯᠪᠡ᠃ ᠭᠤᠷᠪᠠ ᠳᠤ ᠪᠣᠯᠪᠠᠰᠤᠨ ᠪᠣᠯᠭᠠᠬᠤ ᠶᠢ  ᠲᠤᠪᠤᠶᠢᠯᠭᠠᠪᠠ᠃ ᠵᠤᠭᠠᠴᠠᠯ ᠤᠨ ᠵᠣᠷᠯᠣᠩ ᠢ ᠪᠣᠯᠪᠠᠰᠤᠨ ᠨᠢᠩᠴᠧᠩ᠂ ᠠᠮᠢᠵᠢᠷᠠᠯ ᠤᠨ ᠬᠦᠴᠦᠨ ᠲᠠᠢ ᠨᠢᠩᠴᠧᠩ ᠢ  ᠤᠬᠠᠭᠤᠯᠬᠤ ᠴᠢᠬᠤᠯᠠ ︽ᠴᠣᠩᠬᠤᠪᠴᠢ︾ ᠪᠣᠯᠭᠠᠨ ᠪᠦᠲᠦᠭᠡᠨ ᠪᠠᠶᠢᠭᠤᠯᠵᠤ᠂ ᠵᠤᠭᠠᠴᠠᠭᠰᠠᠳ ᠤᠨ ᠪᠣᠯᠪᠠᠰᠤᠨ ᠬᠡᠪ  ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠬᠤ ᠴᠢᠬᠤᠯᠠ ︽ᠲᠠᠪᠴᠠᠩ︾ ᠪᠣᠯᠭᠠᠨ ᠪᠦᠲᠦᠭᠡᠨ  ᠪᠠᠶᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号