ᠡᠶᠢᠮᠤ ᠳ᠋ᠧᠩ ᠢ ᠪᠢᠲᠡᠭᠡᠶ ᠳᠤᠷ᠎ᠠ ᠪᠠᠷ ᠢᠶᠠᠨ ᠬᠡᠷᠡᠭᠯᠡ
ᠨᠡᠶᠢᠲᠡᠯᠡᠭᠰᠡᠨ ᠴᠠᠭ᠄
2022/12/7
     ᠮᠠᠰᠢ ᠣᠯᠠᠨ ᠬᠥᠮᠦᠨ ᠰᠡᠭᠦᠳᠡᠷ ᠲᠠᠲᠠᠬᠤ᠂ ᠸᠢᠳᠢᠣ᠋ ᠰᠢᠩᠭᠡᠭᠡᠬᠦ᠂ ᠰᠢᠭᠤᠳ ᠨᠡᠪᠲᠡᠷᠡᠭᠦᠯᠭᠡ ᠬᠢᠬᠦ ᠦᠶᠡᠰ ᠲᠡᠭᠡᠨ ᠭᠤᠶᠤ ᠰᠠᠶᠢᠬᠠᠨ ᠢ ᠬᠥᠭᠡᠭᠡᠴᠡᠯᠳᠦᠬᠦ ᠶᠢᠨ ᠲᠤᠰᠠᠲᠠ ᠪᠦᠷ ᠤᠷᠴᠢᠨ ᠦᠵᠡᠮᠤᠷᠢ ᠶᠢᠨ ᠳ᠋ᠧᠩ ︵氛围 灯︶ ᠲᠤᠬᠢᠷᠠᠭᠤᠯᠳᠠᠭ᠃       ᠣᠶᠢᠷ᠎ᠠ ᠳᠤ᠂ ᠵᠠᠷᠢᠮ ᠬᠤᠪᠢ ᠶᠢᠨ ᠵᠠᠭᠤᠴᠢᠯᠠᠭᠤᠷ ᠤᠨ ᠪᠦᠷᠭᠡ ᠶᠢᠨ ᠡᠵᠡᠨ ᠵᠣᠬᠢᠶᠠᠯ ᠨᠡᠶᠢᠲᠡᠯᠡᠵᠦ᠂ ᠪᠢ ᠤᠷᠴᠢᠨ ᠦᠵᠡᠮᠤᠷᠢ ᠶᠢᠨ ᠳ᠋ᠧᠩ ᠬᠡᠷᠡᠭᠯᠡᠭᠰᠡᠨ ᠠᠴᠠ ᠪᠣᠯᠵᠣ ᠨᠢᠳᠦ ᠭᠡᠮᠲᠦᠵᠦ᠂ ᠴᠢᠰᠤ ᠭᠠᠷᠴᠤ᠂ ᠬᠠᠷᠠᠭ᠎ᠠ ᠬᠦᠨᠳᠦ ᠨᠣᠴᠢᠲᠠᠶ ᠮᠠᠭᠤᠳᠠᠵᠠᠶ ᠭᠡᠪᠡ᠃ ᠤᠷᠴᠢᠨ ᠦᠵᠡᠮᠤᠷᠢ ᠶᠢᠨ ᠳ᠋ᠧᠩ ᠪᠣᠯ LED ᠳ᠋ᠧᠩ ᠤᠨ ᠨᠢᠭᠡ ᠵᠦᠢᠯ ᠪᠣᠯᠤᠨ᠎ᠠ᠂ ᠥᠪᠡᠷ ᠤᠨ ᠬᠡᠷᠡᠭᠴᠡᠭᠡ ᠪᠠᠨ ᠦᠨᠳᠦᠰᠦᠯᠡᠨ ᠳ᠋ᠧᠩ ᠤᠨ ᠭᠡᠷᠡᠯ᠂ ᠤᠢᠩᠭᠡ ᠵᠡᠷᠭᠡ ᠶᠢᠨ ᠬᠤᠪᠢᠷᠠᠯᠲᠠ ᠶᠢ ᠲᠤᠬᠢᠷᠠᠭᠤᠯᠤᠨ ᠡᠵᠡᠮᠳᠡᠵᠦ ᠪᠣᠯᠤᠨ᠎ᠠ᠃ ᠮᠠᠰᠢ ᠭᠡᠷᠡᠯᠲᠡᠢ ᠤᠷᠴᠢᠨ ᠦᠵᠡᠮᠤᠷᠢ ᠶᠢᠨ ᠳ᠋ᠧᠩ ᠳᠤ ᠶᠡᠭᠡ ᠬᠡᠮᠵᠢᠶᠡᠨ ᠤ  ᠡᠷᠴᠢᠳᠤ ᠡᠨᠧᠷᠭᠢ ᠶᠢᠨ ᠣᠬᠤᠷ ᠳᠣᠯᠭᠢᠶᠠᠨᠲᠤ ᠬᠥᠬᠡ ᠭᠡᠷᠡᠯ ᠠᠭᠤᠯᠤᠭᠳᠠᠵᠤ᠂ ᠲᠡᠷᠡ ᠨᠢ ᠲᠠᠯᠠᠰᠯᠢᠭ ᠴᠤᠭᠴᠠ ᠶᠢ ᠨᠡᠪᠲᠡᠯᠦᠨ ᠰᠢᠭᠤᠳ ᠨᠢᠳᠦᠨ ᠤ ᠲᠣᠣᠷᠯᠢᠭ ᠪᠦᠷᠬᠦᠪᠴᠢ ᠳᠤ ᠬᠦᠷᠴᠦ᠂ ᠦᠷᠭᠦᠯᠵᠢᠯᠡᠨ ᠤᠷᠲᠤ ᠬᠤᠭᠤᠴᠠᠭ᠎ᠠ  ᠬᠡᠷᠡᠭᠯᠡᠪᠡᠯ ᠨᠢᠳᠦᠨ ᠤ ᠲᠣᠣᠷᠯᠢᠭ ᠪᠦᠷᠬᠦᠪᠴᠢ ᠳᠤ ᠴᠢᠯᠥᠭᠡᠲᠦ ᠢᠵᠠᠭᠤᠷ ᠡᠭᠦᠰᠦᠨ᠎ᠡ᠂ ᠡᠳᠡᠭᠡᠷ ᠴᠢᠯᠥᠭᠡᠲᠦ ᠢᠵᠠᠭᠤᠷ ᠨᠢ ᠨᠢᠳᠦᠨ ᠤ ᠲᠣᠣᠷᠯᠢᠭ ᠪᠦᠷᠬᠦᠪᠴᠢ ᠶᠢᠨ ᠥᠩᠭᠡᠲᠦ ᠡᠳ᠋ ᠤᠨ ᠬᠥᠷᠥᠰᠥᠨ ᠡᠰ ᠢ ᠦᠬᠦᠭᠦᠯᠵᠦ᠂ ᠨᠢᠳᠦᠨ ᠤ ᠲᠣᠣᠷᠯᠢᠭ ᠪᠦᠷᠬᠦᠪᠴᠢ ᠳᠤ ᠡᠭᠦᠷᠢᠳᠡ ᠶᠢᠨ ᠴᠢᠨᠠᠷᠲᠠᠶ ᠭᠡᠮᠲᠦᠯ ᠡᠭᠦᠰᠭᠡᠨ᠎ᠡ᠃       ᠨᠢᠳᠦᠨ ᠳᠤ ᠬᠤᠣᠷ ᠬᠥᠨᠥᠭᠡᠯ ᠤᠴᠠᠷᠠᠭᠤᠯᠬᠤ ᠠᠴᠠ ᠭᠠᠳᠠᠨ᠎ᠠ᠂ ᠡᠷᠴᠢᠳᠤ ᠡᠨᠧᠷᠭᠢ ᠶᠢᠨ ᠣᠬᠤᠷ ᠳᠣᠯᠭᠢᠶᠠᠨᠲᠤ ᠬᠥᠬᠡ ᠭᠡᠷᠡᠯ ᠨᠢ ᠪᠠᠰᠠ ᠬᠠᠷ᠎ᠠ ᠥᠩᠭᠡᠨ ᠡᠳ᠋ ᠤᠨ ᠰᠢᠭᠦᠷᠡᠯᠲᠡ ᠶᠢ ᠬᠤᠷᠢᠭᠯᠠᠵᠤ᠂ ᠬᠥᠮᠦᠨ ᠤ  ᠬᠡᠪ ᠤᠨ ᠠᠮᠢᠳᠤ ᠪᠣᠳᠠᠰ ᠤᠨ ᠬᠡᠮᠨᠡᠯ ᠢ ᠬᠠᠷᠰᠢᠯᠠᠵᠤ᠂ ᠤᠷᠮ᠎ᠠ ᠰᠡᠳᠬᠢᠯᠭᠡ᠂ ᠨᠦᠢᠷ᠂ ᠠᠩᠬᠠᠷᠤᠯ ᠵᠡᠷᠭᠡ ᠶᠢ  ᠨᠥᠯᠥᠭᠡᠯᠡᠵᠦ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠣᠯᠬᠤ ᠵᠡᠷᠭᠡ ᠠᠶᠤᠯ  ᠲᠦᠭᠰᠢᠭᠦᠷᠢ ᠶᠢ ᠴᠦ ᠨᠡᠮᠡᠭᠳᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号