| | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠮᠢᠳᠤ ᠪᠣᠳᠠᠰ ᠤᠨ ᠠᠮᠤᠷ ᠲᠦᠪᠰᠢᠨ ᠤ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠪᠠ ᠠᠷᠢᠯᠭᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠢᠲᠠᠨ ᠤ ᠬᠢᠵᠢᠭ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ︾᠂ ︽ᠡᠪᠡᠳᠴᠢᠨ ᠡᠭᠦᠰᠬᠡᠭᠴᠢ ᠮᠢᠺᠷᠣᠪ ᠤᠨ | ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠳᠦᠷᠢᠮ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ | ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠤᠲᠤᠷᠠᠬᠢ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ᠂ | ᠳᠡᠭᠡᠳᠦ ᠵᠡᠷᠭᠡ ᠶᠢᠨ ᠡᠪᠡᠳᠴᠢᠨ ᠡᠭᠦᠰᠬᠡᠬᠦ ᠮᠢᠺᠷᠣᠪ ᠤᠨ ᠲᠤᠷᠰᠢᠯᠲᠠ ᠶᠢᠨ ᠲᠠᠰᠤᠭ᠂ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠪᠣᠭᠤᠮᠲᠠ ᠵᠡᠷᠭᠡ ᠰᠠᠯᠠᠭ᠎ᠠ ᠮᠥᠴᠢᠷ ᠵᠢᠴᠢ ᠮᠠᠯ ᠤᠨ | ᠡᠮ ᠦᠢᠯᠡᠳᠪᠦᠷᠢᠯᠡᠬᠦ ᠠᠵᠤ ᠠᠬᠤᠶᠢᠯᠠᠯ ᠤᠨ ᠲᠤᠷᠰᠢᠯᠲᠠ ᠶᠢᠨ ᠲᠠᠰᠤᠭ᠂ ᠭᠤᠷᠪᠠᠳᠠᠭᠢ ᠡᠲᠡᠭᠡᠳ ᠤᠨ ᠪᠠᠶᠢᠴᠠᠭᠠᠨ | ᠬᠡᠮᠵᠢᠬᠦ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ᠂ ᠵᠢᠴᠢ ᠲᠡᠵᠢᠭᠡᠨ ᠦᠷᠡᠵᠢᠭᠦᠯᠬᠦ | ᠲᠠᠯᠠᠪᠠᠢ᠂ ᠨᠢᠳᠤᠯᠤᠯᠳᠠ ᠶᠢᠨ ᠲᠠᠯᠠᠪᠠᠢ ᠪᠠ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ | ᠦᠭᠡᠶᠢᠵᠢᠬᠦᠯᠦᠨ ᠰᠢᠢᠳᠪᠦᠷᠢᠯᠡᠬᠦ ᠦᠢᠯᠡᠳᠪᠦᠷᠢ ᠵᠡᠷᠭᠡ ᠥᠪᠡᠰᠦᠪᠡᠨ ᠪᠠᠶᠢᠭᠤᠯᠤᠭᠰᠠᠨ ᠥᠪᠡᠰᠦᠪᠡᠨ ᠪᠠᠶᠢᠴᠠᠭᠠᠬᠤ | ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠵᠡᠷᠭᠡ ᠶᠢ ᠪᠠᠭᠲᠠᠭᠠᠨ᠎ᠠ᠃ | ᠭᠤᠷᠪᠠᠳᠠᠭᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠨᠢ ᠡᠷᠬᠡᠪᠰᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢᠨ ᠬᠠᠤᠯᠢ ᠶᠣᠰᠣᠴᠢ ᠴᠢᠨᠠᠷ ᠪᠦᠬᠦᠢ ᠬᠢᠷᠢ ᠬᠡᠮ ᠢ | ᠪᠦᠷᠢᠳᠦᠭᠦᠯᠵᠦ᠂ ᠬᠥᠳᠡᠯᠦᠩᠭᠦᠢ ᠪᠠᠷ ᠲᠣᠬᠢᠷᠠᠭᠤᠯᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ | ᠳᠦᠷᠢᠮ ᠢ ᠬᠡᠷᠡᠭᠵᠢᠭᠦᠯᠬᠦ ᠬᠡᠷᠡᠭᠲᠡᠢ᠃ | ᠭᠤᠷᠪᠠᠳᠤᠭᠠᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠳᠤ ︽ᠨᠢᠭᠡᠳᠦᠯᠲᠡᠢ ᠲᠥᠯᠥᠪᠵᠢᠭᠦᠯᠬᠦ᠂ ᠵᠦᠢ ᠵᠣᠬᠢᠰᠲᠠᠢ ᠪᠠᠶᠢᠷᠢᠯᠠᠭᠤᠯᠬᠤ᠂ ᠠᠮᠤᠷ ᠲᠦᠪᠰᠢᠨ ᠢ | ᠲᠡᠷᠢᠭᠦᠨ ᠪᠠᠶᠢᠷᠢ ᠳᠤ ᠲᠠᠯᠪᠢᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠷᠢᠶ᠎ᠠ ᠣᠷᠣᠨ ᠳᠤ ᠨᠢ | ᠬᠠᠮᠢᠶᠠᠷᠠᠭᠤᠯᠬᠤ᠂ ᠱᠠᠲᠤ ᠬᠤᠪᠢᠶᠠᠨ ᠬᠠᠷᠢᠭᠤᠴᠠᠬᠤ︾ ᠵᠠᠷᠴᠢᠮ ᠢ ᠪᠠᠷᠢᠮᠲᠠᠯᠠᠨ᠂ ᠠᠮᠢᠳᠤ ᠪᠣᠳᠠᠰ ᠤᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠳᠠᠯᠠᠨ᠎ᠠ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠪᠥᠬᠦ ᠣᠷᠣᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ | ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠷᠢ | ᠲᠡᠩᠴᠡᠭᠰᠡᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃ ᠬᠦᠴᠦᠨ ᠲᠠᠢ ᠬᠤᠭᠤᠴᠠᠭ᠎ᠠ | ᠳᠦᠭᠦᠷᠬᠦ ᠠᠴᠠ ᠡᠮᠦᠨ᠎ᠡ 6 ᠰᠠᠷ᠎ᠠ ᠶᠢᠨ ᠳᠣᠲᠣᠷ᠎ᠠ ᠤᠷᠲᠤᠳᠬᠠᠨ ᠬᠢᠨᠠᠨ ᠬᠡᠮᠵᠢᠭᠦᠯᠬᠦ ᠭᠤᠶᠤᠴᠢᠯᠠᠯ ᠭᠠᠷᠭᠠᠬᠤ | ᠬᠡᠷᠡᠭᠲᠡᠢ᠃ | ᠠᠶᠢᠮᠠᠭ ᠬᠤᠳᠠ᠂ ᠬᠤᠰᠢᠭᠤ ᠰᠢᠶᠠᠨ ᠤ ᠱᠠᠲᠤᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠲᠤ ᠡᠳᠦᠷ | ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠪᠠᠶᠢᠭᠤᠯᠤᠮᠵᠢ ᠠᠴᠠ ᠮᠡᠷᠭᠡᠵᠢᠯ ᠤᠨ ᠵᠢᠯᠣᠭᠤᠳᠤᠯᠭ᠎ᠠ᠂ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠢ ᠦᠨᠡᠯᠡᠨ ᠵᠢᠱᠢᠬᠦ᠂ ᠴᠢᠳᠠᠪᠤᠷᠢ ᠶᠢ ᠬᠠᠷᠢᠴᠠᠭᠤᠯᠬᠤ᠂ | ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠲᠠᠬᠢᠨ ᠬᠢᠨᠠᠬᠤ ᠵᠢᠴᠢ ᠠᠵᠢᠯᠯᠠᠭᠤᠯᠬᠤ ᠪᠣᠯᠪᠠᠰᠤᠷᠠᠭᠤᠯᠤᠯ ᠵᠡᠷᠭᠡ ᠶᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠂ ᠠᠶᠢᠮᠠᠭ ᠬᠤᠳᠠ᠂ ᠬᠤᠰᠢᠭᠤ ᠰᠢᠶᠠᠨ ᠤ ᠱᠠᠲᠤᠨ ᠤ | ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠨᠤᠭᠤᠳ ᠬᠠᠷᠢᠶ᠎ᠠ ᠣᠷᠣᠨ ᠤ ᠪᠠᠨ | ᠳᠣᠲᠣᠷᠠᠬᠢ ᠬᠠᠮᠢᠶ᠎ᠠ ᠪᠦᠬᠦᠢ ᠮᠠᠯ ᠡᠮᠨᠡᠯᠭᠡ ᠶᠢᠨ ᠲᠤᠷᠰᠢᠯᠲᠠ ᠶᠢᠨ ᠲᠡᠰᠤᠬ ᠲᠤ ᠮᠡᠷᠭᠡᠵᠢᠯ ᠤᠨ ᠵᠢᠯᠣᠭᠤᠳᠤᠯᠭ᠎ᠠ | ᠬᠢᠬᠦ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠪᠣᠯᠣᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ᠂ ᠶᠠᠩᠵᠤ | ᠦᠯᠡᠳᠡᠭᠡᠵᠦ ᠲᠠᠬᠢᠨ ᠬᠢᠨᠠᠬᠤ ᠵᠡᠷᠭᠡ ᠶᠢ ᠬᠠᠷᠢᠭᠤᠴᠠᠨ᠎ᠠ᠃ | ᠵᠢᠷᠭᠤᠳᠤᠭᠠᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠠᠷᠢᠭᠤᠴᠠᠯᠭᠠᠲᠠᠨ ᠪᠣᠯ | ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠮᠥᠨ᠃ | ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠠᠶᠢᠭᠤᠯᠬᠤ ᠨᠢᠭᠡᠴᠢ ᠠᠮᠢᠳᠤ ᠪᠣᠳᠠᠰ ᠤᠨ ᠠᠮᠤᠷ ᠲᠦᠪᠰᠢᠨ ᠪᠠ | ᠠᠮᠤᠷ ᠲᠦᠪᠰᠢᠨ ᠢ ᠬᠠᠮᠠᠭᠠᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠥᠪᠡᠷ ᠢ ᠪᠠᠨ ᠪᠠᠶᠢᠴᠠᠭᠠᠬᠤ | ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠮᠢᠳᠤ ᠪᠣᠳᠠᠰ ᠤᠨ ᠠᠮᠤᠷ ᠲᠦᠪᠰᠢᠨ ᠤ ᠲᠠᠯᠳᠠ | ᠭᠡᠮ ᠢ ᠴᠠᠭ ᠲᠤᠬᠠᠢ ᠳᠤ ᠨᠢ ᠢᠯᠡᠷᠡᠭᠦᠯᠬᠦ ᠶᠢᠨ ᠬᠠᠮᠲᠤ ᠠᠷᠢᠯᠭᠠᠵᠤ᠂ ᠭᠠᠯ ᠢ ᠰᠡᠷᠭᠡᠶᠢᠯᠡᠬᠦ᠂ ᠳᠡᠯᠪᠡᠷᠡᠬᠦ ᠶᠢ | ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ ᠪᠠ ᠭᠤᠭᠤᠵᠢᠬᠤ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠬᠡᠷᠡᠭᠲᠡᠢ᠃ ᠬᠠᠭᠠᠰ ᠵᠢᠯ ᠪᠦᠷᠢ ᠠᠵᠢᠯᠲᠠᠳ ᠲᠤ | ᠪᠣᠯᠪᠠᠰᠤᠷᠠᠭᠤᠯᠤᠯ ᠬᠢᠵᠦ᠂ ᠲᠡᠳᠡᠨ ᠤ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ᠂ ᠠᠵᠢᠯᠯᠠᠬᠤ ᠳᠦᠷᠢᠮ ᠪᠠ | ᠠᠮᠢᠳᠤ ᠪᠣᠳᠠᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠮᠡᠳᠡᠯᠭᠡ ᠶᠢ ᠡᠵᠡᠮᠰᠢᠬᠦ ᠶᠢ ᠪᠠᠲᠤᠯᠠᠬᠤ ᠬᠡᠷᠡᠭᠲᠡᠢ᠃ | ᠳᠣᠯᠣᠳᠤᠭᠠᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠪᠤᠰᠤᠳᠴᠢ ᠪᠥᠭᠡᠳ ᠪᠡᠶ᠎ᠡ ᠪᠠᠨ | ᠳᠠᠭᠠᠭᠠᠬᠤ᠂ ᠡᠷᠬᠡ ᠲᠡᠭᠰᠢ ᠲᠥᠪ ᠭᠤᠣᠯᠴᠢ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠃ | ᠪᠦᠷᠢᠨ ᠲᠡᠭᠦᠯᠳᠡᠷ ᠳᠦᠷᠢᠮ ᠲᠣᠭᠲᠠᠭᠠᠯ ᠪᠠ ᠪᠠᠶᠢᠴᠠᠭᠠᠨ ᠬᠡᠮᠵᠢᠬᠦ ᠶᠠᠪᠤᠴᠠ ᠶᠢ ᠲᠣᠭᠲᠠᠭᠠᠵᠤ᠂ ᠪᠠᠶᠢᠴᠠᠭᠠᠨ | ᠬᠡᠮᠵᠢᠭᠰᠡᠨ ᠦᠷ᠎ᠡ ᠳ᠋ᠦᠩ ᠤᠨ ᠦᠨᠡᠨ ᠪᠣᠳᠠᠲᠠᠢ᠂ ᠣᠨᠣᠪᠴᠢᠲᠠᠶ᠂ ᠪᠤᠰᠤᠳᠴᠢ᠂ ᠲᠥᠪ ᠭᠤᠥᠯᠴᠢ ᠪᠠᠶᠢᠬᠤ ᠶᠢ | ᠪᠠᠲᠤᠯᠠᠵᠤ᠂ ᠴᠠᠭ ᠬᠤᠭᠤᠴᠠᠭᠠᠲᠤ ᠴᠢᠨᠠᠷ ᠲᠠᠢ᠂ ᠵᠣᠬᠢᠰ ᠦᠭᠡᠢ ᠡᠯᠧᠮᠧᠨ᠋ᠲ ᠳᠤ ᠨᠥᠯᠥᠭᠡᠯᠡᠭᠳᠡᠬᠦ ᠦᠭᠡᠢ᠂ ᠬᠤᠳᠠᠯ | ᠬᠠᠭᠤᠷᠮᠠᠭ ᠪᠤᠶᠤ ᠲᠣᠭᠲᠠᠭᠠᠯ ᠳᠤ ᠨᠡᠶᠢᠴᠡᠬᠦ ᠦᠭᠡᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠭᠠᠷᠭᠠᠬᠤ ᠦᠭᠡᠢ | ᠪᠠᠶᠢᠬᠤ ᠬᠡᠷᠡᠭᠲᠡᠢ᠃ | ᠬᠤᠶᠠᠳᠤᠭᠠᠷ ᠪᠦᠯᠦᠭ ᠪᠦᠲᠦᠭᠡᠨ ᠪᠠᠶᠢᠭᠤᠯᠬᠤ ᠱᠠᠭᠠᠷᠳᠠᠯᠭ᠎ᠠ | ᠨᠠᠢᠮᠠᠳᠤᠭᠠᠷ ᠵᠦᠢᠯ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠥᠭᠵᠢᠯᠲᠡ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠣᠳᠣᠬᠢ ᠪᠠᠶᠢᠳᠠᠯ ᠲᠠᠢ ᠪᠠᠨ | ᠤᠶᠠᠯᠳᠤᠭᠤᠯᠤᠨ᠂ ᠨᠢᠭᠡᠳᠦᠯᠲᠡᠢ ᠲᠥᠯᠥᠪᠵᠢᠭᠦᠯᠦᠨ᠂ ᠵᠦᠢ ᠵᠣᠬᠢᠰᠲᠠᠢ ᠪᠠᠶᠢᠷᠢᠯᠠᠭᠤᠯᠵᠤ᠂ ᠮᠠᠯ ᠡᠮᠨᠡᠯᠭᠡ ᠶᠢᠨ | ᠲᠤᠷᠰᠢᠯᠲᠠ ᠶᠢᠨ ᠲᠠᠰᠤᠭ ᠢ ᠲᠥᠯᠥᠪᠯᠡᠭᠡ ᠲᠠᠢ᠂ ᠭᠤᠣᠯᠳᠠᠯᠭ᠎ᠠ ᠲᠠᠢ ᠪᠠᠷ ᠪᠦᠲᠦᠭᠡᠨ ᠪᠠᠶᠢᠭᠤᠯᠵᠤ᠂ ᠵᠣᠬᠢᠬᠤ | ᠬᠡᠮᠵᠢᠶᠡᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠪᠠᠲᠤᠯᠠᠵᠤ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ | ᠬᠡᠷᠡᠭᠵᠢᠭᠦᠯᠦᠨ᠎ᠡ᠃ | ᠶᠢᠰᠦᠳᠦᠭᠡᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠭᠠᠵᠠᠷ ᠰᠣᠩᠭᠤᠬᠤ᠂ ᠵᠢᠷᠤᠵᠤ | ᠲᠥᠯᠥᠪᠯᠡᠬᠦ ᠪᠠ ᠪᠠᠶᠢᠭᠤᠯᠬᠤ ᠵᠡᠷᠭᠡ ᠨᠢ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ | ᠪᠣᠳᠣᠯᠬᠢᠯᠠᠵᠤ᠂ ︽ᠠᠮᠢᠳᠤ ᠪᠣᠳᠠᠰ ᠤᠨ ᠠᠮᠤᠷ ᠲᠦᠪᠰᠢᠨ ᠤ ᠲᠤᠷᠰᠢᠯᠲᠠ ᠶᠢᠨ ᠲᠠᠰᠤᠭ ᠤᠨ ᠪᠠᠷᠢᠯᠭ᠎ᠠ ᠶᠢᠨ | ᠮᠡᠷᠭᠡᠵᠢᠯ ᠤᠨ ᠵᠢᠷᠤᠮᠵᠢᠯ︾᠂ ︽ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾᠂ ︽ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠤᠷᠰᠢᠯᠲᠠ ᠶᠢᠨ | ᠲᠠᠰᠤᠭ ᠤᠨ ᠵᠢᠷᠤᠭ ᠲᠥᠯᠥᠪᠯᠡᠭᠡ ᠬᠢᠭᠡᠳ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠱᠠᠭᠠᠷᠳᠠᠯᠭ᠎ᠠ︾ ᠶᠢᠨ | ᠲᠣᠭᠲᠠᠭᠠᠯ ᠲᠠᠢ ᠨᠡᠶᠢᠴᠡᠵᠦ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠲᠡᠰ ᠨᠢ ᠲᠡᠭᠦᠨ ᠤ | ᠬᠢᠵᠦ ᠪᠠᠶᠢᠭ᠎ᠠ ᠲᠤᠷᠰᠢᠯᠲᠠ ᠶᠢᠨ ᠠᠵᠢᠯᠯᠠᠭ᠎ᠠ ᠲᠠᠢ ᠪᠠᠨ ᠵᠣᠬᠢᠴᠠᠯᠳᠤᠭᠰᠠᠨ ᠪᠠᠶᠢᠬᠤ ᠬᠡᠷᠡᠭᠲᠡᠢ᠃ | ᠠᠷᠪᠠᠳᠤᠭᠠᠷ ᠵᠦᠢᠯ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ | ᠭᠤᠷᠪᠠᠳᠠᠭᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠪᠣᠭᠤᠮᠲᠠ ᠶᠢᠨ ᠰᠠᠯᠠᠭ᠎ᠠ ᠮᠥᠴᠢᠷ ᠵᠢᠴᠢ ᠮᠠᠯ ᠤᠨ ᠡᠮ ᠦᠢᠯᠡᠳᠪᠦᠷᠢᠯᠡᠬᠦ | ᠠᠵᠤ ᠠᠬᠤᠶᠢᠯᠠᠯ ᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠡᠷᠬᠡᠪᠰᠢ ᠠᠮᠢᠳᠤ ᠪᠣᠳᠠᠰ ᠤᠨ ᠠᠮᠤᠷ | ᠲᠦᠪᠰᠢᠨ ᠤ Ⅱ ᠳᠡᠰ ᠤᠨ ᠲᠤᠷᠰᠢᠯᠲᠠ ᠶᠢᠨ ᠲᠠᠰᠤᠭ ᠪᠠᠶᠢᠭᠤᠯᠬᠤ ᠱᠠᠭᠠᠷᠳᠠᠯᠭ᠎ᠠ ᠳᠤ ᠬᠦᠷᠴᠦ᠂ ᠠᠮᠢᠳᠤ | ᠪᠣᠳᠠᠰ ᠤᠨ ᠠᠮᠤᠷ ᠲᠦᠪᠰᠢᠨ ᠤ ᠵᠡᠷᠭᠡ ᠳᠡᠰ ᠲᠠᠢ ᠵᠣᠬᠢᠴᠠᠯᠳᠤᠭᠰᠠᠨ ᠪᠡᠯᠡᠳᠭᠡᠮᠵᠢ᠂ ᠲᠥᠬᠦᠭᠡᠷᠦᠮᠵᠢ ᠶᠢ | ᠲᠣᠬᠢᠷᠠᠭᠤᠯᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠳᠡᠭᠡᠳᠦ ᠲᠠᠰ ᠤᠨ ᠡᠪᠡᠳᠴᠢᠨ ᠡᠭᠦᠰᠬᠡᠬᠦ ᠮᠢᠺᠷᠣᠪ ᠤᠨ ᠲᠤᠷᠰᠢᠯᠲᠠ ᠶᠢᠨ | ᠲᠠᠰᠤᠭ ᠨᠢ ᠡᠷᠬᠡᠪᠰᠢ ᠠᠮᠢᠳᠤ ᠪᠣᠳᠠᠰ ᠤᠨ ᠠᠮᠤᠷ ᠲᠦᠪᠰᠢᠨ ᠤ Ⅲ ᠲᠠᠰ ᠤᠨ ᠲᠤᠷᠰᠢᠯᠲᠠ ᠶᠢᠨ ᠲᠠᠰᠤᠭ ᠤᠨ | ᠱᠠᠭᠠᠷᠳᠠᠯᠭ᠎ᠠ ᠳᠤ ᠬᠦᠷᠴᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠴᠣᠬᠤᠯᠠᠪᠤᠷᠢᠯᠠᠭᠰᠠᠨ ᠬᠡᠪᠴᠢᠶᠡᠨ ᠳᠤ | ᠲᠤᠬᠢᠷᠠᠬᠤ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠠᠮᠢᠲᠠᠨ ᠤ ᠡᠪᠡᠳᠴᠢᠨ ᠡᠭᠦᠰᠬᠡᠬᠦ ᠮᠢᠺᠷᠣᠪ ᠤᠨ | ᠲᠤᠷᠰᠢᠯᠲᠠ ᠶᠢᠨ ᠠᠵᠢᠯᠯᠠᠭ᠎ᠠ ᠶᠢ ᠦᠷᠨᠢᠭᠦᠯᠦᠨ᠎ᠡ᠂ ᠬᠡᠪᠴᠢᠶ᠎ᠡ ᠠᠴᠠ ᠬᠡᠲᠦᠷᠡᠭᠦᠯᠦᠨ ᠡᠪᠡᠳᠴᠢᠨ ᠤ ᠮᠠᠲ᠋ᠧᠷᠢᠶᠠᠯ | ᠴᠤᠭᠯᠠᠭᠤᠯᠬᠤ ᠪᠠ ᠬᠠᠮᠢᠶ᠎ᠠ ᠪᠦᠬᠦᠢ ᠰᠤᠳᠤᠯᠭᠠᠨ ᠬᠢᠬᠦ ᠶᠢ ᠴᠢᠩᠭ᠎ᠠ ᠴᠠᠭᠠᠵᠠᠯᠠᠨ᠎ᠠ᠃ | ᠠᠷᠪᠠᠨ ᠬᠤᠶᠠᠳᠤᠭᠠᠷ ᠵᠦᠢᠯ ᠲᠡᠵᠢᠭᠡᠨ ᠦᠷᠡᠵᠢᠭᠦᠯᠬᠦ ᠲᠠᠯᠠᠪᠠᠢ᠂ ᠨᠢᠲᠤᠯᠠᠯᠲᠠ ᠶᠢᠨ ᠲᠠᠯᠠᠪᠠᠢ᠂ ᠬᠤᠣᠷ | ᠦᠭᠡᠶᠢᠵᠢᠬᠦᠯᠦᠨ ᠰᠢᠢᠳᠪᠦᠷᠢᠯᠡᠬᠦ ᠦᠢᠯᠡᠳᠪᠦᠷᠢ ᠵᠡᠷᠭᠡ ᠥᠪᠡᠰᠦᠪᠡᠨ ᠪᠠᠶᠢᠭᠤᠯᠵᠤ ᠥᠪᠡᠰᠦᠪᠡᠨ ᠪᠠᠶᠢᠴᠠᠭᠠᠬᠤ ᠮᠠᠯ | ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠠᠮᠢᠳᠤ ᠪᠣᠳᠠᠰ ᠤᠨ ᠠᠮᠤᠷ ᠲᠦᠪᠰᠢᠨ ᠤ ᠱᠠᠭᠠᠷᠳᠠᠯᠭ᠎ᠠ᠂ ᠲᠤᠬᠠᠢ ᠶᠢᠨ | ᠭᠠᠵᠠᠷ ᠤᠨ ᠣᠷᠴᠢᠨ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠠᠵᠤ ᠠᠬᠤᠶᠢᠯᠠᠯ ᠤᠨ | ᠬᠡᠪᠴᠢᠶ᠎ᠡ ᠲᠠᠢ ᠵᠣᠬᠢᠴᠠᠭᠤᠯᠤᠨ᠂ ᠠᠵᠤ ᠠᠬᠤᠶᠢᠯᠠᠯ ᠤᠨ ᠬᠢᠨᠠᠨ ᠬᠡᠮᠵᠢᠬᠦ ᠬᠡᠷᠡᠭᠴᠡᠭᠡ ᠶᠢ ᠬᠠᠩᠭᠠᠪᠠᠯ ᠰᠠᠶ᠋ᠢ | ᠠᠮᠢᠲᠠᠨ ᠤ ᠬᠢᠵᠢᠭ ᠡᠪᠡᠳᠴᠢᠨ ᠢ ᠪᠠᠶᠢᠴᠠᠭᠠᠨ ᠬᠡᠮᠵᠢᠬᠦ ᠠᠵᠢᠯ ᠢ ᠬᠢᠵᠦ ᠪᠣᠯᠣᠨ᠎ᠠ᠃ | ᠭᠤᠷᠪᠠᠳᠤᠭᠠᠷ ᠪᠦᠯᠦᠭ ᠠᠵᠢᠯᠯᠠᠭᠠᠨ ᠤ ᠬᠠᠮᠢᠶᠠᠷᠤᠯᠲᠠ | ᠠᠷᠪᠠᠨ ᠭᠤᠷᠪᠠᠳᠤᠭᠠᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠬᠤᠯᠪᠣᠭᠳᠠᠯ ᠪᠦᠬᠦᠢ | ᠮᠡᠷᠭᠡᠵᠢᠯ ᠤᠨ ᠵᠢᠷᠤᠮᠵᠢᠯ ᠪᠠ ᠪᠠᠷᠢᠮᠵᠢᠶ᠎ᠠ ᠶᠢ ᠵᠢᠷᠤᠮᠯᠠᠵᠤ᠂ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠪᠠ ᠠᠮᠢᠳᠤ | ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠠᠵᠢᠯᠯᠠᠭᠤᠯᠵᠤ᠂ ᠡᠯ᠎ᠡ ᠵᠦᠢᠯ ᠤᠨ | ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠨ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠬᠢᠭᠡᠳ ᠠᠮᠤᠷ | ᠲᠦᠪᠰᠢᠨ ᠢᠶᠠᠷ ᠠᠵᠢᠯᠯᠠᠬᠤ ᠳᠦᠷᠢᠮ ᠢ ᠴᠢᠩᠭ᠎ᠠ ᠵᠢᠷᠤᠮᠯᠠᠬᠤ ᠬᠡᠷᠡᠭᠲᠡᠢ᠃ ᠠᠮᠢᠳᠤ ᠪᠣᠳᠠᠰ ᠤᠨ ᠠᠮᠤᠷ | ᠲᠦᠪᠰᠢᠨ ᠤ ᠵᠥᠪᠯᠡᠯ ᠢ ᠪᠠᠶᠢᠭᠤᠯᠵᠤ᠂ ᠪᠠᠶᠢᠴᠠᠭᠠᠨ ᠬᠡᠮᠵᠢᠬᠦ ᠠᠵᠢᠯ ᠤᠨ ᠴᠤᠪᠤᠷᠠᠯ ᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠪᠠ ᠰᠠᠨᠠᠭᠠᠨ ᠳᠤ ᠦᠭᠡᠢ ᠠᠳᠡᠯ ᠢ | ᠰᠢᠢᠳᠪᠦᠷᠢᠯᠡᠬᠦ ᠲᠠᠰ ᠳᠠᠷᠠᠭᠠᠯᠠᠯ ᠢ ᠲᠣᠭᠲᠠᠭᠠᠵᠤ᠂ ᠵᠢᠯ ᠪᠦᠷᠢ ᠨᠠᠭᠠᠲᠤ ᠵᠠᠬ᠎ᠠ ᠳᠤ ᠪᠠᠨ ᠪᠣᠶ ᠪᠦᠬᠦᠢ | ᠲᠤᠷᠰᠢᠯᠲᠠ ᠶᠢᠨ ᠲᠠᠰᠤᠭ ᠤᠨ ᠠᠵᠢᠯᠲᠠᠨ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠶᠢ ᠨᠢᠭᠡ ᠤᠳᠠᠭ᠎ᠠ ᠬᠢᠵᠦ᠂ ᠲᠤᠷᠰᠢᠯᠲᠠ ᠶᠢᠨ ᠲᠠᠰᠤᠭ ᠤᠨ ᠠᠳᠡᠯ ᠢ ᠮᠡᠳᠡᠭᠦᠯᠬᠦ ᠳᠦᠷᠢᠮ ᠢ ᠪᠠᠶᠢᠭᠤᠯᠤᠨ | ᠂ ᠲᠤᠷᠰᠢᠯᠲᠠ ᠶᠢᠨ ᠲᠠᠰᠤᠭ ᠲᠤ ᠰᠠᠨᠠᠭᠠᠨ ᠳᠤ ᠦᠭᠡᠢ ᠠᠳᠡᠯ ᠭᠠᠷᠪᠠᠯ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠂ | ᠶᠠᠮᠠᠷᠪᠠ ᠬᠥᠮᠥᠨ ᠮᠡᠳᠡᠭᠦᠯᠬᠦ ᠦᠭᠡᠢ ᠨᠢᠭᠤᠬᠤ ᠪᠤᠶᠤ ᠬᠤᠳᠠᠯ ᠢᠶᠠᠷ ᠮᠡᠳᠡᠭᠦᠯᠵᠦ ᠪᠣᠯᠬᠤ ᠦᠭᠡᠢ᠃ | ᠠᠷᠪᠠᠨ ᠲᠠᠪᠤᠳᠤᠭᠠᠷ ᠵᠦᠢᠯ ᠬᠢᠷᠢ ᠬᠡᠮ ᠲᠠᠢ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠲᠤ | ᠲᠤᠷᠰᠢᠯᠲᠠ ᠶᠢᠨ ᠠᠵᠢᠯᠯᠠᠭ᠎ᠠ ᠬᠢᠬᠦ ᠯᠦᠭᠡ ᠵᠣᠬᠢᠴᠠᠯᠳᠤᠭᠰᠠᠨ ᠠᠵᠢᠯᠲᠠᠨ ᠲᠣᠬᠢᠷᠠᠭᠤᠯᠬᠤ ᠬᠡᠷᠡᠭᠲᠡᠢ᠄ | ︵ᠨᠢᠭᠡ︶ ᠶᠠᠰᠤ ᠴᠢᠨᠠᠷ ᠤᠨ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂ ᠠᠮᠢᠳᠤ ᠪᠣᠳᠠᠰ ᠤᠨ | ᠠᠮᠤᠷ ᠲᠦᠪᠰᠢᠨ ᠤ ᠬᠠᠷᠢᠭᠤᠴᠠᠯᠭᠠᠲᠠᠨ ᠨᠢ ᠮᠠᠯ ᠡᠮᠨᠡᠯᠭᠡ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠬᠤᠢ | ᠪᠠᠶᠢᠳᠠᠯ ᠲᠠᠢ ᠪᠠᠶᠢᠵᠤ᠂ ᠲᠣᠰ ᠲᠤᠰᠬᠠᠢ ᠮᠡᠷᠭᠡᠵᠢᠯ ᠤᠨ ᠠᠵᠢᠯ ᠢ 5 ᠵᠢᠯ ᠠᠴᠠ ᠳᠡᠭᠡᠭᠰᠢ ᠬᠢᠭᠰᠡᠨ᠂ ᠳᠤᠮᠳᠠ | ᠵᠡᠷᠭᠡ ᠶᠢᠨ ᠪᠤᠶᠤ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠪᠠᠶᠢᠵᠤ᠂ ᠬᠠᠮᠢᠶ᠎ᠠ ᠪᠦᠬᠦᠢ ᠲᠤᠰᠬᠠᠢ | ᠮᠡᠷᠭᠡᠵᠢᠯ ᠤᠨ ᠮᠡᠳᠡᠯᠭᠡ ᠲᠠᠢ ᠪᠥᠭᠡᠳ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠢ ᠰᠠᠶᠢᠨ ᠮᠡᠳᠡᠬᠦ ᠬᠡᠷᠡᠭᠲᠡᠢ᠃ | ︵ᠬᠤᠶᠠᠷ︶ ᠲᠤᠷᠰᠢᠯᠲᠠ ᠶᠢᠨ ᠲᠠᠰᠤᠭ ᠤᠨ ᠬᠠᠷᠢᠭᠤᠴᠠᠯᠭᠠᠲᠠᠨ ᠨᠢ ᠮᠠᠯ ᠡᠮᠨᠡᠯᠭᠡ ᠶᠢᠨ ᠬᠠᠮᠢᠶ᠎ᠠ ᠪᠦᠬᠦᠢ | ᠲᠤᠰᠬᠠᠢ ᠮᠡᠷᠭᠡᠵᠢᠯ ᠤᠨ ᠠᠬᠤᠢ ᠪᠠᠶᠢᠳᠠᠯ ᠲᠠᠢ᠂ ᠲᠣᠰ ᠲᠤᠰᠬᠠᠢ ᠮᠡᠷᠭᠡᠵᠢᠯ ᠤᠨ ᠠᠵᠢᠯ ᠢ 3 ᠵᠢᠯ ᠠᠴᠠ ᠳᠡᠭᠡᠭᠰᠢ | ᠬᠢᠭᠰᠡᠨ᠂ ᠳᠤᠮᠳᠠ ᠵᠡᠷᠭᠡ ᠶᠢᠨ ᠪᠤᠶᠤ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠂ ᠬᠠᠮᠢᠶ᠎ᠠ ᠪᠦᠬᠦᠢ | ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠶᠢᠬᠤ ᠬᠡᠷᠡᠭᠲᠡᠢ᠃ | ︵ᠭᠤᠷᠪᠠ︶ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠠᠵᠢᠯᠲᠠᠨ ᠨᠢ ᠮᠠᠯ | ᠡᠮᠨᠡᠯᠭᠡ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠬᠤᠢ ᠪᠠᠶᠢᠳᠠᠯ ᠲᠠᠢ᠂ ᠲᠣᠰ ᠲᠤᠰᠬᠠᠢ ᠮᠡᠷᠭᠡᠵᠢᠯ ᠤᠨ | ᠠᠵᠢᠯ ᠢ 2 ᠵᠢᠯ ᠠᠴᠠ ᠳᠡᠭᠡᠭᠰᠢ ᠬᠢᠭᠰᠡᠨ᠂ ᠳᠤᠮᠳᠠ ᠵᠡᠷᠭᠡ ᠶᠢᠨ ᠪᠤᠶᠤ ᠲᠡᠭᠦᠨ ᠠᠴᠠ ᠳᠡᠭᠡᠭᠰᠢᠬᠢ ᠮᠡᠷᠭᠡᠵᠢᠯ ᠤᠨ | ᠴᠣᠯᠠ ᠲᠠᠢ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠶᠢᠬᠤ ᠬᠡᠷᠡᠭᠲᠡᠢ᠃ | ︵ᠳᠥᠷᠪᠡ︶ ᠪᠠᠶᠢᠴᠠᠭᠠᠨ ᠬᠡᠮᠵᠢᠬᠦ ᠠᠵᠢᠯᠲᠠᠨ ᠨᠢ ᠮᠠᠯ ᠤᠨ ᠡᠮᠴᠢ ᠪᠤᠶᠤ ᠬᠠᠮᠢᠶ᠎ᠠ ᠪᠦᠬᠦᠢ ᠲᠤᠰᠬᠠᠢ | ᠮᠡᠷᠭᠡᠵᠢᠯ ᠤᠨ ᠠᠬᠤᠢ ᠪᠠᠶᠢᠳᠠᠯ ᠲᠠᠢ ᠪᠠᠶᠢᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ | ᠬᠠᠤᠯᠢ ᠲᠣᠭᠲᠠᠭᠠᠯ ᠪᠠ ᠮᠡᠷᠭᠡᠵᠢᠯ ᠤᠨ ᠵᠢᠷᠤᠮᠵᠢᠯ ᠢ ᠰᠠᠶᠢᠨ ᠮᠡᠳᠡᠵᠦ᠂ ᠲᠤᠷᠰᠢᠯᠲᠠ ᠶᠢᠨ ᠲᠠᠰᠤᠭ ᠤᠨ ᠡᠯ᠎ᠡ | ᠵᠦᠢᠯ ᠤᠨ ᠲᠤᠷᠰᠢᠯᠲᠠ ᠶᠢᠨ ᠠᠵᠢᠯᠯᠠᠬᠤ ᠮᠡᠷᠭᠡᠵᠢᠯ ᠢ ᠡᠵᠡᠮᠰᠢᠵᠦ᠂ ᠬᠡᠮᠵᠢᠭᠦᠷᠯᠢᠭ ᠲᠥᠬᠦᠭᠡᠷᠦᠮᠵᠢ ᠶᠢ | ᠪᠣᠯᠪᠠᠰᠤᠷᠠᠩᠭᠤᠢ ᠬᠡᠷᠡᠭᠯᠡᠵᠦ᠂ ᠪᠣᠯᠪᠠᠰᠤᠷᠠᠭᠤᠯᠤᠯ ᠬᠢᠨᠠᠨ ᠰᠢᠯᠭᠠᠯᠲᠠ ᠪᠠᠷ ᠳᠡᠮᠵᠢᠨ ᠬᠢᠷᠢ ᠲᠡᠩᠴᠡᠭᠡᠳ ᠠᠵᠢᠯ ᠤᠨ | ᠪᠠᠶᠢᠷᠢ ᠳᠤ ᠭᠠᠷᠬᠤ ᠦᠨᠡᠮᠯᠡᠯ ᠣᠯᠣᠭᠰᠠᠨ ᠪᠠᠶᠢᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠦᠯᠢᠭᠡᠷ ᠡᠳ᠋ ᠢ ᠴᠤᠭᠯᠠᠭᠤᠯᠬᠤ᠂ ᠵᠦᠭᠡᠭᠡᠪᠦᠷᠢᠯᠡᠬᠦ ᠳᠤ ︽ | ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠠᠮᠢᠲᠠᠨ ᠤ ᠡᠪᠡᠳᠴᠢᠨ ᠡᠭᠦᠰᠬᠡᠬᠦ ᠮᠢᠺᠷᠣᠪ ᠪᠠᠺᠲ᠋ᠧᠷᠢ ︵ᠬᠤᠣᠷ︶ ᠶᠢᠨ | ᠲᠦᠷᠦᠯ ᠵᠦᠢᠯ ᠪᠤᠶᠤ ᠦᠯᠢᠭᠡᠷ ᠡᠳ᠋ ᠢ ᠵᠦᠭᠡᠭᠡᠪᠦᠷᠢᠯᠡᠵᠦ ᠪᠣᠭᠤᠳᠠᠯᠯᠠᠬᠤ ᠵᠢᠷᠤᠮᠵᠢᠯ︾ ᠤᠨ ᠱᠠᠭᠠᠷᠳᠠᠯᠭ᠎ᠠ | ᠶᠣᠰᠣᠭᠠᠷ ᠬᠡᠷᠡᠭᠵᠢᠭᠦᠯᠦᠨ᠎ᠡ᠃ | ᠥᠯᠢᠭᠡᠷ ᠡᠳ᠋ ᠢ ᠬᠠᠳᠠᠭᠠᠯᠠᠬᠤ᠂ ᠬᠡᠷᠡᠭᠯᠡᠬᠦ ᠬᠠᠮᠢᠶᠠᠷᠤᠯᠲᠠ ᠳᠤ ᠤᠯᠤᠰ ᠤᠨ ᠠᠮᠢᠳᠤ ᠪᠣᠳᠠᠰ ᠤᠨ ᠠᠮᠤᠷ | ᠲᠦᠪᠰᠢᠨ ᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠴᠤᠭᠯᠠᠭᠤᠯᠬᠤ᠂ ᠪᠣᠭᠤᠳᠠᠯᠯᠠᠬᠤ᠂ | ᠵᠦᠭᠡᠭᠡᠪᠦᠷᠢᠯᠡᠬᠦ᠂ ᠭᠥᠯᠢᠶᠡᠨ ᠠᠪᠬᠤ᠂ ᠦᠶᠯᠡᠳᠬᠦ᠂ ᠬᠠᠳᠠᠭᠠᠯᠠᠬᠤ ᠵᠡᠷᠭᠡ ᠠᠵᠢᠯᠯᠠᠭᠠᠨ ᠤ ᠳᠦᠷᠢᠮ ᠢ ᠲᠣᠭᠲᠠᠭᠠᠵᠤ | ᠂ ᠰᠢᠯᠭᠠᠨ ᠪᠠᠶᠢᠴᠠᠭᠠᠭᠰᠠᠨ ᠤ ᠳᠠᠷᠠᠭᠠᠬᠢ ᠥᠯᠢᠭᠡᠷ ᠡᠳ᠋᠂ ᠨᠢᠭᠡᠨᠲᠡ ᠲᠠᠷᠬᠠᠭᠠᠭᠰᠠᠨ ᠮᠡᠳᠡᠭᠦᠯᠦᠯᠲᠡ ᠶᠢᠨ ᠥᠯᠢᠭᠡᠷ | ᠡᠳ᠋ ᠤᠨ ᠦᠯᠡᠳᠡᠭᠡᠬᠦ ᠴᠠᠭ ᠤᠨ ᠬᠢᠵᠠᠭᠠᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ | ᠬᠡᠷᠡᠭᠲᠡᠢ᠃ ᠥᠯᠢᠭᠡᠷ ᠠᠪᠬᠤ ᠮᠡᠳᠡᠭᠡ ᠵᠠᠩᠭᠢ ᠶᠢ ᠦᠨᠡᠨ ᠪᠣᠳᠠᠲᠠᠢ ᠪᠠᠷ ᠲᠠᠭᠯᠠᠵᠤ᠂ ᠪᠠᠶᠢᠴᠠᠭᠠᠨ ᠬᠡᠮᠵᠢᠭᠰᠡᠨ | ᠶᠠᠪᠤᠴᠠ ᠪᠠ ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠨᠡᠬᠡᠮᠵᠢᠯᠡᠵᠦ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | | ᠠᠷᠪᠠᠨ ᠳᠣᠯᠣᠳᠤᠭᠠᠷ ᠵᠦᠢᠯ ᠠᠵᠢᠯᠠᠯᠵᠤ ᠪᠠᠶᠢᠭ᠎ᠠ ᠡᠪᠡᠳᠴᠢᠨ ᠡᠭᠦᠰᠬᠡᠬᠦ ᠮᠢᠺᠷᠣᠪ ᠤᠨ ᠲᠦᠷᠦᠯ ᠵᠦᠢᠯ᠂ | ᠪᠣᠬᠢᠷᠲᠤᠭᠳᠠᠬᠤ ᠡᠲᠡᠭᠡᠳ ᠪᠠ ᠪᠣᠬᠢᠷᠲᠤᠭᠳᠠᠭᠰᠠᠨ ᠬᠡᠮᠵᠢᠶ᠎ᠡ ᠵᠡᠷᠭᠡ ᠶᠢ ᠦᠨᠳᠦᠰᠦᠯᠡᠨ ᠲᠣᠬᠢᠷᠠᠮᠵᠢᠲᠠᠢ | ᠠᠷᠢᠭᠤᠳᠬᠠᠬᠤ ᠪᠠ ᠪᠠᠺᠲ᠋ᠧᠷᠢ ᠤᠰᠠᠳᠬᠠᠬᠤ ᠠᠷᠭ᠎ᠠ ᠶᠢ ᠰᠣᠩᠭᠤᠵᠤ᠂ ᠠᠷᠢᠭᠤᠳᠬᠠᠬᠤ ᠦᠷ᠎ᠡ ᠪᠦᠲᠦᠮᠵᠢ ᠶᠢ | ᠪᠠᠲᠤᠯᠠᠬᠤ ᠬᠡᠷᠡᠭᠲᠡᠢ᠃ ᠲᠤᠷᠰᠢᠯᠲᠠ ᠶᠢᠨ ᠲᠠᠰᠤᠭ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠳᠤ ᠪᠠᠨ | ᠤᠯᠤᠰ ᠤᠨ ᠪᠤᠶᠤ ᠣᠷᠣᠨ ᠨᠤᠲᠤᠭ ᠤᠨ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠦᠯᠵᠦ | ᠂ ᠲᠤᠰᠬᠠᠢ ᠬᠥᠮᠥᠨ ᠢᠶᠠᠷ ᠬᠠᠷᠢᠭᠤᠴᠠᠭᠤᠯᠤᠨ᠂ ᠪᠢᠴᠢᠭ ᠤᠨ ᠲᠡᠮᠳᠡᠭᠯᠡᠯ ᠲᠠᠢ ᠪᠠᠶᠢᠯᠭᠠᠵᠤ᠂ ᠨᠢᠭᠡᠳᠦᠯᠲᠡᠢ ᠲᠠᠩᠰᠠ | ᠡᠪᠬᠡᠮᠡᠯ ᠳᠤ ᠣᠷᠣᠭᠤᠯᠵᠤ᠂ ᠨᠡᠬᠡᠮᠵᠢᠯᠡᠵᠦ ᠪᠣᠯᠬᠤ ᠶᠢ ᠪᠡᠶᠡᠯᠡᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢ ᠲᠠᠷᠬᠠᠭᠠᠬᠤ ᠳᠦᠷᠢᠮ ᠢ | ᠪᠠᠶᠢᠭᠤᠯᠵᠤ᠂ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢᠨ ᠣᠨᠣᠪᠴᠢᠲᠠᠶ᠂ ᠲᠤᠳᠤ᠂ ᠲᠣᠳᠣᠷᠬᠠᠢ᠂ ᠪᠤᠰᠤᠳᠴᠢ | ᠪᠠᠶᠢᠬᠤ ᠶᠢ ᠪᠠᠲᠤᠯᠠᠵᠤ᠂ ᠭᠠᠷᠭᠠᠭᠰᠠᠨ ᠮᠡᠳᠡᠭᠦᠯᠦᠯᠲᠡ ᠨᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠷᠭ᠎ᠠ ᠶᠢᠨ | ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠶᠢᠨ ᠬᠠᠮᠲᠤ ᠮᠡᠳᠡᠭᠦᠯᠦᠯᠲᠡ ᠶᠢ ᠡᠭᠡᠭᠦᠯᠦᠨ ᠬᠤᠷᠢᠶᠠᠬᠤ | ᠬᠠᠮᠢᠶᠠᠷᠤᠯᠲᠠ ᠶᠢᠨ ᠵᠢᠷᠤᠮ ᠢ ᠲᠣᠭᠲᠠᠭᠠᠨ᠎ᠠ᠃ | ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠤᠯᠤᠰ ᠤᠨ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ | ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠤᠨ ︽ᠠᠮᠢᠳᠠᠨ ᠤ ᠬᠢᠵᠢᠭ ᠡᠪᠡᠳᠴᠢᠨ ᠢ ᠪᠠᠶᠢᠴᠠᠭᠠᠨ ᠬᠡᠮᠵᠢᠬᠦ | ᠬᠢᠭᠡᠳ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ︾ ᠶᠢᠨ ᠰᠢᠰᠲ᠋ᠧᠮ ᠢᠶᠠᠷ ᠳᠠᠮᠵᠢᠭᠤᠯᠤᠨ | ᠥᠪᠡᠷᠲᠡᠭᠡᠨ ᠵᠠᠰᠠᠬᠤ ᠣᠷᠣᠨ ᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ | ᠮᠡᠳᠡᠭᠦᠯᠦᠨ ᠬᠦᠷᠭᠡᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ | ᠲᠠᠩᠰᠠ ᠡᠪᠬᠡᠮᠡᠯ ᠳᠤ ᠠᠩᠬᠠᠨ ᠤ ᠲᠡᠮᠳᠡᠭᠯᠡᠯ᠂ ᠪᠠᠶᠢᠴᠠᠭᠠᠨ ᠬᠡᠮᠵᠢᠭᠰᠡᠨ ᠮᠡᠳᠡᠭᠦᠯᠦᠯᠲᠡ᠂ ᠬᠡᠮᠵᠢᠭᠦᠷᠯᠢᠭ | ᠲᠥᠬᠦᠭᠡᠷᠦᠮᠵᠢ᠂ ᠠᠵᠢᠯᠲᠠᠨ᠂ ᠪᠠᠷᠢᠮᠵᠢᠶᠠᠲᠤ ᠪᠣᠳᠠᠰ ᠬᠢᠭᠡᠳ ᠤᠷᠪᠠᠯᠵᠢ᠂ ᠠᠵᠢᠯ ᠤᠨ ᠲᠥᠯᠥᠪᠯᠡᠭᠡ ᠵᠢᠴᠢ | ᠳ᠋ᠦᠩᠨᠡᠯᠲᠡ ᠵᠡᠷᠭᠡ ᠶᠢ ᠪᠠᠭᠲᠠᠭᠠᠵᠤ᠂ ᠪᠣᠶ ᠪᠦᠬᠦᠢ ᠲᠠᠩᠰᠠ ᠡᠪᠬᠡᠮᠡᠯ ᠢ ᠲᠥᠷᠥᠯ ᠬᠤᠪᠢᠶᠠᠨ ᠬᠠᠮᠢᠶᠠᠷᠴᠤ᠂ | ᠪᠠᠶᠢᠭᠤᠯᠤᠭᠰᠠᠨ ᠲᠠᠩᠰᠠ ᠡᠪᠬᠡᠮᠡᠯ ᠢ ᠵᠢᠷᠤᠮᠵᠢᠭᠤᠨ᠂ ᠪᠦᠷᠢᠨ ᠭᠦᠢᠴᠡᠳ᠂ ᠲᠤᠰᠬᠠᠢ ᠬᠥᠮᠥᠨ ᠢᠶᠠᠷ | ᠬᠠᠮᠢᠶᠠᠷᠤᠭᠤᠯᠬᠤ ᠬᠡᠷᠡᠭᠲᠡᠢ᠃ ᠲᠤᠷᠰᠢᠯᠲᠠ ᠶᠢᠨ ᠲᠠᠰᠤᠭ ᠤᠨ ᠲᠠᠩᠰᠠ ᠡᠪᠬᠡᠮᠡᠯ ᠢ ᠬᠠᠳᠠᠭᠠᠯᠠᠬᠤ ᠥᠷᠲᠡᠭ ᠢ | ᠦᠨᠳᠦᠰᠦᠯᠡᠨ ᠬᠠᠳᠠᠭᠠᠯᠠᠬᠤ ᠬᠤᠭᠤᠴᠠᠭ᠎ᠠ ᠶᠢ ᠲᠣᠭᠲᠠᠭᠠᠨ᠎ᠠ᠂ ᠬᠠᠮᠤᠭ ᠪᠠᠭ᠎ᠠ ᠳᠤ ᠪᠠᠨ 5 ᠵᠢᠯ ᠪᠣᠯᠣᠨ᠎ᠠ᠃ | ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠠᠮᠢᠲᠠᠨ ᠤ ᠡᠪᠡᠳᠴᠢᠨ ᠡᠭᠦᠰᠬᠡᠬᠦ ᠮᠢᠺᠷᠣᠪ ᠤᠨ ᠬᠠᠮᠢᠶ᠎ᠠ ᠪᠦᠬᠦᠢ | ᠠᠵᠢᠯᠯᠠᠭ᠎ᠠ ᠶᠢᠨ ᠲᠠᠩᠰᠠ ᠡᠪᠬᠡᠮᠡᠯ ᠢ ᠥᠨᠢᠳᠡ ᠬᠠᠳᠠᠭᠠᠯᠠᠨ᠎ᠠ᠃ | ᠬᠤᠷᠢᠳᠤᠭᠠᠷ ᠵᠦᠢᠯ ᠲᠤᠷᠰᠢᠯᠲᠠ ᠶᠢᠨ ᠲᠠᠰᠤᠭ ᠤᠨ ᠠᠵᠢᠯᠯᠠᠭ᠎ᠠ ᠶᠢᠨ ᠳᠣᠲᠣᠭᠠᠳᠤ ᠭᠠᠳᠠᠭᠠᠳᠤ | ᠬᠠᠮᠢᠶᠠᠷᠤᠯᠲᠠ ᠶᠢ ᠴᠢᠩᠭᠠᠳᠬᠠᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠷᠰᠢᠯᠲᠠ ᠶᠢᠨ ᠲᠠᠰᠤᠭ ᠤᠨ | ᠳᠣᠲᠣᠭᠠᠳᠤ ᠶᠠᠰᠤ ᠴᠢᠨᠠᠷ ᠤᠨ ᠡᠵᠡᠮᠳᠡᠯ ᠢ ᠥᠷᠨᠢᠭᠦᠯᠵᠦ᠂ ᠠᠶᠢᠮᠠᠭ ᠬᠤᠳᠠ ᠶᠢᠨ ᠱᠠᠲᠤ ᠵᠢᠴᠢ ᠲᠡᠭᠦᠨ ᠠᠴᠠ | ᠳᠡᠭᠡᠭᠰᠢᠬᠢ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠤᠶᠤ ᠬᠢᠷᠢ ᠴᠢᠳᠠᠮᠵᠢ ᠲᠠᠢ ᠪᠠᠶᠢᠴᠠᠭᠠᠨ ᠰᠢᠯᠭᠠᠵᠤ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠭᠠᠳᠠᠭᠠᠳᠤ ᠶᠠᠰᠤ ᠴᠢᠨᠠᠷ ᠤᠨ ᠡᠵᠡᠮᠳᠡᠯ ᠳᠤ | ᠣᠷᠣᠯᠴᠠᠵᠤ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠤᠨ ᠣᠨᠣᠪᠴᠢᠲᠠᠶ ᠪᠠᠶᠢᠬᠤ ᠪᠠ ᠨᠠᠶᠢᠳᠠᠪᠤᠷᠢᠲᠠᠢ ᠪᠠᠶᠢᠬᠤ ᠶᠢ | ᠪᠠᠲᠤᠯᠠᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠲᠤᠷᠰᠢᠯᠲᠠ ᠶᠢᠨ ᠠᠵᠢᠯᠯᠠᠭ᠎ᠠ ᠬᠢᠵᠦ ᠪᠠᠶᠢᠭ᠎ᠠ ᠪᠠᠺᠲ᠋ᠧᠷᠢ ︵ᠬᠤᠣᠷ︶ ᠶᠢᠨ | ᠦᠷ᠎ᠡ ᠪᠠ ᠦᠯᠢᠭᠡᠷ ᠢ ᠬᠠᠳᠠᠭᠠᠯᠠᠬᠤ ᠬᠠᠮᠢᠶᠠᠷᠤᠯᠲᠠ ᠶᠢ ︽ᠡᠪᠡᠳᠴᠢᠨ ᠡᠭᠦᠰᠬᠡᠭᠴᠢ ᠮᠢᠺᠷᠣᠪ ᠤᠨ ᠲᠤᠷᠰᠢᠯᠲᠠ ᠶᠢᠨ | ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾᠂ ︽ᠠᠮᠢᠲᠠᠨ ᠤ | ᠡᠪᠡᠳᠴᠢᠨ ᠡᠭᠦᠰᠬᠡᠭᠴᠢ ᠮᠢᠺᠷᠣᠪ ᠪᠠᠺᠲ᠋ᠧᠷᠢ ︵ᠬᠤᠣᠷ︶ ᠶᠢᠨ ᠦᠷ᠎ᠡ ᠶᠢ ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ | ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠶᠤᠯ ᠦᠭᠡᠢ | ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠤᠨ | ᠬᠠᠳᠠᠭᠠᠯᠠᠯᠳᠠ ᠬᠠᠮᠢᠶᠠᠷᠤᠯᠳᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ | ᠲᠥᠬᠦᠭᠡᠷᠦᠮᠵᠢ ᠪᠠ ᠵᠣᠬᠢᠬᠤ ᠲᠤᠭ᠎ᠠ ᠬᠡᠮᠵᠢᠶᠡᠨ ᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠵᠤ᠂ | ᠪᠠᠴᠢᠮ ᠪᠠᠶᠢᠳᠠᠯ ᠢ ᠠᠷᠭᠠᠴᠠᠭᠠᠬᠤ ᠭᠠᠷᠬᠤ ᠡᠭᠦᠳᠡ ᠪᠠ ᠭᠠᠯ ᠰᠡᠷᠭᠡᠶᠢᠯᠡᠨ ᠤᠨᠳᠠᠷᠠᠭᠠᠬᠤ ᠵᠠᠮ ᠤᠨ ᠰᠠᠭᠠᠳ ᠦᠭᠡᠢ | ᠨᠡᠪᠲᠡᠷᠡᠬᠦ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠠ ᠭᠠᠯ ᠤᠨᠲᠠᠷᠠᠭᠠᠬᠤ ᠮᠡᠳᠡᠯᠭᠡ ᠶᠢᠨ | ᠪᠣᠯᠪᠠᠰᠤᠷᠠᠭᠤᠯᠤᠯ ᠪᠠ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠲᠦᠭᠰᠢᠭᠦᠷᠢ ᠶᠢᠨ ᠲᠠᠯᠳᠠ ᠭᠡᠮ ᠢ ᠴᠠᠭ | ᠲᠤᠬᠠᠢ ᠳᠤ ᠨᠢ ᠢᠯᠡᠷᠡᠭᠦᠯᠦᠨ ᠠᠷᠢᠯᠭᠠᠬᠤ ᠬᠡᠷᠡᠭᠲᠡᠢ᠃ ᠬᠤᠣᠷᠲᠠᠢ ᠬᠥᠨᠥᠭᠡᠯ ᠲᠠᠢ ᠬᠢᠮᠢ ᠶᠢᠨ ᠪᠤᠳᠠᠰ ᠢ | ᠬᠠᠮᠢᠶᠠᠷᠬᠤ ᠳᠤ ᠪᠠᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠦᠯᠬᠦ | ᠬᠡᠷᠡᠭᠲᠡᠢ ᠪᠥᠭᠡᠳ ᠬᠠᠷᠠᠭᠠᠯᠵᠠᠬᠰᠠᠨ ᠬᠠᠳᠠᠭᠠᠯᠠᠨ ᠬᠠᠮᠢᠶᠠᠷᠬᠤ ᠳᠦᠷᠢᠮ ᠢ ᠲᠣᠭᠲᠠᠭᠠᠵᠤ᠂ ᠬᠤᠶᠠᠷ ᠬᠥᠮᠥᠨ ᠬᠤᠶᠠᠷ | ᠣᠨᠢᠰᠤ ᠪᠠᠷ ᠬᠠᠳᠠᠭᠠᠯᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃ | ᠳᠥᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ | ᠬᠤᠷᠢᠨ ᠭᠤᠷᠪᠠᠳᠤᠭᠠᠷ ᠵᠦᠢᠯ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠮᠠᠯ | ᠡᠮᠨᠡᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠯᠳᠠ | ᠪᠠᠶᠢᠴᠠᠭᠠᠯᠳᠠ ᠥᠷᠨᠢᠭᠦᠯᠵᠦ᠂ ᠬᠠᠷᠢᠶᠠᠲᠤ ᠣᠷᠣᠨ ᠳᠠᠬᠢ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ | ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠢᠴᠢ ᠬᠠᠤᠯᠢ ᠲᠣᠭᠲᠠᠭᠠᠯ ᠶᠣᠰᠣᠭᠠᠷ | ᠲᠤᠷᠰᠢᠯᠲᠠ ᠶᠢᠨ ᠠᠵᠢᠯᠯᠠᠭ᠎ᠠ ᠥᠷᠨᠢᠭᠦᠯᠦᠭᠰᠡᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠲᠣᠭᠲᠠᠭᠠᠯ | ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤ ᠨᠢ ᠵᠠᠯᠠᠷᠠᠭᠤᠯᠵᠤ᠂ ᠶᠠᠰᠤ ᠴᠢᠨᠠᠷ ᠤᠨ ᠠᠰᠠᠭᠤᠳᠠᠯ | ᠪᠤᠶᠤ ᠠᠮᠢᠳᠤ ᠪᠣᠳᠠᠰ ᠤᠨ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ | ᠲᠡᠭᠦᠨ ᠤ ᠪᠣᠶ ᠪᠦᠬᠦᠢ ᠪᠠᠶᠢᠴᠠᠭᠠᠨ ᠬᠡᠮᠵᠢᠬᠦ ᠠᠵᠢᠯᠯᠠᠭ᠎ᠠ ᠶᠢ ᠲᠦᠷ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ | ᠴᠡᠭᠴᠡᠯᠡᠨ ᠥᠭᠡᠷᠡᠴᠢᠯᠡᠵᠦ ᠪᠠᠷᠢᠮᠵᠢᠶ᠎ᠠ ᠳᠤ ᠬᠦᠷᠦᠭᠦᠯᠦᠭᠰᠡᠨ ᠤ ᠳᠠᠷᠠᠭ᠎ᠠ ᠰᠠᠶ᠋ᠢ ᠲᠤᠷᠰᠢᠯᠲᠠ ᠶᠢᠨ ᠠᠵᠢᠯᠯᠠᠭ᠎ᠠ ᠶᠢ | ᠳᠠᠬᠢᠨᠲᠠ ᠥᠷᠨᠢᠭᠦᠯᠵᠦ ᠪᠣᠯᠣᠨ᠎ᠠ᠃ | ᠬᠤᠷᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠨᠢ ᠪᠦᠬᠦ ᠣᠷᠣᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠂ ᠭᠤᠣᠯᠳᠠᠭᠤ ᠳᠡᠭᠡᠳᠦ ᠲᠡᠰ ᠤᠨ ᠡᠪᠡᠳᠴᠢᠨ ᠡᠭᠦᠰᠬᠡᠭᠴᠢ | ᠮᠢᠺᠷᠣᠪ ᠤᠨ ᠲᠤᠷᠰᠢᠯᠲᠠ ᠶᠢᠨ ᠲᠠᠰᠤᠭ ᠤᠨ ᠬᠢᠨᠠᠯᠲᠠ ᠬᠠᠮᠢᠶᠠᠷᠤᠯᠲᠠ ᠪᠠᠶᠢᠵᠤ᠂ ᠮᠠᠯ ᠡᠮᠨᠡᠯᠭᠡ ᠶᠢᠨ | ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ | ᠵᠢᠴᠢ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠠᠷᠢᠭᠤᠴᠠᠯᠭᠠᠲᠠᠨ ᠤ ᠠᠮᠢᠳᠤ ᠪᠣᠳᠠᠰ ᠤᠨ ᠠᠮᠤᠷ | ᠲᠦᠪᠰᠢᠨ ᠤ ᠨᠢᠭᠡᠳᠦᠭᠡᠷ ᠬᠠᠷᠢᠭᠤᠴᠠᠯᠭ᠎ᠠ ᠶᠢ ᠬᠢᠨᠠᠯᠲᠠ ᠲᠠᠯᠪᠢᠨ ᠨᠠᠶᠢᠳᠠᠪᠤᠷᠢᠵᠢᠭᠤᠯᠤᠨ᠎ᠠ᠂ ᠭᠤᠣᠯᠳᠠᠯᠭ᠎ᠠ ᠨᠢ | ᠳᠣᠣᠷᠠᠬᠢ ᠮᠡᠲᠦ᠄ | ︵ᠨᠢᠭᠡ︶ ᠲᠤᠷᠰᠢᠯᠲᠠ ᠶᠢᠨ ᠠᠵᠢᠯᠯᠠᠭ᠎ᠠ ᠶᠢ ᠵᠥᠪᠰᠢᠶᠡᠷᠡᠭᠰᠡᠨ ᠪᠠ ᠲᠡᠭᠦᠨ ᠢ ᠭᠦᠢᠴᠡᠳᠬᠡᠭᠰᠡᠨ ᠪᠠᠶᠢᠳᠠᠯ︔ | ︵ᠬᠤᠶᠠᠷ︶ ᠪᠠᠺᠲ᠋ᠧᠷᠢ ︵ᠸᠢᠷᠦ᠋ᠰ︶ ᠪᠠ ᠡᠪᠡᠳᠴᠢᠨ ᠤ ᠮᠠᠲ᠋ᠧᠷᠢᠶᠠᠯ ︵ᠦᠯᠢᠭᠡᠷ ᠡᠳ᠋︶ ᠤᠨ ᠠᠮᠢᠳᠤ | ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ︔ | ︵ᠭᠤᠷᠪᠠ︶ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠬᠠᠮᠢᠶᠠᠷᠤᠯᠲᠠ᠂ | ᠠᠮᠤᠷ ᠲᠦᠪᠰᠢᠨ ᠤ ᠰᠡᠷᠭᠡᠶᠢᠯᠡᠯᠲᠡ᠂ ᠬᠠᠯᠳᠠᠪᠤᠷᠢᠯᠠᠯ ᠢ ᠬᠢᠵᠠᠭᠠᠷᠯᠠᠬᠤ ᠪᠠ ᠠᠮᠢᠳᠤ ᠪᠣᠳᠠᠰ ᠤᠨ ᠠᠮᠤᠷ | ᠲᠦᠪᠰᠢᠨ ᠤ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠵᠡᠷᠭᠡ ᠳᠦᠷᠢᠮ ᠢ | ᠲᠣᠭᠲᠠᠭᠠᠭᠰᠠᠨ ᠪᠠ ᠬᠡᠷᠡᠭᠵᠢᠭᠦᠯᠦᠭᠰᠡᠨ ᠪᠠᠶᠢᠳᠠᠯ︔ | ︵ᠳᠥᠷᠪᠡ︶ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠲᠥᠬᠦᠭᠡᠷᠦᠮᠵᠢ ᠶᠢ ᠬᠠᠮᠠᠭᠠᠯᠠᠨ | ᠠᠷᠠᠴᠢᠯᠠᠭᠰᠠᠨ᠂ ᠬᠥᠮᠥᠨ ᠢ ᠰᠡᠷᠭᠡᠶᠢᠯᠡᠨ ᠬᠠᠮᠠᠭᠠᠯᠠᠭᠰᠠᠨ᠂ ᠬᠠᠶᠠᠭᠳᠠᠮᠠᠯ ᠪᠣᠳᠠᠰ ᠢ ᠰᠢᠢᠳᠪᠦᠷᠢᠯᠡᠭᠰᠡᠨ ᠵᠡᠷᠭᠡ | ᠪᠠᠶᠢᠳᠠᠯ︔ | ︵ᠲᠠᠪᠤ︶ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ | ᠭᠠᠷ ᠳᠡᠪᠲᠡᠷ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠠᠷᠢᠮᠵᠢᠶᠠᠲᠤ ᠠᠵᠢᠯᠯᠠᠬᠤ ᠳᠦᠷᠢᠮ ᠤᠨ | ᠬᠠᠮᠢᠶᠠᠷᠤᠯᠲᠠ ᠵᠡᠷᠭᠡ ᠳᠦᠷᠢᠮ ᠢ ᠪᠣᠳᠠᠲᠠᠢ ᠬᠡᠷᠡᠭᠵᠢᠭᠦᠯᠦᠭᠰᠡᠨ ᠪᠠᠶᠢᠳᠠᠯ︔ | ︵ᠵᠢᠷᠭᠤᠭ᠎ᠠ︶ ᠲᠤᠷᠰᠢᠯᠲᠠ ᠶᠢᠨ ᠠᠵᠢᠯᠯᠠᠭ᠎ᠠ ᠶᠢᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠮᠠᠯ | ᠡᠮᠨᠡᠯᠭᠡ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠤᠯᠠᠷᠢᠯ ᠪᠦᠷᠢ ᠮᠡᠳᠡᠭᠦᠯᠦᠨ ᠬᠦᠷᠭᠡᠨ᠎ᠡ᠃ | ᠬᠤᠷᠢᠨ ᠲᠠᠪᠤᠳᠤᠭᠠᠷ ᠵᠦᠢᠯ ᠠᠶᠢᠮᠠᠭ ᠬᠤᠳᠠ ᠶᠢᠨ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠨᠢ ᠬᠠᠷᠢᠶ᠎ᠠ ᠣᠷᠣᠨ ᠤ ᠪᠠᠨ ᠳᠣᠲᠣᠷᠠᠬᠢ ᠬᠤᠰᠢᠭᠤ ᠰᠢᠶᠠᠨ ᠤ ᠠᠮᠢᠳᠠᠨ ᠤ ᠬᠢᠵᠢᠭ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ᠂ ᠪᠣᠭᠤᠮᠲᠠ ᠵᠡᠷᠭᠡ ᠰᠠᠯᠠᠭ᠎ᠠ ᠮᠥᠴᠢᠷ᠂ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠤᠨ | ᠲᠤᠷᠰᠢᠯᠲᠠ ᠶᠢᠨ ᠲᠠᠰᠤᠭ ᠵᠢᠴᠢ ᠭᠤᠷᠪᠠᠳᠠᠭᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠮᠠᠯ | ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠳᠠᠩᠰᠠᠯᠠᠭᠤᠯᠬᠤ | ᠳᠦᠷᠢᠮ ᠢ ᠬᠡᠷᠡᠭᠵᠢᠭᠦᠯᠬᠦ ᠬᠡᠷᠡᠭᠲᠡᠢ᠃ ᠬᠤᠰᠢᠭᠤ ᠰᠢᠶᠠᠨ ᠤ ᠮᠠᠯ ᠡᠮᠨᠡᠯᠭᠡ ᠶᠢᠨ ᠰᠠᠯᠠᠭ᠎ᠠ ᠮᠥᠴᠢᠷ ᠨᠢ ᠬᠠᠷᠢᠶ᠎ᠠ | ᠣᠷᠣᠨ ᠤ ᠳᠣᠲᠣᠷᠠᠬᠢ ᠲᠡᠵᠢᠭᠡᠨ ᠦᠷᠡᠵᠢᠭᠦᠯᠬᠦ ᠲᠠᠯᠠᠪᠠᠶ᠂ ᠨᠢᠳᠤᠯᠤᠯᠳᠠ ᠶᠢᠨ ᠲᠠᠯᠠᠪᠠᠶ ᠪᠣᠯᠣᠨ ᠡᠪᠡᠳᠴᠢᠨ ᠢᠶᠠᠷ | ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠦᠢᠯᠡᠳᠪᠦᠷᠢ ᠵᠡᠷᠭᠡ ᠥᠪᠡᠰᠦᠪᠡᠨ | ᠪᠠᠶᠢᠭᠤᠯᠤᠭᠰᠠᠨ ᠥᠪᠡᠰᠦᠪᠡᠨ ᠪᠠᠶᠢᠴᠠᠭᠠᠬᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ᠬᠤᠷᠢᠨ ᠵᠢᠷᠭᠤᠳᠤᠭᠠᠷ ᠵᠦᠢᠯ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠢᠨᠠᠯᠲᠠ | ᠲᠠᠯᠪᠢᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠶ᠎ᠡ ᠳᠤ ᠳᠣᠣᠷ᠎ᠠ ᠵᠢᠭᠰᠠᠭᠠᠭᠰᠠᠨ ᠠᠷᠭ᠎ᠠ | ᠬᠡᠮᠵᠢᠶ᠎ᠡ ᠶᠢ ᠠᠪᠬᠤ ᠡᠷᠬᠡ ᠲᠠᠢ᠄ | ︵ᠨᠢᠭᠡ︶ ᠥᠷᠨᠢᠭᠦᠯᠦᠭᠰᠡᠨ ᠠᠮᠢᠲᠠᠨ ᠤ ᠬᠢᠵᠢᠭ ᠡᠪᠡᠳᠴᠢᠨ ᠢ ᠪᠠᠶᠢᠴᠠᠭᠠᠨ ᠬᠡᠮᠵᠢᠬᠦ ᠠᠵᠢᠯᠯᠠᠭ᠎ᠠ ᠶᠢ | ᠲᠤᠬᠠᠢ ᠶᠢᠨ ᠭᠠᠵᠠᠷ ᠲᠤ ᠨᠢ ᠪᠠᠶᠢᠴᠠᠭᠠᠬᠤ᠂ ᠪᠠᠶᠢᠳᠠᠯ ᠢ ᠤᠶᠢᠯᠠᠭᠠᠬᠤ᠂ ᠪᠠᠶᠢᠴᠠᠭᠠᠵᠤ ᠭᠡᠷᠡᠴᠢ ᠠᠪᠬᠤ︔ | ︵ᠬᠤᠶᠠᠷ︶ ᠠᠮᠢᠲᠠᠨ ᠤ ᠬᠢᠵᠢᠭ ᠡᠪᠡᠳᠴᠢᠨ ᠢ ᠪᠠᠶᠢᠴᠠᠭᠠᠨ ᠬᠡᠮᠵᠢᠬᠦ ᠠᠵᠢᠯᠯᠠᠭ᠎ᠠ ᠶᠢᠨ ᠶᠠᠰᠤ ᠴᠢᠨᠠᠷ ᠪᠠ | ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ | ᠦᠵᠡᠬᠦ ᠪᠤᠶᠤ ᠬᠠᠭᠤᠯᠪᠤᠷᠢᠯᠠᠬᠤ᠂ ᠦᠯᠢᠭᠡᠷ ᠡᠳ᠋ ᠢ ᠴᠤᠭᠯᠠᠭᠤᠯᠬᠤ᠂ ᠪᠢᠲᠡᠭᠦᠮᠵᠢᠯᠡᠨ ᠬᠠᠳᠠᠭᠠᠯᠠᠬᠤ︔ | ︵ᠭᠤᠷᠪᠠ︶ ᠡᠪᠡᠳᠴᠢᠨ ᠡᠭᠦᠰᠬᠡᠭᠴᠢ ᠮᠢᠺᠷᠣᠪ ᠪᠠᠺᠲ᠋ᠧᠷᠢ ︵ᠬᠤᠣᠷ︶ ᠶᠢᠨ ᠦᠷ᠎ᠡ᠂ ᠥᠯᠢᠭᠡᠷ ᠡᠳ᠋ ᠢ | ᠴᠤᠭᠯᠠᠭᠤᠯᠬᠤ᠂ ᠵᠦᠭᠡᠭᠡᠪᠦᠷᠢᠯᠡᠬᠦ᠂ ᠬᠠᠳᠠᠭᠠᠯᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ᠃ | ᠬᠤᠷᠢᠨ ᠳᠣᠯᠣᠳᠤᠭᠠᠷ ᠵᠦᠢᠯ ᠭᠤᠷᠪᠠᠳᠡᠬᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠮᠠᠯ | ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠲᠤᠷᠰᠢᠯᠲᠠ ᠶᠢᠨ ᠠᠵᠢᠯᠯᠠᠭ᠎ᠠ ᠪᠠ ᠪᠠᠶᠢᠴᠠᠭᠠᠨ ᠬᠡᠮᠵᠢᠭᠰᠡᠨ | ᠮᠡᠳᠡᠭᠦᠯᠦᠯᠲᠡ ᠶᠢᠨ ᠭᠠᠷᠭᠠᠭᠰᠠᠨ ᠪᠠᠶᠢᠳᠠᠯ ᠢᠶᠠᠨ ᠰᠠᠷ᠎ᠠ ᠪᠦᠷᠢ ᠠᠶᠢᠮᠠᠭ ᠬᠤᠳᠠ ᠶᠢᠨ ᠮᠠᠯ ᠡᠮᠨᠡᠯᠭᠡ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ᠂ ᠴᠠᠭ ᠲᠤᠬᠠᠢ ᠳᠤ ᠨᠢ ᠮᠡᠳᠡᠭᠦᠯᠦᠭᠰᠡᠨ ᠦᠭᠡᠢ ᠪᠠᠶᠢᠪᠠᠯ᠂ | ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠤᠨ᠎ᠠ᠃ | ᠬᠤᠷᠢᠨ ᠨᠠᠢᠮᠠᠳᠤᠭᠠᠷ ᠵᠦᠢᠯ ᠣᠨᠣᠰᠢᠯᠠᠬᠤ᠂ ᠬᠢᠨᠠᠨ ᠬᠡᠮᠵᠢᠬᠦ᠂ ᠰᠢᠯᠭᠠᠨ ᠬᠡᠮᠵᠢᠬᠦ ᠶᠠᠪᠤᠴᠠ ᠳᠤ᠂ | ᠠᠮᠢᠲᠠᠨ ᠤ ᠬᠢᠵᠢᠭ ᠬᠠᠯᠳᠠᠪᠤᠷᠢᠯᠠᠭᠰᠠᠨ ᠪᠤᠶᠤ ᠬᠢᠵᠢᠭ ᠬᠠᠯᠳᠠᠪᠤᠷᠢᠯᠠᠭᠰᠠᠨ ᠰᠡᠵᠢᠭᠯᠡᠯ ᠲᠠᠢ ᠪᠠᠶᠢᠬᠤ ᠶᠢ ᠣᠯᠵᠤ | ᠮᠡᠳᠡᠪᠡᠯ᠂ ᠪᠠᠶᠢᠭ᠎ᠠ ᠭᠠᠵᠠᠷ ᠤᠨ ᠢᠶᠠᠨ ᠮᠠᠯ ᠡᠮᠨᠡᠯᠭᠡ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠲᠡᠷᠡ ᠳᠠᠷᠤᠢ ᠳᠤ ᠨᠢ ᠮᠡᠳᠡᠭᠦᠯᠬᠦ | ᠬᠡᠷᠡᠭᠲᠡᠢ᠂ ᠡᠷᠬᠡ ᠣᠯᠭᠤᠭᠰᠠᠨ ᠦᠭᠡᠢ ᠪᠣᠯ ᠠᠮᠢᠲᠠᠨ ᠤ ᠬᠢᠵᠢᠭ ᠤᠨ ᠪᠠᠶᠢᠳᠠᠯ ᠢ ᠨᠡᠶᠢᠲᠡᠯᠡᠵᠦ ᠪᠣᠯᠬᠤ ᠦᠭᠡᠢ᠃ | ᠳᠡᠪᠰᠢᠭᠦᠯᠦᠭᠰᠡᠨ ᠡᠷᠳᠡᠮ ᠰᠢᠨᠵᠢᠯᠡᠭᠡᠨ ᠤ ᠮᠡᠳᠡᠭᠦᠯᠦᠯᠲᠡ᠂ ᠨᠡᠶᠢᠲᠡᠯᠡᠭᠰᠡᠨ ᠬᠠᠮᠢᠶ᠎ᠠ ᠪᠦᠬᠦᠢ ᠵᠣᠬᠢᠶᠠᠯ ᠵᠢᠴᠢ | ᠭᠠᠳᠠᠭᠠᠳᠤ ᠳᠤ ᠬᠠᠩᠭᠠᠭᠰᠠᠨ ᠲᠤᠷᠰᠢᠯᠲᠠ ᠶᠢᠨ ᠲᠠᠰᠤᠭ ᠤᠨ ᠰᠤᠳᠤᠯᠭᠠᠨ ᠤ ᠦᠷ᠎ᠡ ᠪᠦᠲᠦᠭᠡᠯ ᠳᠠᠬᠢ ᠠᠮᠢᠲᠠᠨ ᠤ | ᠬᠢᠵᠢᠭ ᠤᠨ ᠪᠠᠶᠢᠳᠠᠯ ᠪᠤᠶᠤ ᠬᠢᠨᠠᠨ ᠬᠡᠮᠵᠢᠯᠲᠡ ᠶᠢᠨ ᠠᠷᠭ᠎ᠠ ᠴᠢᠨᠠᠷ ᠵᠡᠷᠭᠡ ᠳᠤ ᠬᠤᠯᠪᠣᠭᠳᠠᠪᠠᠯ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ | ᠨᠡᠶᠢᠴᠡᠭᠰᠡᠨ ᠪᠠᠶᠢᠬᠤ ᠬᠡᠷᠡᠭᠲᠡᠢ᠃ | ᠬᠤᠷᠢ ᠶᠢᠰᠦᠳᠦᠭᠡᠷ ᠵᠦᠢᠯ ᠬᠤᠳᠠᠯ ᠬᠠᠭᠤᠷᠮᠠᠭ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠬᠢᠵᠦ ᠥᠭᠭᠦᠭᠰᠡᠨ᠂ | ᠵᠦᠪᠰᠢᠶᠡᠷᠡᠯ ᠦᠭᠡᠢ ᠪᠠᠷ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠠᠮᠢᠳᠠᠨ ᠤ ᠡᠪᠡᠳᠴᠢᠨ ᠡᠭᠦᠰᠬᠡᠬᠦ ᠮᠢᠺᠷᠣᠪ ᠤᠨ | ᠲᠤᠷᠰᠢᠯᠲᠠ ᠶᠢᠨ ᠠᠵᠢᠯᠯᠠᠭ᠎ᠠ ᠥᠷᠨᠢᠭᠦᠯᠦᠭᠰᠡᠨ᠂ ᠠᠮᠢᠳᠠᠨ ᠤ ᠬᠦᠨᠳᠦ ᠶᠡᠭᠡ ᠬᠢᠵᠢᠭ ᠡᠪᠡᠳᠴᠢᠨ ᠤ ᠮᠠᠲ᠋ᠧᠷᠢᠶᠠᠯ ᠢ | ᠳᠤᠷ᠎ᠠ ᠪᠠᠷ ᠢᠶᠠᠨ ᠴᠤᠭᠯᠠᠭᠤᠯᠤᠭᠰᠠᠨ᠂ ᠬᠡᠪᠴᠢᠶ᠎ᠡ ᠠᠴᠠ ᠬᠡᠲᠦᠷᠡᠭᠦᠯᠦᠨ ᠪᠠᠶᠢᠴᠠᠭᠠᠨ ᠬᠡᠮᠵᠢᠭᠰᠡᠨ ᠵᠡᠷᠭᠡ ᠦᠢᠯᠡ | ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | ᠭᠤᠴᠢᠳᠤᠭᠠᠷ ᠵᠦᠢᠯ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠮᠢᠳᠤ | ᠪᠣᠳᠠᠰ ᠤᠨ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠨᠡᠶᠢᠳᠡ ᠳᠤ ᠨᠢ | ᠬᠠᠷᠠᠭᠠᠯᠵᠠᠵᠤ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠠ ᠴᠢᠳᠠᠮᠵᠢ ᠶᠢᠨ ᠪᠠᠶᠢᠷᠢ ᠲᠣᠭᠲᠠᠭᠠᠯᠲᠠ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠤᠷᠰᠢᠯᠲᠠ ᠶᠢᠨ ᠠᠵᠢᠯᠲᠠᠨ ᠤ ᠡᠩᠨᠡᠭᠡ ᠪᠠ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠪᠦᠷᠢᠨᠰᠢᠭᠦᠯᠵᠦ᠂ ᠲᠤᠷᠰᠢᠯᠲᠠ ᠶᠢᠨ ᠲᠠᠰᠤᠭ ᠤᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ | ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯᠲᠠᠨ ᠤ ᠲᠦᠷ ᠴᠠᠭ ᠤᠨ ᠴᠢᠨᠠᠷᠲᠠᠢ ᠠᠵᠢᠯ ᠤᠨ ᠨᠥᠬᠦᠪᠦᠷᠢ ᠶᠢᠨ | ᠪᠠᠷᠢᠮᠵᠢᠶ᠎ᠠ ᠶᠢ ᠲᠣᠭᠲᠠᠭᠠᠬᠤ ᠲᠤᠬᠠᠢ ᠮᠡᠳᠡᠭᠳᠡᠯ︾ ᠢ ᠦᠨᠳᠦᠰᠦᠯᠡᠨ᠂ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠪᠠᠶᠢᠭᠤᠯᠤᠭᠰᠠᠨ ᠨᠢᠭᠡᠴᠢ ᠨᠢ ᠠᠮᠢᠲᠠᠨ ᠤ ᠬᠢᠵᠢᠭ ᠡᠪᠡᠳᠴᠢᠨ ᠢ ᠣᠨᠣᠰᠢᠯᠠᠬᠤ᠂ ᠬᠢᠨᠠᠨ ᠬᠡᠮᠵᠢᠬᠦ᠂ | ᠪᠠᠶᠢᠴᠠᠭᠠᠨ ᠬᠡᠮᠵᠢᠬᠦ ᠵᠡᠷᠭᠡ ᠬᠠᠮᠢᠶ᠎ᠠ ᠪᠦᠬᠦᠢ ᠠᠵᠢᠯ ᠵᠢᠴᠢ ᠠᠵᠢᠯᠯᠠᠭᠤᠯᠵᠤ ᠪᠠᠲᠤᠯᠠᠬᠤ ᠵᠠᠷᠤᠳᠠᠯ ᠤᠨ ᠲᠠᠯ᠎ᠠ ᠪᠠᠷ | ᠴᠢᠬᠤᠯᠠ ᠪᠦᠬᠦᠢ ᠳᠡᠮᠵᠢᠯᠭᠡ ᠦᠵᠡᠭᠦᠯᠵᠦ᠂ ᠨᠥᠬᠦᠴᠡᠯ ᠲᠠᠢ ᠭᠠᠵᠠᠷ ᠣᠷᠣᠨ ᠨᠢ ᠲᠠᠷᠢᠶᠠᠯᠠᠩ ᠤᠨ ᠬᠤᠣᠷ | ᠬᠥᠨᠥᠭᠡᠯ ᠲᠠᠢ ᠡᠷᠡᠭᠦᠯᠵᠢᠯ ᠤᠨ ᠨᠡᠮᠡᠭᠦᠷᠢ ᠪᠠ ᠮᠠᠯ ᠠᠵᠤ ᠠᠬᠤᠢ ᠮᠠᠯ ᠡᠮᠨᠡᠯᠭᠡ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠨᠡᠮᠡᠭᠦᠷᠢ ᠣᠯᠭᠤᠬᠤ ᠶᠢ ᠨᠠᠶᠢᠳᠠᠪᠤᠷᠢᠵᠢᠭᠤᠯᠤᠨ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠭᠤᠴᠢᠨ ᠬᠤᠶᠠᠳᠤᠭᠠᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠠ ᠲᠤᠷᠰᠢᠯᠲᠠ ᠶᠢᠨ | ᠲᠠᠰᠤᠭ ᠪᠠᠶᠢᠭᠤᠯᠤᠭᠰᠠᠨ ᠨᠢᠭᠡᠴᠢ ᠵᠢᠯ ᠪᠦᠷᠢ ᠲᠤᠷᠰᠢᠯᠲᠠ ᠬᠢᠵᠦ ᠪᠠᠶᠢᠭ᠎ᠠ ᠬᠥᠮᠥᠰ ᠲᠤ ᠪᠣᠯᠪᠠᠰᠤᠷᠠᠭᠤᠯᠤᠯ ᠬᠢᠵᠦ᠂ | ᠲᠤᠷᠰᠢᠯᠲᠠ ᠶᠢᠨ ᠲᠠᠰᠤᠭ ᠤᠨ ᠮᠡᠷᠭᠡᠵᠢᠯ ᠤᠨ ᠵᠢᠷᠤᠮᠵᠢᠯ᠂ ᠠᠵᠢᠯᠯᠠᠬᠤ ᠳᠦᠷᠢᠮ᠂ ᠠᠮᠢᠳᠤ ᠪᠣᠳᠠᠰ ᠤᠨ ᠠᠮᠤᠷ | ᠲᠦᠪᠰᠢᠨ ᠤ ᠬᠠᠮᠠᠭᠠᠯᠠᠯᠲᠠ ᠶᠢᠨ ᠮᠡᠳᠡᠯᠭᠡ ᠪᠠ ᠪᠣᠳᠠᠲᠠᠢ ᠠᠵᠢᠯᠯᠠᠬᠤ ᠤᠷ᠎ᠠ ᠴᠢᠳᠠᠪᠤᠷᠢ ᠶᠢ ᠡᠵᠡᠮᠰᠢᠬᠦ ᠶᠢ ᠨᠢ | ᠪᠠᠲᠤᠯᠠᠬᠤ ᠶᠢᠨ ᠬᠠᠮᠲᠤ ᠬᠢᠨᠠᠨ ᠬᠡᠮᠵᠢᠵᠦ᠂ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠠᠵᠢᠯ ᠤᠨ | ᠪᠠᠶᠢᠷᠢ ᠳᠤ ᠭᠠᠷᠭᠠᠵᠤ ᠪᠣᠯᠣᠨ᠎ᠠ᠃ | ᠵᠢᠷᠭᠤᠳᠤᠭᠠᠷ ᠪᠦᠯᠦᠭ ᠳᠠᠭᠠᠯᠳᠣᠭᠤᠯᠣᠭᠰᠠᠨ ᠳᠦᠷᠢᠮ | ᠭᠤᠴᠢᠨ ᠭᠤᠷᠪᠠᠳᠤᠭᠠᠷ ᠵᠦᠢᠯ ᠲᠤᠰ ᠠᠷᠭ᠎ᠠ ᠶᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ᠃ | ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ | ᠲᠠᠷᠠᠭ᠎ᠠ ᠬᠡᠷᠡᠭᠵᠢᠭᠦᠯᠦᠨ᠎ᠡ᠃ | |