ᠥᠨᠥᠴᠢᠨ ᠬᠡᠦᠬᠡᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠮᠥᠩᠭᠦ ᠶᠢ ᠣᠯᠭᠤᠬᠤ
ᠨᠡᠶᠢᠲᠡᠯᠡᠭᠰᠡᠨ ᠴᠠᠭ᠄
2022/12/2
ᠭᠥᠯᠢᠶᠡᠨ ᠰᠢᠢᠳᠪᠦᠷᠢᠯᠡᠬᠦ ᠨᠥᠬᠦᠴᠡᠯ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃2.ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃3.ᠭᠤᠶᠤᠴᠢᠯᠠᠭᠴᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ᠂ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠨᠢ ᠪᠦᠷᠢᠨ ᠭᠦᠢᠴᠡᠳ ᠪᠤᠶᠤ ᠪᠦᠷᠢᠨ ᠭᠦᠢᠴᠡᠳ ᠨᠥᠬᠦᠪᠦᠷᠢᠯᠡᠭᠦᠯᠬᠦ ᠪᠠᠷ ᠱᠠᠭᠠᠷᠳᠠᠭᠰᠠᠨ ᠢ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠬᠠᠩᠭᠠᠬᠤ ᠶᠢ ᠱᠠᠭᠠᠷᠳᠠᠭᠰᠠᠨ᠃︵ᠬᠤᠶᠠᠷ︶  ᠵᠥᠪᠰᠢᠶᠡᠷᠡᠬᠦ ᠦᠭᠡᠢ ᠪᠠᠶᠢᠳᠠᠯ᠄ 1᠂ ᠭᠤᠶᠤᠴᠢᠯᠠᠭᠰᠠᠨ ᠵᠦᠢᠯ ᠨᠢ ᠬᠠᠤᠯᠢ ᠶᠣᠰᠣᠭᠠᠷ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ᠃2᠂ ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠃︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠦᠭᠡᠢ᠃ᠦᠨᠳᠦᠰᠦᠯᠡᠯ ᠲᠣᠭᠲᠠᠭᠠᠬᠤ【ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ】 ︽ᠥᠨᠥᠴᠢᠨ ᠬᠡᠦᠬᠡᠳ ᠤᠨ ᠪᠠᠲᠤᠯᠠᠭ᠎ᠠ ᠶᠢᠨ ᠠᠵᠢᠯ ᠢ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠦᠷᠦ ᠠᠯᠪᠠᠨ ᠲᠠᠷᠬᠠᠭᠠᠭᠰᠠᠨ﹇2010﹈ 54 ᠳ᠋ᠦᠭᠡᠷ ᠲᠣᠭᠠᠲᠤ︶ᠬᠤᠶᠠᠷ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠥᠨᠥᠴᠢᠨ ᠬᠡᠦᠬᠡᠳ ᠤᠨ ᠦᠨᠳᠦᠰᠦᠨ ᠡᠷᠬᠡ ᠠᠰᠢᠭ ᠢ ᠬᠠᠮᠠᠭᠠᠯᠠᠨ᠎ᠠ︵ᠨᠢᠭᠡ︶ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ᠎ᠠ᠃ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ᠎ᠠ᠃ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠳᠤᠮᠳᠠᠴᠢ ᠠᠮᠢᠳᠤᠷᠠᠯ ᠤᠨ ᠬᠢᠷᠢ ᠬᠡᠮᠵᠢᠶ᠎ᠡ ᠠᠴᠠ ᠳᠣᠣᠷ᠎ᠠ ᠦᠭᠡᠢ ᠪᠠᠶᠢᠯᠭᠠᠬᠤ ᠵᠠᠷᠴᠢᠮ ᠶᠣᠰᠣᠭᠠᠷ᠂ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠨᠠᠭᠠᠲᠤ ᠵᠠᠬ᠎ᠠ ᠶᠢᠨ ᠠᠰᠠᠷᠠᠨ ᠬᠥᠮᠥᠵᠢᠭᠦᠯᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠪᠠᠶᠢᠭᠤᠯᠤᠮᠵᠢ ᠶᠢᠨ ᠠᠰᠠᠷᠠᠨ ᠲᠡᠵᠢᠭᠡᠬᠦ ᠥᠨᠥᠴᠢᠨ ᠬᠡᠦᠬᠡᠳ ᠤᠨ ᠠᠰᠠᠷᠠᠨ ᠬᠥᠮᠥᠵᠢᠭᠦᠯᠬᠦ ᠪᠠᠷᠢᠮᠵᠢᠶ᠎ᠠ ᠶᠢ ᠲᠠᠷᠠᠬᠠᠢ ᠰᠠᠭᠤᠵᠤ ᠪᠠᠶᠢᠭ᠎ᠠ ᠥᠨᠥᠴᠢᠨ ᠬᠡᠦᠬᠡᠳ ᠤᠨ ᠠᠰᠠᠷᠠᠨ ᠬᠥᠮᠥᠵᠢᠭᠦᠯᠬᠦ ᠪᠠᠷᠢᠮᠵᠢᠶ᠎ᠠ ᠠᠴᠠ ᠥᠨᠳᠥᠷ ᠪᠠᠶᠢᠯᠭᠠᠬᠤ ᠬᠡᠷᠡᠭᠲᠡᠢ ᠪᠥᠭᠡᠳ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠨᠠᠭᠠᠲᠤ ᠵᠠᠬ᠎ᠠ ᠶᠢᠨ ᠠᠰᠠᠷᠠᠨ ᠬᠥᠮᠥᠵᠢᠭᠦᠯᠬᠦ ᠪᠠᠷᠢᠮᠵᠢᠶ᠎ᠠ ᠶᠢᠨ ᠠᠶᠠᠨᠳᠠᠭᠠᠨ ᠨᠡᠮᠡᠭᠳᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ ᠨᠢ ᠲᠤᠰᠬᠠᠢ ᠪᠡᠯᠡ ᠮᠥᠩᠭᠦ ᠲᠣᠬᠢᠷᠠᠭᠤᠯᠵᠤ᠂ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠢ ᠴᠠᠭ ᠲᠤᠬᠠᠢ ᠳᠤᠨᠢ ᠲᠤᠭ᠎ᠠ ᠶᠣᠰᠣᠭᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ᠲᠥᠪ ᠤᠨ ᠡᠳ᠋ ᠤᠨ ᠵᠠᠰᠠᠭ ᠠᠴᠠ ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠣᠷᠣᠨ ᠨᠤᠲᠤᠭ ᠤᠨ ᠵᠠᠷᠤᠴᠠᠭᠤᠯᠤᠭᠰᠠᠨ ᠥᠨᠥᠴᠢᠨ ᠬᠡᠦᠬᠡᠳ ᠤᠨ ᠠᠮᠢᠳᠤᠷᠠᠯ ᠤᠨ ᠦᠨᠳᠦᠰᠦᠨ ᠵᠠᠷᠤᠳᠠᠯ ᠳᠤ ᠵᠣᠬᠢᠬᠤ ᠪᠠᠷᠢᠮᠵᠢᠶ᠎ᠠ ᠪᠠᠷ ᠨᠥᠬᠦᠪᠦᠷᠢ ᠥᠭᠭᠦᠨ᠎ᠡ᠃ᠠᠷᠠᠳ ᠤᠨ ᠶᠠᠪᠤᠳᠠᠯ᠂  ᠡᠳ᠋ ᠤᠨ ᠵᠠᠰᠠᠭ  ᠤᠨ ᠰᠠᠯᠠᠭ᠎ᠠ ᠮᠥᠴᠢᠷ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠬᠠᠮᠢᠶᠠᠷᠤᠯᠲᠠ ᠶᠢᠨ ᠴᠢᠩᠭ᠎ᠠ ᠳᠦᠷᠢᠮ ᠢ ᠪᠠᠶᠢᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠲᠤᠰᠬᠠᠢ ᠵᠦᠢᠯ  ᠢ ᠲᠤᠰᠬᠠᠢ ᠵᠦᠢᠯ ᠳᠤ ᠨᠢ ᠬᠡᠷᠡᠭᠯᠡᠬᠦ ᠶᠢ ᠦᠨᠡᠨᠬᠦ ᠪᠠᠲᠤᠯᠠᠵᠤ᠂ ᠴᠠᠭ ᠲᠤᠬᠠᠢ ᠳᠤ ᠨᠢ ᠣᠯᠭᠤᠬᠤ ᠶᠢ ᠦᠨᠡᠨᠬᠦ ᠪᠠᠲᠤᠯᠠᠵᠤ᠂ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ  ᠤᠨ ᠵᠠᠷᠤᠳᠠᠯ ᠢ ᠥᠨᠥᠴᠢᠨ ᠬᠡᠦᠬᠡᠳ ᠲᠤ ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠢ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠯᠤᠤᠬ᠎ᠠ ᠶᠢᠨ ᠭᠤᠣᠯ ᠵᠡᠭᠡᠯᠢ ᠶᠢᠨ 113 ᠳ᠋ᠤᠭᠠᠷ ᠨᠣᠮᠧᠷ 0401 ᠭᠡᠷ ᠨᠢᠩᠴᠧᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯᠠᠬᠢ ᠵᠣᠨ ᠤ ᠤᠯᠠᠷᠢᠯ᠄ ᠦᠳᠡ ᠶᠢᠨ ᠡᠮᠦᠨᠡᠬᠢ 8᠄ 00 ︱ 11᠄ 30᠂ ᠦᠳᠡ ᠶᠢᠨ ᠬᠤᠶᠢᠨᠠᠬᠢ 14᠄ 30 ︱ 17᠄ 30 ᠡᠪᠦᠯ ᠤᠨ ᠤᠯᠠᠷᠢᠯ᠄ ᠦᠳᠡ ᠶᠢᠨ ᠡᠮᠦᠨᠡᠬᠢ 8᠄ 00 ︱ 11᠄ 30᠂ ᠦᠳᠡ ᠶᠢᠨ ᠬᠤᠶᠢᠨᠠᠬᠢ 14᠄ 15 ︱ 17᠄ 15 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1  ᠂ 3  ᠂ 5 ᠳ᠋ᠤᠭᠠᠷ ᠵᠠᠮ ᠤᠨ ᠵᠠᠰᠠᠭ ᠤᠨ ᠣᠷᠳᠣᠨ ᠤ ᠵᠡᠭᠦᠨ ᠥᠷᠲᠡᠭᠡ ᠠᠴᠠ ᠵᠡᠭᠦᠨᠰᠢ 280 ᠮᠧᠲᠷ ︵ᠤᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠯᠪᠠᠨ ᠠᠰᠠᠷ ᠤᠨ 4  ᠲᠡᠪᠬᠤᠷ︶  ᠨᠢᠩᠴᠧᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号