| | | ︵ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠠᠴᠠ ᠲᠠᠷᠬᠠᠭᠠᠭᠰᠠᠨ ﹇2022﹈ 8 ᠳ᠋ᠤᠭᠠᠷ ᠲᠣᠭᠠᠲᠤ | 2022 ᠣᠨ ᠤ 4 ᠰᠠᠷ᠎ᠠ ᠶᠢᠨ 26 ᠤ ᠡᠳᠦᠷ︶ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠶᠠᠪᠤᠳᠠᠯ ᠤᠨ ᠲᠢᠩᠬᠢᠮ | ︵ᠲᠣᠪᠴᠢᠶ᠎ᠠ︶᠂ ᠵᠡᠮᠳᠡᠭᠴᠦᠳ ᠤᠨ ᠬᠤᠯᠪᠣᠭ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠳᠤ᠄ | ︽ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠨᠤᠴᠢᠳᠠᠢ ᠵᠡᠮᠳᠡᠭᠴᠦᠳ ᠤᠨ ᠰᠤᠪᠢᠯᠠᠯᠲᠠ ᠶᠢᠨ | ᠨᠥᠬᠦᠪᠦᠷᠢ ᠶᠢᠨ ᠳᠦᠷᠢᠮ ᠢ ᠪᠥᠬᠦ ᠲᠠᠯ᠎ᠠ ᠪᠠᠷ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ | ︾ ︽ᠲᠥᠷᠥ ᠶᠢᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ | ᠳᠥᠭᠦᠮᠴᠢᠯᠡᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ᠤᠨ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠵᠡᠮᠳᠡᠭᠴᠦᠳ ᠤᠨ ᠬᠤᠶᠠᠷ ᠨᠥᠬᠦᠪᠦᠷᠢ ᠶᠢ | ᠭᠤᠶᠤᠴᠢᠯᠠᠬᠤ ᠠᠷᠭ᠎ᠠ ᠵᠠᠮ ᠢ ᠤᠯᠠᠮ ᠰᠠᠭᠠᠳ ᠦᠭᠡᠢ ᠨᠠᠪᠲᠠᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ | ᠤᠯᠠᠮ ᠲᠦᠬᠦᠮ ᠲᠦᠳᠡ ᠪᠤᠯᠭᠠᠵᠤ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ | ᠨᠡᠮᠡᠭᠳᠡᠬᠦᠯᠬᠦ ᠶᠢᠨ ᠲᠦᠯᠦᠬᠡ ᠵᠡᠮᠳᠡᠭᠴᠦᠳ ᠤᠨ ᠬᠤᠶᠠᠷ ᠨᠥᠬᠦᠪᠦᠷᠢ ᠶᠢ ᠭᠤᠶᠤᠴᠢᠯᠠᠬᠤ ᠪᠥᠬᠦ ᠶᠠᠪᠤᠴᠠ ᠶᠢ | ᠰᠦᠯᠵᠢᠶᠡᠨ ᠲᠡᠬᠡᠷ᠎ᠡ ᠬᠦᠢᠴᠡᠳᠬᠡᠬᠦ ᠦᠢᠯᠡᠴᠢᠯᠡᠭᠡ ᠶᠢ ᠪᠥᠬᠦ ᠤᠯᠤᠰ ᠤᠨ ᠬᠡᠪᠴᠢᠶᠡᠨ ᠳᠤ ᠬᠡᠷᠡᠭᠵᠢᠭᠦᠯᠬᠦ ᠪᠠᠷ ᠪᠣᠶ᠂ | ᠡᠳᠦᠭᠡ ᠬᠤᠯᠪᠣᠭᠳᠠᠯ ᠪᠦᠬᠦᠢ ᠵᠦᠢᠯᠡᠰ ᠢ ᠮᠡᠳᠡᠭᠳᠡᠶ᠎ᠡ᠄ | ᠨᠢᠭᠡ᠂ ᠰᠦᠯᠵᠢᠶᠡᠨ ᠳᠡᠭᠡᠷᠡᠬᠢ ᠭᠤᠶᠤᠴᠢᠯᠠᠯ ᠢ ᠪᠥᠬᠦ ᠶᠠᠪᠤᠴᠠ ᠳᠤ ᠰᠦᠯᠵᠢᠶᠡᠨ ᠲᠡᠬᠡᠷ᠎ᠡ ᠬᠦᠢᠴᠡᠳᠬᠡᠬᠦ | ᠪᠣᠯᠭᠠᠪᠠ 2019 ᠣᠨ ᠠᠴᠠ ᠨᠠᠭᠠᠰᠢ ᠵᠡᠮᠳᠡᠭᠴᠦᠳ ᠤᠨ ᠬᠤᠶᠠᠷ ᠨᠥᠬᠦᠪᠦᠷᠢ ᠶᠢ ᠰᠦᠯᠵᠢᠶᠡᠨ ᠳᠡᠭᠡᠷ᠎ᠡ | ᠭᠤᠶᠤᠴᠢᠯᠠᠬᠤ ᠶᠢ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠠᠩᠬᠠᠨ ᠤ ᠪᠦᠯᠦᠭ ᠤᠨ ᠬᠡᠷᠡᠭᠯᠡᠭᠡᠨ ᠤ ᠦᠵᠡᠭᠳᠡᠯ ᠢᠶᠠᠷ ᠲᠣᠭᠲᠠᠭᠠᠵᠤ᠂ ᠵᠡᠮᠳᠡᠭᠴᠦᠳ ᠤᠨ | ᠨᠥᠬᠦᠪᠦᠷᠢ ᠭᠤᠶᠤᠴᠢᠯᠠᠬᠤ ᠳᠤ ᠴᠢᠬᠤᠯᠠ ᠦᠢᠯᠡᠳᠦᠯ ᠦᠵᠡᠭᠦᠯᠪᠡ᠃ ᠰᠦᠯᠵᠢᠶᠡᠨ ᠳᠡᠭᠡᠷᠡᠬᠢ ᠭᠤᠶᠤᠴᠢᠯᠠᠯ ᠤᠨ | ᠬᠡᠯᠪᠡᠷᠢ ᠶᠢ ᠲᠡᠭᠦᠯᠳᠡᠷᠵᠢᠭᠦᠯᠬᠦ ᠶᠢᠨ ᠲᠥᠯᠥᠭᠡ᠂ ᠠᠷᠠᠳ ᠤᠨ ᠶᠠᠪᠤᠳᠠᠯ ᠤᠨ ᠶᠠᠮᠤᠨ᠂ ᠳᠤᠮᠳᠠᠳᠤ ᠤᠯᠤᠰ ᠤᠨ | ᠵᠡᠮᠳᠡᠭᠴᠦᠳ ᠤᠨ ᠬᠤᠯᠪᠣᠭ᠎ᠠ ᠶᠢᠨ ᠬᠢᠨ ᠰᠦᠯᠵᠢᠶᠡᠨ ᠳᠡᠭᠡᠷᠡᠬᠢ ᠭᠤᠶᠤᠴᠢᠯᠠᠯ ᠤᠨ ᠪᠦᠬᠦ ᠶᠠᠪᠤᠴᠠ ᠶᠢ ᠰᠦᠯᠵᠢᠶᠡᠨ | ᠲᠡᠬᠡᠷ᠎ᠡ ᠬᠦᠢᠴᠡᠳᠬᠡᠬᠦ ᠪᠣᠯᠭᠠᠨ ᠳᠡᠰ ᠳᠡᠪᠰᠢᠭᠦᠯᠬᠦ ᠪᠠᠷ ᠲᠣᠭᠲᠠᠵᠤ᠂ 2022 ᠣᠨ ᠤ 5 ᠳ᠋ᠤᠭᠠᠷ ᠰᠠᠷ᠎ᠠ ᠶᠢᠨ | 15 ᠤ ᠡᠳᠦᠷ ᠠᠴᠠ ᠡᠬᠢᠯᠡᠨ ᠵᠡᠮᠳᠡᠭᠴᠦᠳ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ︵ | http://gjzwfw.www.gov.cn/︶ | ᠪᠤᠯᠤᠨ ᠠᠷᠠᠳ ᠤᠨ ᠶᠠᠪᠤᠳᠠᠯ ᠤᠨ ᠨᠢᠬᠡ ᠴᠤᠬᠵᠢᠭᠤᠯᠤᠬᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠲᠠᠪᠴᠠᠩ ︵https://zwfw.mca.gov.cn/︶ ︽民政通︾ ︵ᠭᠠᠷ ᠤᠳᠠᠰᠤ ᠪᠤᠶᠤ | ᠺᠤᠮᠫᠢᠦ᠋ᠲ᠋ᠧᠷ ᠲᠡᠬᠡᠷ᠎ᠡ ᠰᠦᠯᠵᠢᠶᠡᠨ ᠠᠴᠠ ᠬᠠᠶᠢᠵᠤ ᠪᠤᠯᠤᠨ᠎ᠠ︶ ᠳᠤ ᠨᠡᠪᠳᠡᠷᠡᠨ ᠵᠡᠮᠳᠡᠭᠴᠦᠳ ᠤᠨ ᠬᠤᠶᠠᠷ | ᠨᠥᠬᠦᠪᠦᠷᠢ ᠶᠢᠨ ᠭᠡᠷᠡᠴᠢᠯᠡᠬᠦ ᠮᠠᠲ᠋ᠧᠷᠢᠶᠠᠯ ᠢ ᠲᠤᠰᠢᠶᠠᠬᠤ᠂ ᠯᠠᠪᠯᠠᠬᠤ᠂ ᠵᠠᠰᠠᠬᠤ ᠪᠦᠬᠦ ᠶᠠᠪᠤᠴᠨ ᠶᠢ ᠰᠦᠯᠵᠢᠶᠡᠨ | ᠲᠡᠬᠡᠷ᠎ᠡ ᠬᠦᠢᠴᠡᠳᠬᠡᠵᠤ ᠪᠤᠯᠤᠨ᠎ᠠ᠃ ᠲᠤᠬᠠᠶᠢᠯᠠᠭᠰᠠᠨ ᠠᠵᠢᠯ ᠤᠨ ᠬᠠᠷᠢᠶ᠎ᠠ ᠭᠠᠵᠠᠷ ᠨᠢ ᠭᠤᠶᠤᠴᠢᠯᠠᠯ ᠤᠨ | ᠮᠠᠲ᠋ᠧᠷᠢᠶᠠᠯ ᠨᠢ ᠪᠦᠷᠢᠳᠦᠭᠰᠡᠨ ᠤ ᠳᠠᠷᠠᠭ᠎ᠠ᠂ ᠵᠡᠮᠳᠡᠭᠴᠦᠳ ᠤᠨ ᠬᠤᠶᠠᠷ ᠨᠥᠬᠦᠪᠦᠷᠢ ᠶᠢᠨ ︽ ᠮᠤᠵᠢ ᠠᠯᠤᠰᠯᠠᠨ | ᠲᠤᠭᠤᠰᠢᠳᠠᠢ ᠭᠦᠢᠴᠡᠳᠬᠡᠬᠦ︾ ᠬᠤᠯᠪᠣᠭᠳᠠᠯ ᠪᠦᠬᠦᠢ ᠱᠠᠭᠠᠷᠳᠠᠯᠭ᠎ᠠ ᠪᠠᠷ ᠭᠤᠶᠤᠴᠢᠯᠠᠯ ᠢ ᠬᠦᠢᠴᠡᠳᠬᠡᠬᠦ ᠬᠡᠷᠡᠭᠲᠡᠢ᠃ | ᠵᠡᠮᠳᠡᠭᠴᠦᠳ ᠤᠨ ᠬᠤᠶᠠᠷ ᠨᠥᠬᠦᠪᠦᠷᠢ ᠶᠢᠨ ᠬᠢᠷᠢ ᠬᠡᠮ ᠢ ᠪᠥᠬᠦ ᠤᠯᠤᠰ ᠤᠨ ᠵᠡᠮᠳᠡᠭᠴᠦᠳ ᠤᠨ ᠬᠤᠶᠠᠷ | ᠨᠥᠬᠦᠪᠦᠷᠢ ᠶᠢᠨ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠰᠢᠰᠲ᠋ᠧᠮ ᠢᠶᠠᠷ ᠲᠠᠮᠵᠢᠨ ᠲᠤᠬᠳᠠᠭᠠᠬᠤ ᠬᠡᠷᠡᠭᠳᠡᠢ᠃ 7 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠪᠡᠷ ᠢᠶᠠᠨ ᠰᠢᠰᠲ᠋ᠧᠮ ᠪᠠᠶᠢᠭᠤᠯᠤᠭᠰᠠᠨ ᠮᠤᠵᠢ ᠣᠷᠣᠨ ᠨᠤᠭᠤᠳ | ᠬᠡᠷᠡᠭᠴᠡᠭᠡ ᠪᠠᠨ ᠦᠨᠳᠦᠰᠦᠯᠡᠨ ᠰᠢᠰᠲ᠋ᠧᠮ ᠢᠶᠠᠨ ᠪᠥᠬᠦ ᠤᠯᠤᠰ ᠤᠨ ᠵᠡᠮᠳᠡᠭᠴᠦᠳ ᠤᠨ ᠬᠤᠶᠠᠷ ᠨᠥᠬᠦᠪᠦᠷᠢ ᠶᠢᠨ | ᠮᠡᠳᠡᠭᠡ ᠵᠠᠩᠭᠢ ᠶᠢᠨ ᠰᠢᠰᠲ᠋ᠧᠮ ᠤᠨ ︽ᠪᠥᠬᠦ ᠶᠠᠪᠤᠴᠠ ᠶᠢ ᠰᠦᠯᠵᠢᠶᠡᠨ ᠲᠡᠬᠡᠷ᠎ᠡ ᠬᠦᠢᠴᠡᠳᠬᠡᠬᠦ︾ ᠲᠤᠭ᠎ᠠ | ᠪᠠᠷᠢᠮᠲᠠ ᠲᠠᠢ ᠵᠤᠯᠭᠠᠭᠤᠯᠵᠤ ᠪᠣᠯᠣᠨ᠎ᠠ᠃ | ᠬᠤᠶᠠᠷ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠭᠤᠶᠤᠴᠢᠯᠠᠬᠤ ᠠᠷᠭ᠎ᠠ ᠵᠠᠮ ᠢ | ᠥᠷᠭᠡᠳᠬᠡᠨ ᠲᠡᠬᠦᠯᠳᠡᠷᠵᠢᠬᠦᠯᠪᠡ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ | ᠵᠡᠮᠳᠡᠭᠴᠦᠳ ᠤᠨ ᠬᠤᠯᠪᠣᠭ᠎ᠠ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠬᠠᠷᠢᠯᠴᠠᠨ | ᠤᠶᠠᠯᠳᠤᠭᠤᠯᠤᠭᠰᠠᠨ ᠨᠥᠬᠦᠪᠦᠷᠢ ᠭᠤᠶᠤᠴᠢᠯᠠᠬᠤ ᠬᠡᠯᠪᠡᠷᠢ ᠶᠢ ᠤᠯᠠᠮ ᠰᠠᠭᠠᠳ ᠦᠭᠡᠢ ᠨᠠᠪᠲᠠᠷᠡᠭᠦᠯᠵᠦ᠂ | ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠡᠮᠳᠡᠭᠴᠦᠳ ᠤᠨ ᠬᠤᠶᠠᠷ ᠨᠥᠬᠦᠪᠦᠷᠢ ᠶᠢ | ᠭᠤᠶᠤᠴᠢᠯᠠᠬᠤ ︽ᠪᠥᠬᠦ ᠶᠠᠪᠤᠴᠠ ᠶᠢ ᠰᠦᠯᠵᠢᠶᠡᠨ ᠲᠡᠬᠡᠷ᠎ᠡ ᠭᠦᠢᠴᠡᠳᠬᠡᠬᠦ︾ ᠶᠠᠪᠤᠴᠨ ᠶᠢ ᠲᠣᠰ ᠭᠠᠵᠠᠷ ᠣᠷᠣᠨ ᠤ | ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠸᠢᠴᠠᠲ᠂ APP᠂ ᠵᠠᠰᠠᠭ ᠤᠨ ᠣᠷᠳᠣᠨ ᠤ ᠰᠦᠯᠵᠢᠶ᠎ᠡ ᠲᠠᠢ ᠵᠠᠯᠭᠠᠵᠤ᠂ ︽ᠨᠢᠭᠡ ᠯᠡ | ᠲᠠᠩᠰᠠᠯᠠᠪᠠᠯ ᠣᠯᠠᠨ ᠴᠡᠭ ᠲᠤ ᠬᠠᠷᠢᠯᠴᠠᠨ ᠮᠡᠳᠡᠷᠡᠬᠦ᠂ ᠪᠥᠬᠦ ᠰᠦᠯᠵᠢᠶ᠎ᠡ ᠳᠤ ᠨᠡᠪᠲᠡᠷᠡᠬᠦ︾ ᠶᠢ ᠪᠡᠶᠡᠯᠡᠭᠦᠯᠬᠦ | ᠬᠡᠷᠡᠭᠲᠡᠢ᠃ ᠵᠡᠮᠳᠡᠭᠴᠦᠳ ᠤᠨ ᠮᠠᠠᠬᠪᠤᠳ ᠤᠨ ᠴᠢᠳᠠᠮᠵᠢ ᠶᠢᠨ ᠰᠠᠭᠠᠳ ᠠᠴᠠ ᠡᠭᠦᠰᠴᠦ ᠮᠡᠳᠡᠬᠦ ᠣᠨᠴᠣᠭᠤᠢ | ᠬᠡᠷᠡᠭᠴᠡᠭᠡ ᠳᠤ ᠴᠢᠭᠯᠡᠭᠦᠯᠦᠨ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠠᠯᠪᠠᠨ | ᠰᠦᠯᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠠᠭᠠᠳ ᠦᠭᠡᠢ ᠥᠭᠡᠷᠡᠴᠢᠯᠡᠯᠲᠡ ᠶᠢ | ᠢᠳᠡᠪᠬᠢᠲᠡᠢ ᠠᠬᠢᠭᠤᠯᠵᠤ᠂ ᠠᠷᠠᠳ ᠤᠨ ᠶᠠᠪᠤᠳᠠᠯ ᠤᠨ ᠲᠤᠰᠠᠯᠠᠭᠴᠢ᠂ ᠵᠡᠮᠳᠡᠭᠴᠦᠳ ᠤᠨ ᠬᠤᠯᠪᠣᠭ᠎ᠠ ︵ | ᠵᠡᠮᠳᠡᠭᠴᠦᠳ ᠤᠨ ᠨᠡᠶᠢᠭᠡᠮᠯᠢᠭ︶ ᠶᠢᠨ ᠲᠤᠰᠬᠠᠢ ᠲᠤᠰᠢᠶᠠᠯᠲᠤ ᠭᠡᠰᠢᠭᠦᠨ ᠨᠢ ᠵᠡᠮᠳᠡᠭᠴᠦᠳ ᠤᠨ ᠨᠥᠬᠦᠪᠦᠷᠢ | ᠭᠤᠶᠤᠴᠢᠠᠯᠬᠰᠠᠳ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠪᠠ ᠬᠠᠪᠰᠤᠷᠬᠤ ᠬᠡᠷᠡᠭᠲᠡᠢ᠃ | ᠭᠤᠷᠪᠠ᠂ ᠵᠡᠮᠳᠡᠭᠴᠦᠳ ᠢ ᠲᠤᠰᠠᠯᠠᠵᠤ ᠲᠡᠳᠬᠦᠬᠦ ᠠᠵᠢᠯ ᠤᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ | ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠵᠡᠮᠳᠡᠭᠴᠦᠳ ᠤᠨ ᠬᠤᠯᠪᠣᠭ᠎ᠠ ᠶᠢᠨ ᠬᠢᠨ | 2022 ᠣᠨ ᠤ 5 ᠳ᠋ᠤᠭᠠᠷ ᠰᠠᠷ᠎ᠠ ᠶᠢᠨ 15 ᠤ ᠡᠳᠤᠷ᠂ ᠦᠬᠡᠷ᠎ᠡ ᠪᠠᠷ ᠬᠡᠯᠡᠪᠡᠯ ᠭᠤᠴᠢᠨ ᠬᠤᠶᠠᠳᠤᠭᠠᠷ ︽ᠪᠥᠬᠦ | ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠢ ᠠᠰᠢᠭᠯᠠᠨ᠂ ᠵᠡᠮᠳᠡᠭᠴᠦᠳ ᠤᠨ ᠬᠤᠶᠠᠷ ᠨᠥᠬᠦᠪᠦᠷᠢ ᠶᠢᠨ ︽ | ᠪᠥᠬᠦ ᠶᠠᠪᠤᠴᠠ ᠶᠢ ᠰᠦᠯᠵᠢᠶᠡᠨ ᠲᠡᠬᠡᠷ᠎ᠡ ᠬᠦᠢᠴᠡᠳᠬᠡᠬᠦ︾ ᠠᠵᠢᠯ ᠤᠨ ᠦᠷ᠎ᠡ ᠪᠦᠲᠦᠮᠵᠢ᠂ ᠵᠡᠮᠳᠡᠭᠴᠦᠳ ᠢ | ᠲᠡᠳᠬᠦᠨ ᠲᠤᠰᠠᠯᠠᠭᠰᠠᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ᠂ | ᠵᠣᠯ ᠵᠢᠷᠭᠠᠯᠲᠤ ᠲᠥᠷᠥᠭᠳᠡᠯ᠂ ᠠᠮᠤᠷ ᠠᠮᠤᠭᠤᠯᠠᠩ ᠲᠥᠷᠥᠭᠳᠡᠯ ᠢ ᠨᠡᠮᠡᠭᠳᠡᠭᠦᠯᠦᠭᠰᠡᠨ ᠵᠢᠱᠢᠶ᠎ᠡ ᠶᠢ ᠴᠤᠭᠯᠠᠭᠤᠯᠬᠤ | ᠵᠡᠷᠭᠡ ᠵᠥᠪ ᠲᠠᠯ᠎ᠠ ᠶᠢᠨ ᠤᠬᠠᠭᠤᠯᠭ᠎ᠠ ᠶᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢᠨ ᠪᠣᠯᠣᠮᠵᠢᠲᠤ ᠴᠢᠨᠠᠷ᠂ ᠣᠯᠠᠨ ᠶᠠᠩᠵᠤᠲᠤ ᠴᠢᠨᠠᠷ ᠪᠠ ᠲᠥᠬᠦᠮ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ︽ᠪᠥᠬᠦ ᠶᠠᠪᠤᠴᠠ ᠶᠢ ᠰᠦᠯᠵᠢᠶᠡᠨ ᠲᠡᠬᠡᠷ᠎ᠡ | ᠬᠦᠢᠴᠡᠳᠬᠡᠬᠦ︾ ᠠᠵᠢᠯ ᠤᠨ ᠳᠤᠮᠳᠠ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠠᠷᠠᠳ ᠤᠨ | ᠶᠠᠪᠤᠳᠠᠯ ᠤᠨ ᠶᠠᠮᠤᠨ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠳᠤ ᠴᠠᠭ ᠲᠤᠬᠠᠢ ᠳᠤ ᠨᠢ ᠮᠡᠳᠡᠭᠦᠯᠬᠦ | ᠬᠡᠷᠡᠭᠲᠡᠢ᠃ | ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ | 2022 ᠣᠨ ᠤ 4 ᠰᠠᠷ᠎ᠠ ᠶᠢᠨ 26 | |