ᠨᠢᠩᠴᠧᠩ ᠰᠢᠶᠠᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠳᠤᠷ ᠠᠳᠬᠤᠵᠤ ᠪᠤᠢ
ᠨᠡᠶᠢᠲᠡᠯᠡᠭᠰᠡᠨ ᠴᠠᠭ᠄
2022/11/2
 2022 ᠣᠨ ᠠᠴᠠ ᠨᠠᠰᠢ᠂ ᠨᠢᠩᠴᠧᠩ ᠰᠢᠶᠠᠨ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ︽ᠲᠠᠪᠤᠨ ᠶᠡᠭᠡ ᠬᠢᠯᠠᠰ ᠴᠡᠭ︾  ᠤᠨ ᠠᠵᠢᠯ ᠢ ᠥᠷᠨᠢᠭᠦᠯᠬᠦ ᠪᠠᠷ ᠳᠠᠮᠵᠢᠨ ᠠᠵᠢᠯ ᠣᠯᠭᠤᠯᠲᠠ ᠶᠢ ᠤᠯᠠᠮ ᠴᠢᠨᠠᠭᠰᠢᠳᠠ ᠲᠣᠭᠲᠠᠪᠤᠷᠢᠵᠢᠭᠤᠯᠵᠤ ᠥᠷᠭᠡᠳᠬᠡᠵᠡᠢ᠃ ᠣᠲᠣ ᠪᠣᠯᠲᠠᠯ᠎ᠠ᠂ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ 1307 ᠲᠦᠮᠡᠨ ᠲᠥᠭᠦᠷᠢᠭ᠂ ᠨᠡᠶᠢᠲᠡ 68 ᠬᠤᠪᠢ ᠲᠠᠯᠪᠢᠵᠤ᠂ 211 ᠬᠥᠮᠥᠨ ᠤ ᠠᠵᠢᠯ ᠣᠯᠭᠤᠯᠲᠠ ᠶᠢ ᠳᠠᠶᠢᠴᠢᠯᠠᠪᠠ᠃ ᠥᠷᠭᠡᠨ ᠣᠯᠠᠨ ᠠᠳᠠᠯ ᠦᠢᠯᠡᠰ ᠴᠣᠭᠴᠠᠯᠠᠭᠴᠢ ᠳᠤ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠡᠳ᠋ ᠤᠨ ᠵᠠᠰᠠᠭ ᠤᠨ ᠳᠠᠮ ᠬᠦᠦ ᠲᠠᠢ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠦᠢᠴᠡᠳ ᠡᠳ᠋ᠯᠡᠭᠦᠯᠵᠦ᠂ ᠠᠳᠠᠯ ᠦᠢᠯᠡᠰ ᠴᠣᠭᠴᠠᠯᠠᠭᠴᠢ ᠶᠢᠨ ︽ᠪᠡᠯᠡ ᠲᠣᠬᠢᠷᠠᠭᠤᠯᠬᠤ ᠳᠤ ᠬᠦᠴᠢᠷᠲᠡᠢ᠂ ᠪᠡᠯᠡ ᠲᠣᠬᠢᠷᠠᠭᠤᠯᠬᠤ ᠳᠤ ᠦᠨᠡᠲᠡᠢ᠂ ᠪᠡᠯᠡ ᠲᠣᠬᠢᠷᠠᠭᠤᠯᠬᠤ ᠳᠤ ᠤᠳᠠᠭᠠᠨ︾ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠲᠦᠮᠵᠢᠲᠡᠶ  ᠠᠬᠢᠭᠤᠯᠪᠠ᠃  ᠨᠢᠭᠡ ᠳᠤ ᠵᠢᠭᠡᠯᠡᠯᠭᠡ ᠠᠪᠬᠤ ᠬᠥᠮᠥᠰ ᠢ ᠥᠷᠭᠡᠳᠬᠡᠵᠦ᠂ ᠭᠤᠣᠯᠳᠠᠯᠭ᠎ᠠ ᠲᠠᠢ ᠬᠥᠮᠥᠰ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠪᠥᠬᠦ ᠬᠦᠴᠦᠨ ᠢᠶᠠᠷ ᠳᠡᠮᠵᠢᠪᠡ᠃ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ᠂  ᠤᠶᠤᠳᠠᠳ᠂ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠬᠥᠯᠥᠰᠦᠨ ᠠᠵᠢᠯᠴᠢᠨ᠂ ᠰᠦᠯᠵᠢᠶᠡᠨ ᠳᠡᠭᠡᠷᠡᠬᠢ ᠬᠤᠳᠠᠯᠳᠤᠭᠠᠴᠢᠨ ᠡᠷᠦᠬᠡ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ᠂ ᠬᠥᠳᠡᠭᠡ ᠲᠣᠰᠬᠤᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠲᠠᠷᠢᠶᠠᠴᠢᠳ ᠴᠥᠮ ᠳᠠᠮ ᠬᠦᠦ ᠲᠠᠢ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ ᠪᠣᠯᠣᠨ᠎ᠠ᠃ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠭᠤᠣᠯ ᠴᠣᠭᠴᠠ ᠳᠤ ︽ᠲᠤᠭ᠎ᠠ ᠪᠦᠷᠢᠳᠬᠡᠯ ᠤᠨ ᠲᠠᠯ᠎ᠠ ᠪᠠᠷ ᠲᠣᠮᠣ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠤᠪᠢᠶᠠᠷᠢᠯᠠᠬᠤ ᠠᠷᠭ᠎ᠠ ︵2017︶︾ ᠳᠤ ᠲᠣᠭᠲᠠᠭᠠᠭᠰᠠᠨ ᠵᠢᠵᠢᠭ ᠬᠡᠯᠪᠡᠷᠢ ᠶᠢᠨ᠂ ᠪᠢᠴᠢᠯ ᠬᠡᠯᠪᠡᠷᠢ ᠶᠢᠨ ᠠᠵᠤ ᠠᠬᠤᠶᠢᠯᠠᠯ ᠪᠠᠭᠲᠠᠨ᠎ᠠ᠃ ᠬᠤᠶᠠᠷ ᠲᠤ᠂ ᠬᠤᠷᠰᠢᠭᠰᠠᠨ ᠪᠠᠩᠬᠢ ᠶᠢᠨ ᠲᠣᠣᠷ ᠴᠡᠭ ᠵᠢᠴᠢ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠠᠳᠠᠯ ᠦᠢᠯᠡᠰ ᠴᠣᠭᠴᠠᠯᠠᠭᠴᠢ ᠶᠢᠨ ᠭᠡᠷ ᠤᠨ ᠡᠭᠦᠳᠡᠨ ᠠᠴᠠ ᠪᠠᠨ ᠵᠢᠭᠡᠯᠡᠯᠭᠡ ᠠᠪᠴᠤ ᠳᠡᠶᠢᠯᠬᠦ  ᠪᠣᠯᠭᠠᠪᠠ᠃ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠠᠮᠲᠤᠷᠠᠯᠴᠠᠭᠠᠨ ᠤ ᠪᠠᠩᠬᠢ ᠶᠢᠨ ᠲᠣᠣᠷ ᠴᠡᠭ 1 ᠪᠠᠶᠢᠭᠰᠠᠨ ᠠᠴᠠ ᠪᠠᠨ 15 ᠪᠣᠯᠵᠤ ᠨᠡᠮᠡᠭᠳᠡᠪᠡ᠂ ᠥᠩᠭᠡᠷᠡᠭᠰᠡᠨ ᠳᠤ ᠠᠳᠠᠯ ᠦᠢᠯᠡᠰ ᠴᠣᠭᠴᠠᠯᠠᠭᠴᠢ ᠡᠮᠦᠨᠡᠬᠢ ᠬᠤᠭᠤᠴᠠᠭᠠᠨ ᠤ ᠳᠠᠭᠠᠭᠠᠯᠲᠠ ᠶᠢᠨ ᠵᠢᠭᠡᠯᠡᠯᠭᠡ ᠶᠢᠨ ᠭᠠᠷᠳᠠᠮ ᠢ ᠪᠡᠶᠡᠯᠡᠭᠦᠯᠦᠭᠰᠡᠨ ᠤ ᠳᠠᠷᠠᠭ᠎ᠠ᠂ ᠲᠢᠶᠠᠨ ᠢ ᠪᠠᠯᠭᠠᠰᠤᠨ ᠤ  ᠴᠧᠩ ᠭᠤᠸᠠᠨ ᠢᠲᠡᠭᠡᠮᠵᠢ ᠶᠢᠨ ᠬᠤᠷᠰᠢᠶ᠎ᠠ ᠠᠴᠠ ᠵᠢᠭᠡᠯᠡᠯᠭᠡ ᠠᠪᠬᠤ ᠴᠢᠬᠤᠯᠠᠲᠠᠢ ᠪᠠᠶᠢᠪᠠ᠂ ᠣᠲᠣ ᠠᠳᠠᠯ ᠦᠢᠯᠡᠰ ᠴᠣᠭᠴᠠᠯᠠᠭᠴᠢ ᠣᠶᠢᠷ᠎ᠠ ᠬᠠᠪᠢ ᠳᠠᠭᠠᠨ ᠰᠢᠶᠠᠩ ᠪᠠᠯᠭᠠᠰᠤᠨ ᠤ ᠪᠠᠩᠬᠢ ᠶᠢᠨ ᠲᠣᠣᠷ ᠴᠡᠭ ᠢ ᠰᠣᠩᠭᠤᠵᠤ ᠵᠢᠭᠡᠯᠡᠯᠭᠡ ᠠᠪᠬᠤ ᠭᠠᠷ ᠭᠦᠢᠴᠡᠳᠬᠡᠯ ᠢ ᠰᠢᠭᠤᠳ ᠭᠦᠢᠴᠡᠳᠬᠡᠵᠦ ᠪᠣᠯᠣᠨ᠎ᠠ᠃ ᠲᠡᠭᠦᠰᠦᠭᠰᠡᠨ ᠣᠶᠤᠲᠠᠳ ᠤᠨ ᠵᠢᠭᠡᠯᠡᠯᠭᠡ ᠭᠤᠶᠤᠴᠢᠯᠠᠬᠤ ᠲᠤᠭ᠎ᠠ ᠬᠡᠮᠵᠢᠶ᠎ᠡ ᠶᠢ 20 ᠲᠦᠮᠡᠨ ᠲᠥᠭᠦᠷᠢᠭ ᠪᠠᠶᠢᠭᠰᠠᠨ ᠠᠴᠠ 50 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠥᠮᠥᠨ ᠪᠦᠷᠢ ᠬᠠᠮᠤᠭ ᠤᠨ ᠠᠷᠪᠢᠨ ᠳᠠᠭᠠᠨ ᠭᠤᠷᠪᠠ ᠤᠳᠠᠭ᠎ᠠ ᠭᠤᠶᠤᠴᠢᠯᠠᠵᠤ ᠪᠣᠯᠣᠨ᠎ᠠ᠃  ᠭᠤᠷᠪᠠ ᠳᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠬᠡᠪᠴᠢᠶ᠎ᠡ ᠶᠢ ᠦᠷᠭᠡᠳᠭᠡᠪᠡ᠃ ︽ᠬᠠᠪᠤᠷ ᠤᠨ ᠰᠠᠯᠬᠢᠨ ᠤ ᠠᠵᠢᠯᠯᠠᠭ᠎ᠠ︾ ︽ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾ ︽ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ︾ ᠳᠤ ᠲᠦᠰᠢᠭᠯᠡᠨ᠂ ᠠᠵᠤ ᠠᠬᠤᠶᠢᠯᠠᠯ ᠢ ᠰᠤᠷᠪᠤᠯᠵᠢᠯᠠᠵᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ  ᠦᠷᠨᠢᠭᠦᠯᠪᠡ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠵᠢᠴᠢ ᠭᠠᠷᠲᠠᠨ ᠭᠦᠢᠴᠡᠳᠬᠡᠬᠦ ᠪᠠᠩᠬᠢ ᠲᠠᠢ ᠬᠤᠯᠪᠤᠭᠠᠯᠠᠨ ᠬᠥᠳᠡᠯᠦᠯᠴᠡᠵᠦ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ᠂ ᠬᠤᠷᠢᠶᠠᠯᠠᠯ ᠲᠣᠭᠤᠷᠢᠭ ᠵᠢᠴᠢ ᠬᠤᠳᠠᠯᠳᠤᠭᠠᠨ ᠤ ᠠᠴᠢᠶᠠᠯᠠᠪᠤᠷᠢ ᠶᠢᠨ ᠢᠯᠡ ᠵᠣᠷᠢᠯᠭ᠎ᠠ ᠪᠦᠬᠦᠢ ᠭᠠᠵᠠᠷ ᠣᠷᠣᠨ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠨᠠᠭᠠᠬᠤ ᠶᠢᠨ ᠬᠠᠮᠲᠤ᠂ ᠰᠤᠷᠭᠠᠭᠤᠯᠢ ᠶᠢᠨ ᠬᠦᠷᠢᠶ᠎ᠡ᠂ ᠠᠵᠤ ᠠᠬᠤᠶᠢᠯᠠᠯ᠂ ᠲᠣᠰᠬᠤᠨ ᠤ ᠣᠷᠣᠨ ᠰᠠᠭᠤᠴᠠ᠂ ᠬᠤᠳᠠᠯᠳᠤᠭᠠᠨ ᠤ ᠫᠦᠰᠡᠨ ᠳᠤ ᠭᠦᠨᠵᠡᠭᠡᠶᠢᠷᠡᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠦᠢᠯᠡᠴᠢᠯᠡᠭᠡ ᠶᠢ  ᠪᠤᠳᠠᠳᠠᠶᠢᠵᠢᠭᠤᠯᠪᠠ᠃ ᠰᠢᠨ᠎ᠡ ᠵᠠᠭᠤᠴᠢᠯᠠᠭᠤᠷ ᠵᠡᠷᠭᠡ ᠲᠠᠪᠴᠠᠩ ᠢ ᠰᠢᠨ᠎ᠡ ᠪᠠᠷ ᠡᠭᠦᠳᠦᠨ ᠬᠡᠷᠡᠭᠯᠡᠵᠦ ᠨᠤᠲᠤᠭ ᠲᠠᠭᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ᠂ ᠤᠶᠤᠳᠠᠳ᠂ ᠴᠡᠷᠢᠭ  ᠤᠨ ᠠᠯᠪᠠᠨ  ᠠᠴᠠ ᠬᠠᠯᠠᠭᠳᠠᠭᠰᠠᠳ᠂ ᠵᠡᠮᠳᠡᠭᠴᠦᠳ ᠵᠡᠷᠭᠡ ᠭᠤᠣᠯᠳᠠᠯᠭ᠎ᠠ ᠲᠠᠢ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠵᠡᠷᠭᠡ ᠳᠤ ᠴᠢᠭᠯᠡᠭᠦᠯᠦᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠷᠨᠢᠭᠦᠯᠪᠡ᠃  ᠳᠥᠷᠪᠡ ᠳᠤ ᠰᠢᠨ᠎ᠡ ᠶᠢ ᠡᠭᠦᠳᠬᠦ ᠵᠠᠭᠪᠤᠷ ᠢ ᠲᠦᠯᠬᠢᠨ ᠠᠬᠢᠭᠤᠯᠵᠤ᠂ ︽ᠠᠳᠠᠯ ᠦᠢᠯᠡᠰ ᠴᠣᠭᠴᠠᠯᠠᠵᠤ ᠠᠵᠢᠯ ᠣᠯᠭᠤᠯᠲᠠ ᠶᠢ ᠠᠬᠢᠭᠤᠯᠬᠤ︾ ᠦᠷ᠎ᠡ ᠪᠦᠲᠦᠮᠵᠢ ᠶᠢ ᠢᠯᠡᠳᠲᠡ ᠨᠡᠮᠡᠭᠳᠡᠭᠦᠯᠪᠡ᠃ ︽ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ + ᠠᠳᠠᠯ ᠦᠢᠯᠡᠰ ᠴᠣᠭᠴᠠᠯᠠᠬᠤ ᠪᠣᠯᠪᠠᠰᠤᠷᠠᠯ︾ ᠤᠨ ᠰᠢᠨ᠎ᠡ ᠶᠢ ᠡᠭᠦᠳᠬᠦ ᠵᠠᠭᠪᠤᠷ ᠢ ᠭᠠᠷᠭᠠᠵᠤ᠂ ᠠᠳᠠᠯ ᠦᠢᠯᠡᠰ ᠴᠣᠭᠴᠠᠯᠠᠬᠤ ᠬᠦᠰᠡᠯ ᠲᠠᠢ ᠡᠯ᠎ᠡ ᠲᠥᠷᠥᠯ ᠤᠨ ᠬᠥᠮᠥᠰ ᠲᠤ ᠨᠢᠭᠡ ᠤᠳᠠᠭᠠᠨ ᠤ ᠰᠦᠢᠳᠬᠡᠯ ᠬᠤᠷᠢᠶᠠᠬᠤ ᠦᠭᠡᠢ ᠪᠠᠷ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠬᠠᠩᠭᠠᠵᠤ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠨᠢᠭᠡ ᠪᠦᠯᠦᠭ ᠦᠢᠯᠡᠴᠢᠯᠡᠭᠡ ᠶᠢ ᠬᠠᠪᠰᠤᠷᠤᠨ ᠭᠦᠢᠴᠡᠳᠬᠡᠵᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ︽ᠠᠳᠠᠯ ᠦᠢᠯᠡᠰ ᠴᠣᠭᠴᠠᠯᠠᠵᠤ ᠠᠵᠢᠯ ᠣᠯᠭᠤᠯᠲᠠ ᠶᠢ ᠠᠬᠢᠭᠤᠯᠬᠤ ︾ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠳᠠᠷᠠᠭᠤᠯᠪᠠ᠃  ᠲᠠᠪᠤ ᠳᠤ ᠵᠢᠭᠡᠯᠡᠯᠭᠡ ᠲᠠᠯᠪᠢᠬᠤ ᠠᠴᠠ ᠡᠮᠦᠨ᠎ᠡ ᠪᠠᠶᠢᠴᠠᠭᠠᠯᠲᠠ ᠬᠢᠵᠦ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ ᠶᠢ ᠴᠢᠩᠭᠠᠳᠬᠠᠵᠤ  ᠵᠢᠭᠡᠯᠡᠯᠭᠡ ᠶᠢᠨ ᠪᠤᠴᠠᠭᠠᠨ ᠬᠤᠷᠢᠶᠠᠬᠤ ᠨᠣᠷᠮ᠎ᠠ ᠶᠢ 100% ᠳᠤ  ᠬᠦᠷᠦᠭᠦᠯᠪᠡ ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠤᠨ ᠶᠠᠪᠤᠴᠠ ᠶᠢᠨ ᠵᠢᠷᠤᠮᠵᠢᠯ ᠢ ᠴᠢᠩᠭ᠎ᠠ ᠵᠢᠷᠤᠮᠯᠠᠨ ᠭᠦᠢᠴᠡᠳᠬᠡᠵᠦ᠂ ᠱᠠᠲᠤ ᠱᠠᠲᠤ ᠪᠠᠷ ᠬᠢᠨᠠᠨ ᠬᠠᠷᠭᠤᠭᠤᠯᠵᠤ ᠪᠣᠭᠤᠮᠲᠠ ᠶᠢ ᠠᠳᠬᠤᠵᠤ᠂ ᠬᠤᠪᠢ ᠬᠥᠮᠥᠨ ᠤ ᠵᠢᠭᠡᠯᠡᠯᠭᠡ ᠭᠤᠶᠤᠴᠢᠯᠠᠬᠤ ᠳᠤ ᠤᠷᠢᠳᠠᠪᠠᠷ ᠪᠠᠩᠬᠢ ᠠᠴᠠ ᠠᠩᠬ᠎ᠠ ᠬᠢᠨᠠᠵᠤ᠂ ᠳᠠᠷᠠᠭ᠎ᠠ ᠨᠢ ᠠᠵᠢᠯ ᠣᠯᠭᠤᠬᠤ ᠦᠢᠯᠡᠴᠢᠯᠡᠭᠡᠨ ᠤ ᠲᠥᠪ ᠠᠴᠠ ᠳᠠᠬᠢᠨ ᠬᠢᠨᠠᠵᠤ᠂ ᠬᠠᠮᠤᠭ ᠰᠡᠭᠦᠯ ᠳᠤ ᠳᠠᠭᠠᠭᠠᠯᠲᠠ ᠶᠢᠨ ᠲᠥᠪ ᠠᠴᠠ ᠡᠴᠦᠰ ᠤᠨ ᠰᠢᠭᠦᠯᠲᠡ ᠬᠢᠪᠡ᠃ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ᠂ ᠠᠵᠢᠯ ᠣᠯᠭᠤᠬᠤ ᠦᠢᠯᠡᠴᠢᠯᠡᠭᠡᠨ ᠤ ᠲᠥᠪ ᠬᠠᠮᠲᠤᠷᠠᠨ ᠳᠠᠭᠠᠭᠠᠯᠲᠠ ᠬᠢᠬᠦ ᠲᠥᠪ  ᠪᠠᠩᠬᠢ᠂  ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠬᠠᠮᠲᠤᠪᠠᠷ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠬᠢᠵᠦ᠂ ᠵᠢᠭᠡᠯᠡᠯᠭᠡ ᠶᠢᠨ ᠬᠢᠷᠢ ᠬᠡᠮ ᠢ ᠦᠨᠡᠯᠡᠨ᠂ ᠰᠢᠨ᠎ᠡ ᠪᠠᠷ ᠠᠵᠢᠯ ᠣᠯᠣᠭᠰᠠᠳ ᠢ ᠬᠢᠨᠠᠨ ᠬᠠᠷᠭᠤᠭᠤᠯᠵᠤ᠂ ᠡᠷᠡᠭᠦᠯ ᠪᠤᠰᠤ ᠵᠢᠭᠡᠯᠡᠯᠭᠡ᠂ ᠦᠨᠡᠨ ᠪᠣᠳᠠᠲᠠᠢ ᠪᠤᠰᠤ ᠵᠢᠭᠡᠯᠡᠯᠭᠡ ᠶᠢ ᠡᠷᠡᠰ ᠵᠣᠭᠰᠣᠭᠠᠵᠤ᠂ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢ ︽ᠲᠠᠯᠪᠢᠵᠤ ᠳᠡᠶᠢᠯᠬᠦ᠂ ᠰᠠᠶᠢᠨ ᠬᠡᠷᠡᠭᠯᠡᠵᠦ ᠳᠡᠶᠢᠯᠬᠦ᠂  ᠬᠤᠷᠢᠶᠠᠵᠤ ᠳᠡᠶᠢᠯᠬᠦ︾ ᠶᠢ ᠪᠡᠶᠡᠯᠡᠭᠦᠯᠪᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号