| | ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ | ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠪᠣᠯᠣᠨ ᠡᠯ᠎ᠡ ᠲᠥᠷᠥᠯ ᠤᠨ ᠡᠬᠡ ᠪᠢᠴᠢᠭ ᠶᠢ ᠵᠣᠬᠢᠶᠠᠨ ᠪᠠᠶᠢᠭᠤᠯᠤᠨ | ᠲᠤᠭᠤᠷᠪᠢᠬᠤ᠂ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ | (ᠬᠤᠶᠠᠷ) ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠠ ᠡᠯ᠎ᠡ ᠰᠤᠮᠤ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ | ᠬᠤᠯᠪᠣᠭᠳᠠᠯ ᠪᠦᠬᠦᠢ ᠠᠰᠠᠭᠤᠳᠠᠯ ᠢ ᠬᠠᠷᠢᠭᠤᠴᠠᠵᠤ᠂ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠤᠨ᠎ᠠ᠃ | ︵ᠭᠤᠷᠪᠠ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠤᠨ ᠬᠤᠭᠤᠷᠣᠨᠳᠣᠬᠢ | ᠮᠠᠷᠭᠤᠯᠳᠤᠭᠠᠨ ᠲᠠᠢ ᠴᠢᠬᠤᠯᠠ ᠠᠰᠠᠭᠤᠳᠠᠯ ᠢ ᠵᠣᠬᠢᠴᠠᠭᠤᠯᠬᠤ ᠠᠵᠢᠯ ᠢ ᠬᠠᠷᠢᠭᠤᠴᠠᠵᠤ᠂ ᠰᠢᠶᠠᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ ᠲᠣᠭᠲᠠᠭᠠᠯᠭᠠᠨ᠎ᠠ᠃ | (ᠳᠥᠷᠪᠡ) ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠷᠠᠯᠳᠤᠭᠠᠨ ᠢ ᠵᠣᠬᠢᠶᠠᠨ ᠪᠠᠶᠢᠭᠤᠯᠵᠤ ᠪᠡᠯᠡᠳᠬᠡᠬᠦ | ᠠᠵᠢᠯ ᠢ ᠬᠠᠷᠢᠭᠤᠴᠠᠵᠤ᠂ ᠬᠤᠷᠠᠯᠳᠤᠭᠠᠨ ᠢᠶᠠᠷ ᠲᠣᠭᠲᠠᠭᠠᠭᠰᠠᠨ ᠵᠦᠢᠯ ᠤᠳ ᠢ ᠵᠣᠬᠢᠶᠠᠨ ᠪᠠᠶᠢᠭᠤᠯᠵᠤ | ᠬᠡᠷᠡᠭᠵᠢᠭᠦᠯᠬᠦ ᠳᠤ ᠬᠠᠮᠵᠢᠯᠴᠠᠨ᠎ᠠ᠃ | ︵ᠲᠠᠪᠤ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠢᠶᠠᠷ | ᠲᠣᠭᠲᠠᠭᠠᠭᠰᠠᠨ ᠵᠦᠢᠯᠡᠰ ᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠬᠤ ᠶᠢᠨ | ᠬᠠᠮᠲᠤ ᠮᠥᠷᠳᠡᠨ ᠪᠠᠶᠢᠴᠠᠭᠠᠵᠤ ᠰᠤᠳᠤᠯᠤᠨ᠎ᠠ;ᠰᠢᠶᠠᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ | ᠮᠥᠴᠢᠷ ᠤᠨ ᠡᠭᠦᠷᠭᠡᠯᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠯ ᠵᠥᠪᠯᠡᠯᠭᠡ ᠶᠢ ᠭᠦᠢᠴᠳᠭᠡᠨ᠎ᠡ᠃ | ︵ᠵᠢᠷᠭᠤᠭ᠎ᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠳᠠᠮᠵᠢᠭᠤᠯᠬᠤ ᠵᠡᠷᠭᠡ | ᠠᠵᠢᠯ ᠢ ᠬᠠᠷᠢᠭᠤᠴᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ᠃ | (ᠲᠤᠯᠤᠭ᠎ᠠ) ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠠ ᠪᠣᠯᠭᠠᠬᠤ ᠠᠵᠢᠯ ᠢ | ᠬᠠᠮᠢᠶᠠᠷᠴᠤ᠂ ᠰᠢᠪᠠᠳᠠᠵᠤ ᠪᠠᠶᠢᠴᠠᠭᠠᠨ᠎ᠠ᠃ | ︵ᠨᠠᠢᠮᠠ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠠᠵᠢᠯ ᠤᠨ ᠠᠦ᠋ᠲ᠋ᠣᠴᠢᠯᠠᠬᠤ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠶᠢᠰᠦ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠶᠡᠷᠦᠩᠬᠡᠢ | ᠵᠢᠵᠢᠭᠦᠷ ᠤᠨ ᠠᠯᠪᠠᠨ ᠭᠡᠷ ᠤᠨ ᠠᠵᠢᠯ ᠢ ᠬᠠᠷᠢᠭᠤᠴᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠤᠳᠤᠷᠢᠳᠤᠯᠭ᠎ᠠ ᠳᠤ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ᠂ ᠬᠤᠯᠪᠣᠭᠳᠠᠯ ᠪᠦᠬᠦᠢ ᠤᠴᠢᠷ | ᠶᠠᠪᠤᠳᠠᠯ ᠢ ᠬᠠᠮᠵᠢᠨ ᠰᠢᠢᠳᠪᠦᠷᠢᠯᠡᠨ᠎ᠡ᠃ | ︵ᠠᠷᠪᠠ︶ ᠪᠦᠬᠦ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠬᠠᠷᠢᠭᠤᠴᠠᠵᠤ᠂ ᠪᠦᠬᠦ ᠰᠢᠶᠠᠨ ᠤ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠤᠷᠲᠤᠪᠲᠤᠷ ᠪᠠ ᠤᠷᠲᠤ ᠬᠤᠭᠤᠴᠠᠭᠠᠨ ᠤ | ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ᠬᠤᠳᠠ ᠶᠢᠨ ᠠᠭᠠᠷ ᠤᠨ ᠰᠡᠷᠭᠡᠶᠢᠯᠡᠯᠲᠡ ᠶᠢᠨ ᠳᠠᠭᠠᠷᠢᠯᠲᠠ ᠶᠢᠨ ᠲᠥᠰᠥᠯ ᠪᠠ ᠬᠡᠷᠡᠭᠵᠢᠭᠦᠯᠬᠦ | ᠲᠥᠯᠥᠪᠯᠡᠭᠡ ᠶᠢ ᠲᠤᠭᠤᠷᠪᠢᠨ ᠲᠣᠭᠲᠠᠭᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠠᠷᠬᠠᠭᠠᠬᠤ | ᠲᠥᠯᠥᠪᠯᠡᠭᠡ ᠶᠢ ᠲᠤᠭᠤᠷᠪᠢᠨ ᠲᠣᠭᠲᠠᠭᠠᠬᠤ᠂ ᠠᠵᠤ ᠠᠬᠤᠢ ᠶᠢᠨ ᠬᠠᠷᠠᠯᠲᠠ ᠨᠢᠭᠡᠴᠢ ᠶᠢᠨ ᠰᠡᠷᠭᠡᠶᠢᠯᠡᠨ ᠬᠠᠮᠠᠭᠠᠯᠠᠬᠤ | ᠲᠥᠰᠥᠯ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠵᠤ ᠵᠠᠪᠳᠤᠨ ᠵᠠᠰᠠᠬᠤ ᠲᠥᠰᠥᠯ ᠪᠠ ᠡᠯ᠎ᠡ ᠵᠦᠢᠯ ᠤᠨ | ᠪᠠᠲᠤᠯᠠᠭ᠎ᠠ ᠶᠢᠨ ᠲᠥᠰᠥᠯ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠂ ᠬᠤᠳᠠ ᠶᠢᠨ ᠪᠦᠲᠦᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠤᠳᠠ ᠶᠢᠨ | ᠶᠡᠷᠦᠩᠬᠡᠢ ᠲᠥᠯᠦᠪᠵᠢᠭᠦᠯᠭᠡ ᠳᠤ ᠤᠷᠤᠭᠤᠯᠤᠨ᠎ᠠ᠃ | ︵ᠠᠷᠪᠠᠨ ᠨᠢᠭᠡ︶ ᠪᠥᠬᠦ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠤᠨ ᠬᠠᠮᠢᠶᠠᠷᠴᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠲᠠᠩᠰᠠᠯᠠᠨ ᠬᠠᠮᠢᠶᠠᠷᠴᠤ᠂ ᠪᠠᠶᠢᠭᠤᠯᠵᠤ ᠪᠠᠶᠢᠭ᠎ᠠ ᠠᠷᠠᠳ | ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ | ᠬᠡᠷᠡᠭᠵᠢᠭᠦᠯᠦᠨ᠎ᠡ᠂ᠨᠢᠭᠡᠨᠲᠡ ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ | ᠬᠠᠮᠠᠭᠠᠯᠠᠨ ᠬᠠᠮᠢᠶᠠᠷᠬᠤ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠵᠢᠯᠣᠭᠤᠳᠤᠨ᠎ᠠ᠂ ᠪᠥᠬᠦ ᠰᠢᠶᠠᠨ ᠤ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶ᠎ᠠ ᠪᠠ ᠮᠡᠳᠡᠭᠡ ᠵᠠᠩᠭᠢᠵᠢᠯᠲᠠ ᠶᠢᠨ | ᠲᠣᠣᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢ ᠬᠠᠮᠢᠶᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠵᠣᠬᠢᠴᠠᠭᠤᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭ᠎ᠠ᠂ ᠰᠡᠷᠡᠮᠵᠢ ᠶᠢᠨ ᠳᠣᠬᠢᠶᠠᠨ ᠤ | ᠪᠡᠯᠡᠳᠬᠡᠮᠵᠢ ᠪᠠ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢ ᠠᠰᠢᠭᠯᠠᠨ ᠡᠩ ᠤᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠴᠤᠭᠯᠠᠭᠤᠯᠬᠤ ᠪᠠ ᠬᠠᠮᠢᠶᠠᠷᠬᠤ ᠶᠢ ᠬᠠᠷᠢᠭᠤᠴᠠᠵᠤ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠯᠤᠰᠤᠨ ᠥᠮᠴᠢᠯᠡᠯᠲᠦ ᠡᠳ᠋ ᠬᠥᠷᠥᠩᠭᠡ ᠳᠤ ᠲᠤᠰᠬᠠᠢ | ᠬᠠᠮᠢᠶᠠᠷᠤᠯᠲᠠ ᠶᠠᠪᠤᠭᠤᠯᠤᠨ᠎ᠠ᠃ | ︵ᠠᠷᠪᠠᠨ ᠬᠤᠶᠠᠷ︶ ᠬᠤᠳᠠ ᠶᠢᠨ ᠤᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠣᠬᠢᠶᠠᠨ | ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠤᠨ | ᠵᠢᠯᠤᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠬᠤᠳᠠ ᠶᠢᠨ ᠤᠯᠠᠨ ᠲᠦᠮᠡᠨ ᠤ ᠠᠭᠠᠷ | ᠤᠨ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠶᠢᠨ ᠬᠠᠮᠲᠤ ᠲᠡᠭᠦᠨ ᠢ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠲᠤ ᠣᠷᠣᠭᠤᠯᠬᠤ ᠬᠡᠷᠡᠭᠲᠡᠢ᠂ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠤᠷᠭᠠᠨ ᠬᠥᠮᠦᠵᠢᠯ ᠢ ᠵᠣᠬᠢᠶᠠᠨᠠᠷᠠᠳ ᠤᠨ ᠠᠭᠠᠷ ᠤᠨ ᠰᠡᠷᠭᠡᠶᠢᠯᠡᠯᠲᠡ ᠪᠠ ᠭᠠᠮᠰᠢᠭ ᠢ | ᠰᠡᠷᠭᠡᠶᠢᠯᠡᠬᠦ ᠰᠣᠷᠢᠯᠲᠠ ᠶᠢ ᠵᠣᠬᠢᠶᠠᠨ ᠪᠠᠶᠢᠭᠤᠯᠤᠨ᠎ᠠ᠂ ᠲᠠᠶᠢᠨ ᠤ ᠦᠶ᠎ᠡ ᠶᠢᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠪᠠ ᠶᠡᠷᠦᠩᠬᠡᠶᠢᠯᠡᠨ | ᠵᠣᠬᠢᠴᠠᠭᠤᠯᠬᠤ ᠶᠢ ᠬᠠᠷᠢᠭᠤᠴᠠᠨ᠎ᠠ᠃ | ︵ᠠᠷᠪᠠᠨ ᠭᠤᠷᠪᠠ︶ ︽ᠵᠠᠬᠢᠳᠠᠯ ᠰᠣᠷᠪᠤᠯᠵᠢᠯᠠᠭ᠎ᠠ ᠶᠢᠨ ᠳᠦᠷᠢᠮ︾ ᠪᠠ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠲᠠ ᠵᠢᠴᠢ ᠰᠢᠶᠠᠨ ᠤ ᠵᠠᠰᠠᠭ ᠤᠨ ᠣᠷᠳᠣᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠤᠬᠠᠢ ᠴᠢᠭᠯᠡᠯᠲᠡ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠂ ᠤᠯᠤᠰ᠂ ᠥᠪᠡᠷᠲᠡᠭᠡᠨ ᠵᠠᠰᠠᠬᠤ ᠣᠷᠣᠨ᠂ | ᠤᠯᠠᠭᠠᠨᠬᠠᠳᠠ ᠬᠤᠲᠠ ᠪᠠ ᠰᠢᠶᠠᠨ ᠤ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠵᠥᠪᠰᠢᠶᠡᠷᠡᠨ | ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠲᠤᠰᠢᠶᠠᠨ ᠰᠢᠢᠳᠪᠦᠷᠢᠯᠡᠭᠦᠯᠬᠦ᠂ ᠰᠢᠪᠠᠳᠠᠨ | ᠰᠢᠢᠳᠪᠦᠷᠢᠯᠡᠭᠦᠯᠬᠦ᠂ ᠬᠡᠷᠡᠭ ᠢ ᠳᠠᠭᠤᠰᠬᠠᠬᠤ ᠵᠡᠷᠭᠡ ᠠᠵᠢᠯ ᠢ ᠳᠠᠭᠠᠭᠠᠨ ᠰᠢᠢᠳᠪᠦᠷᠢᠯᠡᠨ᠎ᠡ᠂ ᠰᠢᠶᠠᠨ ᠤ ᠨᠠᠮ ᠤᠨ | ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠠᠷᠠᠳ ᠤᠨ ᠪᠦᠯᠬᠦᠮ ᠵᠢᠴᠢ ᠡᠯ᠎ᠡ ᠰᠢᠶᠠᠩ | ᠪᠠᠯᠭᠠᠰᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ | ︵ᠠᠷᠪᠠᠨ ᠳᠥᠷᠪᠡ︶ ᠪᠦᠬᠦ ᠰᠢᠶᠠᠨ ᠤ ᠤᠯᠠᠨ ᠲᠦᠮᠡᠨ ᠤ ᠢᠷᠡᠭᠦᠯᠦᠭᠰᠡᠨ ᠵᠠᠬᠢᠳᠠᠯ᠂ ᠢᠷᠡᠭᠦᠯᠦᠭᠰᠡᠨ ᠴᠠᠬᠢᠯᠭᠠᠨ᠂ | ᠰᠣᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠭᠥᠯᠢᠶᠡᠨ ᠠᠪᠬᠤ ᠠᠵᠢᠯ ᠢ ᠬᠠᠷᠢᠭᠤᠴᠠᠵᠤ᠂ ᠢᠷᠡᠭᠦᠯᠦᠭᠰᠡᠨ | ᠵᠠᠬᠢᠳᠠᠯ᠂ ᠢᠷᠡᠭᠦᠯᠦᠭᠰᠡᠨ ᠴᠠᠬᠢᠯᠭᠠᠨ᠂ ᠰᠣᠷᠪᠤᠯᠵᠢᠯᠠᠭ᠎ᠠ ᠶᠢᠨ ᠳᠤᠮᠳᠠᠬᠢ ᠰᠠᠨᠠᠭᠤᠯᠭ᠎ᠠ᠂ ᠰᠠᠨᠠᠯ ᠵᠢᠴᠢ ᠵᠦᠢ ᠶᠣᠰᠣᠨ ᠤ | ᠭᠤᠮᠣᠳᠠᠯ ᠱᠠᠭᠠᠷᠳᠠᠯᠭ᠎ᠠ ᠶᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠲᠤᠰᠬᠠᠵᠤ᠂ ᠬᠠᠷᠢᠭᠤ ᠲᠤᠰᠬᠠᠬᠤ ᠪᠠ ᠨᠡᠪᠲᠡᠷᠡᠯᠴᠡᠵᠦ᠂ | ᠰᠢᠢᠳᠪᠦᠷᠢᠯᠡᠬᠦ ᠠᠷᠭ᠎ᠠ ᠪᠠ ᠠᠷᠭ᠎ᠠ ᠵᠠᠮ ᠢ ᠳᠤᠷᠠᠳᠤᠨ ᠭᠠᠷᠭᠠᠨ᠎ᠠ᠂ ᠪᠦᠬᠦ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ | ᠮᠡᠳᠡᠭᠡ ᠵᠠᠩᠭᠢ ᠶᠢᠨ ᠰᠢᠰᠲ᠋ᠧᠮ ᠢ ᠬᠠᠮᠠᠭᠠᠯᠠᠨ ᠬᠠᠮᠢᠶᠠᠷᠤᠨ᠎ᠠ᠃ | ︵ᠠᠷᠪᠠᠨ ᠲᠠᠪᠤ︶ ᠵᠠᠬᠢᠳᠠᠯ ᠰᠣᠷᠪᠤᠯᠵᠢᠯᠠᠭ᠎ᠠ ᠶᠢ ᠬᠠᠮᠲᠤᠷᠠᠨ ᠭᠥᠯᠢᠶᠡᠨ ᠠᠪᠬᠤ ᠠᠵᠢᠯ ᠤᠨ ᠲᠣᠭᠲᠠᠴᠠ ᠶᠢ | ᠬᠠᠷᠢᠭᠤᠴᠠᠨ ᠪᠠᠶᠢᠭᠤᠯᠵᠤ᠂ ᠴᠢᠬᠤᠯᠠ ᠶᠡᠭᠡ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠵᠣᠬᠢᠶᠠᠨ ᠪᠠᠶᠢᠭᠤᠯᠤᠨ | ᠵᠣᠬᠢᠴᠠᠭᠤᠯᠵᠤ ᠰᠢᠢᠳᠪᠦᠷᠢᠯᠡᠨ᠎ᠡ᠃ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠵᠢᠴᠢ ᠣᠯᠠᠨ ᠲᠦᠮᠡᠨᠴᠢ | ᠴᠢᠨᠠᠷᠲᠠᠢ ᠬᠡᠷᠡᠭ ᠶᠠᠪᠤᠳᠠᠯ ᠤᠨ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠤᠨ ᠪᠣᠳᠠᠲᠠᠢ ᠠᠵᠢᠯ ᠢ | ᠡᠭᠦᠷᠭᠡᠯᠡᠬᠦ ᠶᠢᠨ ᠬᠠᠮᠲᠤ ᠬᠠᠮᠲᠤᠷᠠᠭᠰᠠᠨ ᠬᠤᠷᠠᠯᠳᠤᠭᠠᠨ ᠠᠴᠠ ᠲᠣᠭᠲᠠᠭᠠᠭᠰᠠᠨ ᠵᠦᠢᠯᠡᠰ ᠢ ᠰᠢᠪᠠᠳᠠᠨ | ᠨᠠᠶᠢᠳᠠᠪᠤᠷᠢᠵᠢᠭᠤᠯᠤᠨ᠎ᠠ᠃ | ︵ᠠᠷᠪᠠᠨ ᠵᠢᠷᠭᠤᠭ᠎ᠠ︶ ᠪᠦᠬᠦ ᠰᠢᠶᠠᠨ ᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ | ᠠᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠮᠥᠩᠭᠦᠨ ᠭᠦᠢᠯᠭᠡᠭᠡᠨ ᠤ | ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠂ ᠮᠥᠩᠭᠦᠨ ᠭᠦᠢᠯᠭᠡᠭᠡᠨ ᠤ ᠪᠠᠶᠢᠳᠠᠯ ᠢ ᠰᠤᠳᠤᠯᠤᠨ ᠵᠠᠳᠠᠯᠵᠤ | ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ︵ᠠᠷᠪᠠᠨ ᠲᠤᠯᠤᠭ᠎ᠠ︶ ᠳᠡᠭᠡᠳᠦ ᠱᠠᠲᠤᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ | ᠬᠠᠮᠵᠢᠯᠴᠠᠨ ᠮᠠᠨ ᠤ ᠰᠢᠶᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠮᠥᠩᠭᠦᠨ ᠭᠦᠢᠯᠭᠡᠭᠡᠨ ᠤ | ᠦᠢᠯᠡᠰ ᠤᠨ ᠵᠠᠭᠤᠴᠢ ᠪᠠᠶᠢᠭᠤᠯᠤᠮᠵᠢ ᠳᠤ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠠᠤᠯᠢ ᠪᠤᠰᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠠ ᠬᠠᠤᠯᠢ ᠪᠤᠰᠤ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠲᠡᠭᠦᠨ ᠳᠤ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠡᠮᠬᠢ | ᠵᠢᠷᠤᠮ ᠢ ᠴᠡᠭᠴᠡᠯᠡᠨ ᠵᠢᠷᠤᠮᠵᠢᠭᠤᠯᠤᠨ᠎ᠠ᠃ᠮᠥᠩᠭᠦᠨ ᠭᠦᠢᠯᠭᠡᠭᠡᠨ ᠤ ᠦᠢᠯᠡᠰ ᠲᠠᠢ ᠬᠤᠯᠪᠣᠭᠳᠠᠬᠤ ᠡᠯ᠎ᠡ ᠲᠦᠷᠦᠯ ᠤᠨ | ᠠᠵᠢᠯ ᠲᠦᠷᠦᠯ ᠤᠨ ᠨᠡᠶᠢᠭᠡᠮᠯᠢᠭ ᠪᠠ ᠵᠠᠭᠤᠴᠢ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ | ᠵᠢᠯᠤᠭᠤᠳᠴᠤ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢ ᠴᠢᠩᠭᠠᠳᠬᠠᠨ᠎ᠠ᠂ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠥᠩᠭᠦᠨ ᠭᠦᠢᠯᠭᠡᠭᠡᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠲᠥᠰᠥᠯ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠪᠠ ᠮᠥᠩᠭᠦᠨ ᠭᠦᠢᠯᠭᠡᠭᠡᠨ ᠤ | ᠲᠣᠭᠲᠠᠭᠤᠨ ᠪᠠᠶᠢᠳᠠᠯ ᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠ ᠰᠢᠢᠳᠪᠦᠷᠢᠯᠡᠵᠦ᠂ ᠭᠠᠵᠠᠷ ᠣᠷᠣᠨ ᠤ ᠮᠥᠩᠭᠦᠨ ᠭᠦᠢᠯᠭᠡᠭᠡᠨ ᠤ | ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ︵ᠠᠷᠪᠠᠨ ᠨᠠᠢᠮᠠ︶ ᠡᠯ᠎ᠡ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠣᠷᠣᠭᠤᠯᠵᠤ | ᠪᠡᠯᠡ ᠲᠣᠬᠢᠷᠠᠭᠤᠯᠬᠤ ᠲᠠᠪᠴᠠᠩ ᠵᠢᠴᠢ ᠲᠥᠷᠥᠯ ᠵᠦᠢᠯ ᠤᠨ ᠪᠡᠯᠡ ᠲᠣᠬᠢᠷᠠᠭᠤᠯᠬᠤ ᠲᠥᠰᠥᠯ ᠢ | ᠨᠠᠶᠢᠳᠠᠪᠤᠷᠢᠵᠢᠭᠤᠯᠬᠤ ᠶᠢ ᠬᠠᠷᠢᠭᠤᠴᠠᠨ ᠵᠣᠬᠢᠴᠠᠭᠤᠯᠵᠤ᠂ ᠲᠥᠷᠥᠯ ᠵᠦᠢᠯ ᠤᠨ ᠠᠵᠢᠯᠯᠠᠭᠠᠨ ᠤ ᠬᠠᠮᠢᠶᠠᠷᠤᠯᠲᠠ ᠪᠠ | ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠪᠦᠬᠦ ᠰᠢᠶᠠᠨ ᠤ ᠳᠤᠮᠳᠠ ᠵᠢᠵᠢᠭ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠲᠦᠯᠬᠢᠨ ᠠᠬᠢᠭᠤᠯᠵᠤ᠂ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠳᠤᠮᠳᠠ ᠵᠢᠵᠢᠭ ᠠᠵᠤ ᠠᠬᠤᠶᠢᠯᠠᠯ ᠳᠤ ᠲᠣᠬᠢᠷᠠᠭᠰᠠᠨ | ᠲᠡᠰ ᠲᠣᠭᠲᠠᠭᠠᠵᠤ ᠢᠲᠡᠭᠡᠮᠵᠢ ᠣᠯᠭᠤᠬᠤ ᠳᠦᠷᠢᠮ ᠢ ᠲᠡᠭᠦᠯᠳᠡᠷᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ | ᠬᠡᠷᠡᠭᠴᠡᠭᠡ ᠳᠤ ᠲᠣᠬᠢᠷᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠳᠬᠦᠨ ᠢ ᠨᠡᠭᠡᠭᠡᠨ ᠬᠥᠭᠵᠢᠭᠦᠯᠵᠦ᠂ | ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ | ᠃ | ︵ᠠᠷᠪᠠ ᠶᠢᠰᠦ︶ ᠨᠢᠩᠴᠧᠩ ᠳᠤ ᠰᠠᠭᠤᠭ᠎ᠠ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ | ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠮᠠᠨ ᠤ ᠰᠢᠶᠠᠨ ᠳᠤ ᠰᠠᠯᠪᠤᠷᠢ ᠪᠠᠶᠢᠭᠤᠯᠤᠮᠵᠢ ᠪᠠ ᠲᠣᠣᠷ ᠴᠢᠭ᠋ | ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠵᠣᠬᠢᠰᠲᠠᠢ | ᠪᠠᠶᠢᠷᠢᠰᠢᠭᠤᠯᠤᠯᠲᠠ ᠪᠠ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ | ᠠᠬᠢᠭᠤᠯᠤᠨ᠎ᠠ᠂ ᠣᠷᠣᠨ ᠨᠤᠲᠤᠭ ᠤᠨ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ | ᠬᠥᠭᠵᠢᠯᠲᠡ ᠶᠢ ᠵᠢᠯᠣᠭᠤᠳᠤᠨ᠎ᠠ᠂ ᠪᠥᠬᠦ ᠰᠢᠶᠠᠨ ᠤ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠪᠠ ᠪᠡᠯᠡ | ᠲᠣᠬᠢᠷᠠᠭᠤᠯᠭ᠎ᠠ ᠶᠢᠨ ᠴᠢᠨᠠᠷᠲᠠᠢ ᠳᠠᠭᠠᠭᠠᠯᠲᠠ ᠶᠢᠨ ᠪᠠᠶᠢᠭᠤᠯᠤᠮᠵᠢ ᠶᠢ ᠬᠢᠨᠠᠨ ᠬᠠᠮᠢᠶᠠᠷᠤᠨ᠎ᠠ᠂ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠷᠢ︶ ᠰᠢᠶᠠᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠢ ᠬᠠᠷᠢᠭᠤᠴᠠᠵᠤ᠂ ᠬᠠᠤᠯᠢ ᠶᠣᠰᠣᠭᠠᠷ | ᠵᠠᠰᠠᠭ ᠶᠠᠪᠤᠭᠤᠯᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠠᠬᠢᠭᠤᠯᠤᠨ᠎ᠠ᠃ | | ︵ᠬᠤᠷᠢᠨ ᠨᠢᠭᠡ︶ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠭᠠᠳᠠᠭᠠᠳᠤ ᠶᠠᠪᠤᠳᠠᠯ᠂ ᠬᠠᠷᠢᠶᠠᠲᠤ ᠨᠠᠷ ᠤᠨ | ᠶᠠᠪᠤᠳᠠᠯ᠂ ᠲᠡᠷᠭᠡ ᠬᠥᠰᠬᠡ ᠶᠢᠨ ᠣᠷᠣᠨ ᠲᠤᠭ᠎ᠠ ᠵᠡᠷᠭᠡ ᠠᠵᠢᠯ ᠢ ᠬᠠᠷᠢᠭᠤᠴᠠᠨ᠎ᠠ᠃ | (ᠬᠤᠷᠢᠨ ᠬᠤᠶᠠᠷ) ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠶᠠᠪᠤᠳᠠᠯ ᠤᠳ ᠢ ᠬᠠᠷᠢᠭᠤᠴᠠᠨ | ᠭᠦᠢᠴᠡᠳᠬᠡᠨ᠎ᠡ᠃ | ᠠᠵᠢᠯᠯᠠᠬᠤ ᠭᠠᠵᠠᠷ᠄ ᠨᠢᠩᠴᠧᠩ ᠰᠢᠶᠠᠨ ᠤ ᠶᠠᠨᠵᠢᠩ ᠵᠡᠭᠡᠯᠢ ᠶᠢᠨ 1 ᠳ᠋ᠤᠬᠡᠷ ᠨᠣᠮᠧᠷ ᠤᠨ ᠨᠢᠩᠴᠧᠩ ᠰᠢᠶᠠᠨ ᠤ | ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ | ᠠᠵᠢᠯᠯᠠᠬᠤ ᠴᠠᠭ᠄ ᠠᠵᠢᠯᠯᠠᠬᠤ ᠡᠳᠦᠷ 8᠄ 30 ︱ 12᠄ 00 14᠄ 30 ︱ 17᠄ 30 | ᠬᠠᠷᠢᠯᠴᠠᠬᠤ ᠬᠡᠯᠪᠡᠷᠢ᠄ 0476 ︱ 4222751 | ᠬᠠᠷᠢᠭᠤᠴᠠᠯᠭᠠᠲᠠᠨ᠄ ᠯᠢ ᠰᠢᠶᠠᠩ ᠷᠦᠩ | | |