ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ
ᠨᠡᠶᠢᠲᠡᠯᠡᠭᠰᠡᠨ ᠴᠠᠭ᠄
2022/12/8
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ  ᠪᠣᠯᠭᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠣᠯᠬᠤ ᠶᠢ ᠪᠠᠲᠤᠯᠠᠬᠤ ᠶᠢᠨ ᠲᠥᠯᠥᠭᠡ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠨᠢᠩᠴᠧᠩ ᠰᠢᠶᠠᠨ ᠤ ᠠᠷᠠᠳ ᠤᠨ ᠵᠠᠰᠠᠭ ᠤᠨ  ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ  ᠲᠤᠰᠬᠠᠶᠢᠯᠠᠨ ᠨᠠᠶᠢᠷᠠᠭᠤᠯᠤᠨ ᠵᠣᠬᠢᠶᠠᠪᠠ᠃ ᠨᠢᠭᠡ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ︵ᠨᠢᠭᠡ︶ ᠢᠯᠡ ᠪᠣᠯᠭᠠᠬᠤ ᠬᠡᠪᠴᠢᠶ᠎ᠡ ᠲᠣᠰ ᠪᠠᠶᠢᠭᠤᠯᠭ᠎ᠠ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠲᠥᠷᠥᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠥᠷᠥᠯ᠂ ᠲᠥᠯᠦᠪᠵᠢᠭᠦᠯᠭᠡ ᠲᠥᠯᠥᠪᠯᠡᠭᠡ ᠶᠢᠨ ᠲᠥᠷᠥᠯ᠂  ᠲᠤᠬᠠᠶᠢᠯᠠᠭᠰᠠᠨ ᠠᠵᠢᠯ ᠤᠨ ᠲᠥᠷᠥᠯ ᠵᠢᠴᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠴᠢᠬᠤᠯᠠᠲᠠᠢ ᠪᠤᠰᠤᠳ  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠨ᠎ᠠ᠃ ︵ᠬᠤᠶᠠᠷ︶ ᠢᠯᠡ ᠪᠣᠯᠭᠠᠬᠤ ᠬᠡᠯᠪᠡᠷᠢ 1. ᠨᠢᠩᠴᠧᠩ ᠰᠢᠶᠠᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵ᠰᠦᠯᠵᠢᠶᠡᠨ ᠤ ᠬᠠᠶ᠋ᠢᠭ᠄ http: //www.ningchengxian.gov.cn/︶ ᠪᠠᠷ ᠳᠠᠮᠵᠢᠭᠤᠯᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ  ᠢᠯᠡ ᠪᠣᠯᠭᠠᠨ᠎ᠠ᠃ 2. ᠪᠤᠰᠤᠳ ᠠᠷᠭ᠎ᠠ ᠮᠠᠶ᠋ᠢᠭ᠄ ᠸᠢᠴᠠᠲ ᠤᠨ ᠨᠡᠶᠢᠲᠡ ᠶᠢᠨ ᠳ᠋ᠤᠭᠠᠷ ︽ᠨᠢᠩᠴᠧᠩ ᠰᠢᠶᠠᠨ ᠤ ᠠᠷᠠᠳ ᠤᠨ ᠵᠠᠰᠠᠭ ᠤᠨ  ᠣᠷᠳᠣᠨ ᠤ ᠨᠡᠶᠢᠳᠡᠯᠡᠯ︾᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠰᠡᠳᠬᠦᠯ ᠵᠡᠷᠭᠡ ᠬᠡᠯᠪᠡᠷᠢ ᠪᠠᠷ  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠨ᠎ᠠ᠃ ︵ᠭᠤᠷᠪᠠ︶ ᠢᠯᠡ ᠪᠣᠯᠭᠠᠬᠤ ᠴᠠᠭ ᠤᠨ ᠬᠢᠵᠠᠭᠠᠷ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠬᠠᠷᠢᠶᠠᠯᠠᠭᠳᠠᠬᠤ ᠵᠠᠰᠠᠭ ᠤᠨ ᠣᠷᠳᠣᠨ ᠤ ᠮᠡᠳᠡᠭᠡ  ᠵᠠᠩᠭᠢ ᠶᠢ ᠪᠣᠯ᠂ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠣᠶ ᠪᠣᠯᠭᠠᠭᠰᠠᠨ ᠪᠤᠶᠤ ᠬᠤᠪᠢᠷᠠᠭᠤᠯᠤᠭᠰᠠᠨ  ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠢᠶᠠᠷ  ᠳᠠᠮᠵᠢᠭᠤᠯᠤᠨ ᠢᠯᠡ ᠪᠣᠯᠭᠠᠨ᠎ᠠ᠃ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠤᠨ ᠣᠷᠳᠣᠨ ᠤ ᠮᠡᠳᠡᠭᠡ  ᠵᠠᠩᠭᠢ ᠶᠢ ᠢᠯᠡ ᠪᠣᠯᠭᠠᠬᠤ ᠬᠤᠭᠤᠴᠠᠭ᠎ᠠ ᠶᠢᠨ ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ  ᠵᠢᠷᠤᠮᠯᠠᠨ᠎ᠠ᠃ ᠬᠤᠶᠠᠷ᠂ ᠭᠤᠶᠤᠴᠢᠯᠠᠯ ᠢᠶᠠᠷ ᠢᠯᠡ ᠪᠣᠯᠭᠠᠬᠤ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠲᠤᠰ ᠪᠠᠶᠢᠭᠤᠯᠭ᠎ᠠ ᠶᠢᠨ  ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠠᠴᠠ ᠭᠠᠳᠠᠨᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ  ᠴᠢᠬᠤᠯᠠᠲᠠᠢ ᠪᠠᠶᠢᠪᠠᠯ᠂ ᠲᠤᠰ ᠪᠠᠶᠢᠭᠤᠯᠭ᠎ᠠ ᠳᠤ ᠭᠤᠶᠤᠴᠢᠯᠠᠯ ᠭᠠᠷᠭᠠᠵᠤ ᠪᠣᠯᠣᠨ᠎ᠠ᠃ ︵ᠨᠢᠭᠡ︶ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠪᠣᠯ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠣᠪᠴᠢᠶ᠎ᠠ ᠶᠢᠨ ᠶᠡᠷᠦᠩᠬᠡᠶᠢᠯᠡᠭᠰᠡᠨ ᠠᠯᠪᠠᠨ ᠭᠡᠷ ᠪᠣᠯᠣᠨ᠎ᠠ᠂ ᠠᠵᠢᠯᠯᠠᠬᠤ ᠴᠠᠭ ᠨᠢ ᠭᠠᠷᠠᠭ ᠤᠨ ᠨᠢᠭᠡᠨ ᠠᠴᠠ  ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ︶᠂ ᠡᠳᠦᠷ  ᠪᠦᠷᠢ ᠶᠢᠨ 8᠄ 00 ︱ 11᠄ 30᠂ 14᠄ 30 ︱ 17᠄ 00︔ᠬᠠᠷᠢᠯᠴᠠᠬᠤ ᠤᠲᠠᠰᠤ᠄  0476-4276908᠂ ᠰᠢᠤᠳᠠᠨ ᠨᠣᠮᠧᠷ ᠨᠢ 024200᠂ ᠡᠯᠧᠺᠲᠷᠣᠨ ᠰᠢᠤᠳᠠᠨ ᠬᠠᠶᠢᠷᠴᠠᠭ ᠤᠨ ᠬᠠᠶ᠋ᠢᠭ᠄  ncxzwfwj@126.com ︵ᠬᠤᠶᠠᠷ︶ ᠭᠥᠯᠢᠶᠡᠨ ᠠᠪᠴᠤ ᠰᠢᠢᠳᠪᠦᠷᠢᠯᠡᠬᠦ ᠵᠢᠷᠤᠮ 1. ᠭᠤᠶᠤᠴᠢᠯᠠᠯ ᠭᠠᠷᠭᠠᠬᠤ ᠭᠤᠶᠤᠴᠢᠯᠠᠭᠴᠢ ︽ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾ ︵ᠳᠣᠷᠣᠭᠰᠢ ᠭᠤᠶᠤᠴᠢᠯᠠᠯ ᠤᠨ ᠬᠦᠰᠦᠨᠦᠭᠲᠦ ᠭᠡᠵᠦ ᠲᠣᠪᠴᠢᠯᠠᠨ᠎ᠠ︶ ᠶᠢ ᠲᠠᠭᠯᠠᠨ᠎ᠠ᠃ᠭᠤᠶᠤᠴᠢᠯᠠᠯ ᠤᠨ  ᠬᠦᠰᠦᠨᠦᠭᠲᠦ ᠶᠢ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠠᠴᠠ ᠠᠪᠴᠤ ᠪᠣᠯᠣᠨ᠎ᠠ᠂ ᠨᠢᠩᠴᠧᠩ ᠰᠢᠶᠠᠨ ᠤ  ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠳᠡᠭᠡᠷ᠎ᠡ ᠠᠴᠠ ᠭᠤᠶᠤᠴᠢᠯᠠᠯ ᠢ ᠢᠯᠡ ᠪᠣᠯᠭᠠᠬᠤ ᠲᠤᠰᠬᠠᠢ  ᠪᠤᠯᠤᠩ ᠢᠶᠠᠷ ᠪᠠᠭᠤᠯᠭᠠᠨ ᠠᠪᠴᠤ ᠳᠠᠷᠤᠮᠠᠯᠯᠠᠭᠰᠠᠨ ᠴᠤ ᠪᠣᠯᠣᠨ᠎ᠠ᠂ ᠭᠤᠶᠤᠴᠢᠯᠠᠯ ᠤᠨ ᠬᠦᠰᠦᠨᠦᠭᠲᠦ ᠶᠢ ᠪᠠᠭᠤᠯᠭᠠᠬᠤ   ᠨᠢ ᠬᠦᠴᠦᠨ ᠲᠠᠢ᠃ ᠭᠤᠶᠤᠴᠢᠯᠠᠯ ᠢ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠭᠴᠢ ᠠᠴᠠ  ᠬᠡᠷᠡᠭᠴᠡᠭᠡ ᠪᠦᠬᠦᠢ ᠮᠡᠳᠡᠭᠡ ᠵᠠᠩᠭᠢ ᠪᠠᠨ ᠠᠯᠢ ᠴᠢᠳᠠᠬᠤ ᠪᠠᠷ ᠨᠠᠷᠢᠨ ᠲᠣᠳᠣᠷᠬᠠᠢ ᠲᠣᠭᠠᠴᠢᠬᠤ ᠬᠡᠷᠡᠭᠲᠡᠢ︔ᠬᠡᠷᠪᠡ  ᠪᠣᠯᠣᠯᠴᠠᠭ᠎ᠠ ᠲᠠᠢ ᠪᠣᠯ᠂ ᠲᠣᠰ ᠮᠡᠳᠡᠭᠡ ᠵᠠᠩᠭᠢ ᠶᠢᠨ ᠭᠠᠷᠴᠠᠭ᠂ ᠨᠡᠶᠢᠲᠡᠯᠡᠭᠰᠡᠨ ᠴᠠᠭ᠂ ᠪᠢᠴᠢᠭ ᠤᠨ ᠳ᠋ᠤᠭᠠᠷ ᠪᠤᠶᠤ  ᠲᠣᠰ ᠪᠠᠶᠢᠭᠤᠯᠭ᠎ᠠ ᠶᠢᠨ ᠮᠡᠳᠡᠭᠡ ᠵᠠᠩᠭᠢ ᠶᠢᠨ ᠠᠴᠢᠶᠠᠯᠠᠭᠴᠢ ᠶᠢ ᠲᠣᠭᠲᠠᠭᠠᠬᠤ ᠳᠤ ᠲᠤᠰᠠᠲᠠᠢ ᠪᠤᠰᠤᠳ  ᠰᠠᠨᠠᠭᠤᠯᠤᠮᠵᠢ ᠶᠢ ᠬᠠᠩᠭᠠᠭᠠᠷᠠᠢ᠃ 2. ᠭᠤᠶᠤᠴᠢᠯᠠᠬᠤ ᠠᠷᠭ᠎ᠠ ᠮᠠᠶ᠋ᠢᠭ ︵1︶ ᠨᠢᠭᠤᠷᠳᠡᠨ ᠭᠤᠶᠤᠴᠢᠯᠠᠬᠤ᠃ᠭᠤᠶᠤᠴᠢᠯᠠᠭᠴᠢ ᠨᠢ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢᠨ  ᠲᠤᠬᠠᠢ ᠶᠢᠨ ᠲᠠᠯᠠᠪᠤᠷ ᠲᠤ ᠬᠦᠷᠴᠦ ᠭᠤᠶᠤᠴᠢᠯᠠᠯ ᠭᠠᠷᠭᠠᠵᠤ ᠪᠣᠯᠣᠨ᠎ᠠ᠃ ︵2︶ ᠵᠠᠬᠢᠳᠠᠯ᠂ ᠳᠦᠷᠰᠦ ᠨᠡᠪᠲᠡᠷᠡᠭᠦᠯᠭᠡ ᠶᠢᠨ ᠭᠤᠶᠤᠴᠢᠯᠠᠯ᠃ᠭᠤᠶᠤᠴᠢᠯᠠᠭᠴᠢ ᠵᠠᠬᠢᠳᠠᠯ᠂ ᠳᠦᠷᠰᠦ  ᠨᠡᠪᠲᠡᠷᠡᠭᠦᠯᠭᠡ ᠶᠢᠨ ᠠᠷᠭ᠎ᠠ ᠮᠠᠶ᠋ᠢᠭ ᠢᠶᠠᠷ ᠭᠤᠶᠤᠴᠢᠯᠠᠯ ᠢᠶᠠᠨ ᠳᠤᠷᠠᠳᠪᠠᠯ᠂ ︽ᠵᠠᠰᠠᠭ ᠤᠨ ᠣᠷᠳᠣᠨ ᠤ ᠮᠡᠳᠡᠭᠡ  ᠵᠠᠩᠭᠢ ᠶᠢ ᠢᠯᠡ ᠪᠣᠯᠭᠠᠬᠤ ᠭᠤᠶᠤᠴᠢᠯᠠᠯ︾ ᠭᠡᠰᠡᠨ ᠥᠰᠥᠭ ᠢ ᠲᠣᠳᠣᠷᠬᠠᠶᠢᠯᠠᠭᠠᠷᠠᠢ᠃ ︵3︶ ᠰᠦᠯᠵᠢᠶ᠎ᠡ ᠪᠠᠷ ᠭᠤᠶᠤᠴᠢᠯᠠᠬᠤ᠃ᠨᠢᠩᠴᠧᠩ ᠰᠢᠶᠠᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠤ ︽ ᠨᠢᠩᠴᠧᠩ ᠰᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ︾ ᠤᠨ  ᠲᠠᠪᠴᠠᠩ ᠤᠨ ︽ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ︾ ᠪᠤᠯᠤᠩ ᠳᠤ ᠭᠠᠷᠴᠤ ᠭᠤᠶᠤᠴᠢᠯᠠᠯ ᠢᠶᠠᠨ  ᠳᠡᠪᠰᠢᠭᠦᠯᠦᠭᠡᠷᠡᠢ᠃ ᠲᠤᠰ ᠪᠠᠶᠢᠭᠤᠯᠭ᠎ᠠ ᠳ᠋ᠢᠶᠠᠩᠬᠤᠸᠠ ᠶᠢᠨ ᠬᠡᠯᠪᠡᠷᠢ ᠪᠠᠷ ᠳᠤᠷᠠᠳᠤᠭᠰᠠᠨ ᠭᠤᠶᠤᠴᠢᠯᠠᠯ ᠢ ᠭᠥᠯᠢᠶᠡᠨ ᠠᠪᠴᠤ  ᠰᠢᠢᠳᠪᠦᠷᠢᠯᠡᠬᠦ ᠦᠭᠡᠢ᠂ ᠭᠡᠪᠡᠴᠦ ᠭᠤᠶᠤᠴᠢᠯᠠᠭᠴᠢ ᠨᠢ ᠳ᠋ᠢᠶᠠᠩᠬᠤᠸᠠ ᠪᠠᠷ ᠳᠠᠮᠵᠢᠭᠤᠯᠤᠨ ᠵᠣᠬᠢᠴᠠᠩᠭᠤᠢ  ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠠᠰᠠᠭᠤᠨ ᠯᠠᠪᠯᠠᠵᠤ ᠪᠣᠯᠣᠨ᠎ᠠ᠃ 3. ᠰᠢᠢᠳᠪᠦᠷᠢᠯᠡᠭᠦᠯᠬᠦ ᠪᠠᠷ ᠭᠤᠶᠤᠴᠢᠯᠠᠬᠤ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠯ ᠳᠤ  ᠬᠠᠷᠢᠭᠤᠯᠲᠠ ᠥᠭᠭᠦᠨ᠎ᠡ᠃ᠬᠠᠷᠢᠭᠤᠯᠲᠠ ᠥᠭᠬᠦ ᠬᠤᠭᠤᠴᠠᠭ᠎ᠠ ᠶᠢ ᠦᠨᠡᠬᠡᠷ ᠤᠷᠲᠤᠳᠬᠠᠬᠤ ᠴᠢᠬᠤᠯᠠ ᠲᠠᠢ ᠪᠣᠯ  ᠭᠤᠶᠤᠴᠢᠯᠠᠭᠴᠢ ᠳᠤ ᠮᠡᠳᠡᠭᠳᠡᠨ᠎ᠡ᠃ᠬᠠᠷᠢᠭᠤᠯᠲᠠ ᠥᠭᠬᠦ ᠬᠤᠭᠤᠴᠠᠭ᠎ᠠ ᠶᠢ ᠬᠠᠮᠤᠭ ᠤᠨ ᠤᠷᠳᠦ ᠳᠠᠭᠠᠨ 20  ᠠᠵᠢᠯ ᠤᠨ ᠡᠳᠦᠷ ᠠᠴᠠ ᠬᠡᠲᠦᠷᠡᠭᠦᠯᠵᠦ ᠪᠣᠯᠬᠤ ᠤᠶᠢᠭᠡᠢ᠃ᠭᠤᠶᠤᠴᠢᠯᠠᠯ ᠢ ᠣᠯᠣᠭᠰᠠᠨ ᠡᠮᠦᠨ᠎ᠡ ᠬᠤᠶᠢᠨᠠᠬᠢ ᠳᠡᠰ  ᠳᠠᠷᠠᠭ᠎ᠠ ᠶᠢ ᠦᠨᠳᠦᠰᠦᠯᠡᠨ ᠭᠤᠶᠤᠴᠢᠯᠠᠯ ᠢ ᠭᠦᠢᠴᠡᠳᠬᠡᠨ᠎ᠡ᠂ ᠭᠠᠭᠴᠠ ᠵᠦᠢᠯ ᠤᠨ ᠭᠤᠶᠤᠴᠢᠯᠠᠯ ᠳᠤ ᠬᠠᠮᠲᠤ ᠳᠤᠨᠢ  ᠬᠡᠳᠦᠨ ᠵᠦᠢᠯ ᠤᠨ ᠲᠤᠰᠠᠭᠠᠷ ᠭᠤᠶᠤᠴᠢᠯᠠᠯ ᠭᠠᠷᠭᠠᠭᠰᠠᠨ ᠪᠠᠶᠢᠪᠠᠯ᠂ ᠪᠦᠬᠦᠨ ᠢ ᠰᠢᠢᠳᠪᠦᠷᠢᠯᠡᠵᠦ ᠳᠠᠭᠤᠰᠤᠭᠰᠠᠨ ᠤ  ᠳᠠᠷᠠᠭ᠎ᠠ ᠨᠢᠭᠡᠳᠦᠯᠲᠡᠢ ᠬᠠᠷᠢᠭᠤᠯᠲᠠ ᠥᠭᠭᠦᠨ᠎ᠡ᠃ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ  ᠲᠥᠯᠥᠭᠡ᠂ ᠭᠤᠶᠤᠴᠢᠯᠠᠭᠴᠢ ᠳᠤ ᠠᠳᠠᠯᠢ ᠪᠤᠰᠤ ᠭᠤᠶᠤᠴᠢᠯᠠᠯ ᠤᠨ ᠲᠤᠬᠠᠢ ᠲᠣᠰ ᠲᠣᠰ ᠭᠤᠶᠤᠴᠢᠯᠠᠬᠤ ᠶᠢ  ᠰᠠᠨᠠᠭᠤᠯᠵᠤ ᠪᠠᠶᠢᠨ᠎ᠠ᠃ᠭᠤᠶᠤᠴᠢᠯᠠᠭᠴᠢ ᠶᠢᠨ ᠬᠠᠩᠭᠠᠭᠰᠠᠨ ᠭᠤᠶᠤᠴᠢᠯᠠᠬᠤ ᠴᠢᠬᠤᠯᠠ ᠨᠥᠬᠦᠴᠡᠯ ᠨᠢ ᠪᠦᠷᠢᠨ ᠪᠤᠰᠤ᠂  ᠣᠨᠣᠪᠴᠢ ᠦᠭᠡᠢ ᠪᠠᠶᠢᠵᠤ᠂ ᠪᠣᠳᠠᠲᠠᠢ ᠮᠡᠳᠡᠭᠡ ᠵᠠᠩᠭᠢ ᠶᠢᠨ ᠠᠭᠤᠯᠭ᠎ᠠ ᠶᠢ ᠲᠣᠭᠲᠠᠭᠠᠬᠤ ᠳᠤ ᠪᠡᠷᠬᠡᠲᠡᠢ ᠪᠠᠶᠢᠪᠠᠯ᠂  ᠲᠤᠰ ᠪᠠᠶᠢᠭᠤᠯᠭ᠎ᠠ ᠠᠴᠠ ᠭᠤᠶᠤᠴᠢᠯᠠᠭᠴᠢ ᠶᠢ ᠨᠥᠬᠦᠪᠦᠷᠢᠯᠡᠬᠦ ᠪᠤᠶᠤ ᠵᠠᠯᠠᠷᠠᠭᠤᠯᠤᠭᠤᠯᠬᠤ ᠪᠠᠷ ᠱᠠᠭᠠᠷᠳᠠᠨ᠎ᠠ᠃ ᠡᠰᠡᠷᠭᠦᠴᠡᠰᠢ ᠦᠭᠡᠢ ᠬᠦᠴᠦᠨ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠤᠴᠢᠷ ᠰᠢᠯᠲᠠᠭᠠᠨ ᠠᠴᠠ ᠪᠣᠯᠵᠤ ᠵᠠᠰᠠᠭ ᠵᠠᠬᠢᠷᠭᠠᠨ ᠤ ᠪᠠᠶᠢᠭᠤᠯᠭ᠎ᠠ ᠲᠣᠭᠲᠠᠭᠰᠠᠨ ᠬᠤᠭᠤᠴᠠᠭᠠᠨ ᠳᠣᠲᠣᠷ᠎ᠠ ᠭᠤᠶᠤᠴᠢᠯᠠᠭᠴᠢ ᠳᠤ ᠬᠠᠷᠢᠭᠤᠯᠲᠠ  ᠥᠭᠴᠦ ᠳᠡᠶᠢᠯᠬᠦ ᠦᠭᠡᠢ ᠪᠤᠶᠤ ᠭᠤᠶᠤᠴᠢᠯᠠᠭᠴᠢ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠵᠤ  ᠳᠡᠶᠢᠯᠬᠦ ᠦᠭᠡᠢ ᠪᠠᠶᠢᠪᠠᠯ᠂ ᠬᠤᠭᠤᠴᠠᠭ᠎ᠠ ᠶᠢ ᠲᠤᠷᠭᠤᠨ ᠵᠣᠭᠰᠣᠭᠠᠨ᠎ᠠ᠃ᠲᠤᠷᠭᠤᠨ ᠵᠣᠭᠰᠣᠭᠠᠭᠰᠠᠨ ᠴᠠᠭ ᠢ ᠡᠮᠦᠨᠡᠬᠢ  ᠪᠠᠳᠠᠭ ᠲᠤ ᠲᠣᠭᠲᠠᠭᠠᠭᠰᠠᠨ ᠬᠤᠭᠤᠴᠠᠭᠠᠨ ᠳᠤ ᠪᠤᠳᠤᠵᠤ ᠣᠷᠣᠭᠤᠯᠬᠤ ᠦᠭᠡᠢ᠂ ᠬᠠᠷᠰᠢ ᠰᠠᠭᠠᠳ ᠢ ᠠᠷᠢᠯᠭᠠᠭᠰᠠᠨ ᠤ  ᠳᠠᠷᠠᠭᠠᠬᠢ ᠬᠤᠭᠤᠴᠠᠭ᠎ᠠ ᠶᠢ ᠪᠤᠳᠤᠬᠤ ᠶᠢ ᠰᠡᠷᠭᠦᠭᠡᠨ᠎ᠡ᠃ᠬᠤᠭᠤᠴᠠᠭ᠎ᠠ ᠶᠢ ᠲᠤᠷᠭᠤᠨ ᠵᠣᠭᠰᠤᠭᠠᠬᠤ ᠪᠠ ᠰᠡᠷᠭᠦᠭᠡᠬᠦ ᠳᠤ  ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠤᠶᠤᠴᠢᠯᠠᠭᠴᠢ ᠳᠤ ᠪᠠᠶᠢᠳᠠᠯ ᠢ ᠪᠢᠴᠢᠭ ᠢᠶᠠᠷ ᠲᠣᠳᠣᠷᠬᠠᠶᠢᠯᠠᠵᠤ ᠥᠭᠬᠦ  ᠬᠡᠷᠡᠭᠲᠡᠢ᠃ ᠪᠣᠳᠠᠲᠠᠢ ᠬᠠᠷᠢᠭᠤᠯᠲᠠ ᠥᠭᠬᠦ ᠠᠷᠭ᠎ᠠ ᠮᠠᠶ᠋ᠢᠭ ᠨᠢ ᠳᠣᠣᠷᠠᠬᠢ ᠮᠡᠲᠦ᠄ ︵1︶ ᠲᠤᠰ ᠪᠠᠶᠢᠭᠤᠯᠭ᠎ᠠ ᠭᠤᠶᠤᠴᠢᠯᠠᠯ ᠢ ᠣᠯᠣᠭᠰᠠᠨ ᠤ ᠲᠠᠷᠠᠭ᠎ᠠ᠂ ᠭᠤᠶᠤᠴᠢᠯᠠᠯ ᠤᠨ ᠴᠢᠬᠤᠯᠠ ᠨᠥᠬᠦᠴᠡᠯ ᠤᠨ  ᠪᠦᠷᠢᠨ ᠭᠦᠢᠴᠡᠳ ᠪᠠᠶᠢᠬᠤ ᠡᠰᠡᠬᠦ ᠶᠢ ᠬᠡᠯᠪᠡᠷᠢ ᠶᠢᠨ ᠲᠠᠯ᠎ᠠ ᠠᠴᠠ ᠬᠢᠨᠠᠨ ᠪᠠᠶᠢᠴᠠᠭᠠᠵᠤ᠂ ᠭᠤᠶᠤᠴᠢᠯᠠᠭᠴᠢ ᠶᠢᠨ ᠬᠠᠩᠭᠠᠭᠰᠠᠨ ᠭᠤᠶᠤᠴᠢᠯᠠᠯ ᠤᠨ ᠴᠢᠬᠤᠯᠠ ᠨᠥᠬᠦᠴᠡᠯ ᠨᠢ ᠪᠦᠷᠢᠨ ᠪᠤᠰᠤ᠂ ᠣᠨᠣᠪᠴᠢ ᠦᠭᠡᠢ ᠪᠠᠶᠢᠵᠤ᠂ ᠪᠣᠳᠠᠲᠠᠢ  ᠮᠡᠳᠡᠭᠡ ᠵᠠᠩᠭᠢ ᠶᠢᠨ ᠠᠭᠤᠯᠭ᠎ᠠ ᠶᠢ ᠲᠣᠭᠲᠠᠭᠠᠬᠤ ᠳᠤ ᠪᠡᠷᠬᠡᠲᠡᠢ ᠪᠠᠶᠢᠪᠠᠯ᠂ ᠲᠤᠰ ᠪᠠᠶᠢᠭᠤᠯᠭ᠎ᠠ ᠠᠴᠠ ᠭᠤᠶᠤᠴᠢᠯᠠᠭᠴᠢ ᠶᠢ ᠨᠥᠬᠦᠪᠦᠷᠢᠯᠡᠬᠦ ᠪᠤᠶᠤ ᠵᠠᠯᠠᠷᠠᠭᠤᠯᠤᠭᠤᠯᠬᠤ ᠪᠠᠷ ᠱᠠᠭᠠᠷᠳᠠᠨ᠎ᠠ᠃  ︵2︶ ᠲᠤᠰ ᠪᠠᠶᠢᠭᠤᠯᠭ᠎ᠠ ᠶᠢᠨ ᠡᠵᠡᠮᠰᠢᠵᠦ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠲᠤᠰ  ᠪᠠᠶᠢᠭᠤᠯᠭ᠎ᠠ ᠶᠢᠨ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠠᠴᠠ ᠭᠤᠶᠤᠴᠢᠯᠠᠭᠴᠢ ᠳᠤ ᠴᠠᠭ ᠲᠤᠬᠠᠢ ᠳᠤᠨᠢ  ᠮᠡᠳᠡᠭᠳᠡᠨ᠎ᠡ᠃ᠬᠡᠷᠪᠡ ᠲᠤᠰ ᠮᠡᠳᠡᠭᠡ ᠵᠠᠩᠭᠢ ᠶᠢ ᠡᠵᠡᠮᠰᠢᠭᠰᠡᠨ ᠪᠠᠶᠢᠭᠤᠯᠭ᠎ᠠ ᠶᠢ ᠲᠣᠭᠲᠠᠭᠠᠵᠤ ᠴᠢᠳᠠᠪᠠᠯ᠂ ᠲᠤᠰ  ᠪᠠᠶᠢᠭᠤᠯᠭ᠎ᠠ ᠶᠢᠨ ᠬᠠᠷᠢᠯᠴᠠᠬᠤ ᠠᠷᠭ᠎ᠠ ᠮᠠᠶ᠋ᠢᠭ ᠢ ᠭᠤᠶᠤᠴᠢᠯᠠᠭᠴᠢ ᠳᠤ ᠬᠡᠯᠡᠵᠦ ᠥᠭᠬᠦ ᠬᠡᠷᠡᠭᠲᠡᠢ᠃  ︵3︶ ᠭᠤᠶᠤᠴᠢᠯᠠᠭᠰᠠᠨ ᠮᠡᠳᠡᠭᠡ ᠵᠠᠩᠭᠢ ᠨᠢ ᠬᠡᠷᠪᠡ ᠲᠤᠰ ᠪᠠᠶᠢᠭᠤᠯᠭ᠎ᠠ ᠶᠢᠨ ᠨᠢᠭᠡᠨᠲᠡ ᠰᠠᠨᠠᠭᠠᠴᠢᠯᠠᠭ᠎ᠠ ᠠᠴᠠ ᠪᠠᠨ  ᠢᠯᠡ ᠪᠣᠯᠭᠠᠭᠰᠠᠨ ᠮᠡᠳᠡᠭᠡ ᠵᠠᠩᠭᠢ ᠳᠤ ᠲᠣᠭᠠᠴᠠᠭᠳᠠᠪᠠᠯ᠂ ᠭᠤᠶᠤᠴᠢᠯᠠᠭᠴᠢ ᠳᠤ ᠮᠡᠳᠡᠭᠡ ᠵᠠᠩᠭᠢ ᠣᠯᠬᠤ ᠠᠷᠭ᠎ᠠ  ᠮᠠᠶ᠋ᠢᠭ ᠪᠠ ᠠᠷᠭ᠎ᠠ ᠵᠠᠮ ᠢ ᠬᠡᠯᠡᠵᠦ ᠥᠭᠭᠦᠨ᠎ᠡ᠃  ︵4︶ ᠢᠯᠡ ᠪᠣᠯᠭᠠᠬᠤ ᠦᠭᠡᠢ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠲᠣᠭᠠᠴᠠᠭᠳᠠᠪᠠᠯ᠂ ᠢᠯᠡ ᠪᠣᠯᠭᠠᠬᠤ ᠦᠭᠡᠢ ᠤᠴᠢᠷ ᠰᠢᠯᠲᠠᠭᠠᠨ ᠢ ᠭᠤᠶᠤᠴᠢᠯᠠᠭᠴᠢ ᠳᠤ ᠮᠡᠳᠡᠭᠳᠡᠨ᠎ᠡ᠃ ︵5︶ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠢᠯᠡ ᠪᠣᠯᠭᠠᠭᠰᠠᠨ ᠮᠡᠳᠡᠭᠡ ᠵᠠᠩᠭᠢ ᠶᠢ ᠪᠦᠷᠢᠨ ᠪᠤᠰᠤ᠂ ᠣᠨᠣᠪᠴᠢ ᠦᠭᠡᠢ ᠭᠡᠵᠦ ᠦᠵᠡᠭᠡᠳ ᠥᠭᠡᠷᠡᠴᠢᠯᠡᠭᠦᠯᠬᠦ ᠪᠠᠷ ᠱᠠᠭᠠᠷᠳᠠᠬᠤ  ᠡᠷᠬᠡ ᠲᠠᠢ᠂ ᠮᠡᠳᠡᠭᠡ ᠵᠠᠩᠭᠢ ᠨᠡᠶᠢᠲᠡᠯᠡᠬᠦ ᠪᠠᠶᠢᠭᠤᠯᠤᠮᠵᠢ ᠳᠤ ᠥᠭᠡᠷᠡᠴᠢᠯᠡᠬᠦ ᠡᠷᠬᠡ ᠦᠭᠡᠢ ᠢᠯᠡ ᠪᠣᠯᠭᠠᠭᠰᠠᠨ ᠮᠡᠳᠡᠭᠡ  ᠵᠠᠩᠭᠢ ᠶᠢ ᠰᠢᠢᠳᠪᠦᠷᠢᠯᠡᠬᠦ ᠡᠷᠬᠡ ᠲᠠᠢ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠶᠢᠨ ᠬᠠᠮᠲᠤ ᠭᠤᠶᠤᠴᠢᠯᠠᠭᠴᠢ ᠳᠤ ᠮᠡᠳᠡᠭᠳᠡᠨ᠎ᠡ᠃ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ  ᠶᠢ  ᠬᠠᠩᠭᠠᠬᠤ ᠳᠠᠭᠠᠨ ᠰᠦᠢᠳᠬᠡᠯ ᠬᠤᠷᠢᠶᠠᠬᠤ ᠦᠭᠡᠢ᠃ᠭᠡᠪᠡᠴᠦ ᠭᠤᠶᠤᠴᠢᠯᠠᠭᠴᠢ ᠶᠢᠨ ᠵᠠᠰᠠᠭ ᠤᠨ ᠣᠷᠳᠣᠨ ᠤ ᠮᠡᠳᠡᠭᠡ  ᠵᠠᠩᠭᠢ  ᠶᠢ ᠢᠯᠡ ᠪᠣᠯᠭᠠᠬᠤ  ᠪᠠᠷ ᠭᠤᠶᠤᠴᠢᠯᠠᠭᠰᠠᠨ ᠲᠤᠭ᠎ᠠ ᠬᠡᠮᠵᠢᠶ᠎ᠡ᠂ ᠤᠳᠠᠭ᠎ᠠ ᠳᠠᠷᠠᠭ᠎ᠠ ᠨᠢ ᠵᠦᠢ ᠵᠣᠬᠢᠰᠲᠠᠢ  ᠬᠡᠪᠴᠢᠶᠡᠨ ᠠᠴᠠ ᠢᠯᠡᠳᠲᠡ ᠬᠡᠲᠦᠷᠡᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠮᠡᠳᠡᠭᠡ ᠵᠠᠩᠭᠢ  ᠶᠢ  ᠰᠢᠢᠳᠪᠦᠷᠢᠯᠡᠬᠦ ᠵᠠᠷᠤᠳᠠᠯ ᠬᠤᠷᠢᠶᠠᠵᠤ ᠪᠣᠯᠣᠨ᠎ᠠ ︵ᠵᠠᠷᠤᠳᠠᠯ ᠬᠤᠷᠢᠶᠠᠬᠤ ᠪᠠᠷᠢᠮᠵᠢᠶ᠎ᠠ  ᠶᠢ ︽ᠪᠥᠬᠦᠳᠡ ᠨᠠᠶᠢᠷᠠᠮᠳᠠᠬᠤ  ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠳᠦᠷᠢᠮ︾ ᠤᠨ  ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ︶᠃ ᠭᠤᠷᠪᠠ᠂ ᠠᠵᠢᠯ ᠤᠨ ᠪᠠᠶᠢᠭᠤᠯᠤᠮᠵᠢ ᠰᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ᠄ ᠰᠢᠶᠠᠨ ᠤ  ᠵᠠᠰᠠᠭ ᠤᠨ ᠣᠷᠳᠣᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠢᠴᠢ  ᠪᠤᠰᠤᠳ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠵᠦ᠂ ᠵᠠᠰᠠᠭ ᠤᠨ  ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠶᠡᠷᠦᠩᠬᠡᠶᠢᠯᠡᠨ  ᠵᠣᠬᠢᠴᠠᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠤᠲᠠᠰᠤ᠄ ︵0476︶ 4276908︔ ᠢᠮᠧᠯ᠄ ncxzwfwj@126.com︔ ᠰᠢᠤᠳᠠᠨ ᠳ᠋ᠤᠭᠠᠷ᠄ 024200᠃ ᠳᠥᠷᠪᠡ᠂ ᠬᠢᠨᠠᠯᠲᠠ ᠲᠠᠯᠪᠢᠬᠤ ᠠᠷᠭ᠎ᠠ ᠮᠠᠶ᠋ᠢᠭ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠰᠢᠶᠠᠨ ᠤ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠲᠤᠬᠠᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ  ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠭᠤᠮᠣᠳᠠᠯ ᠲᠣᠭᠠᠴᠢᠬᠤ ᠪᠤᠶᠤ ᠵᠠᠭᠠᠯᠳᠤᠵᠤ ᠪᠣᠯᠣᠨ᠎ᠠ  ︵ᠬᠠᠷᠢᠯᠴᠠᠬᠤ ᠤᠲᠠᠰᠤ᠄ 4276908︶᠂ ᠪᠠᠰᠠ ᠬᠢᠨᠠᠨ ᠪᠠᠶᠢᠴᠠᠭᠠᠬᠤ ᠪᠠᠶᠢᠭᠤᠯᠭ᠎ᠠ ᠳᠤ ᠢᠯᠡᠴᠢᠯᠡᠨ ᠮᠡᠳᠡᠭᠦᠯᠵᠦ  ᠪᠣᠯᠣᠨ᠎ᠠ᠂ ᠪᠠᠰᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠤᠶᠤ ᠵᠠᠰᠠᠭ ᠵᠠᠬᠢᠷᠭᠠᠨ ᠤ ᠵᠠᠷᠭᠤ ᠶᠢᠨ ᠠᠷᠭ᠎ᠠ  ᠮᠠᠶ᠋ᠢᠭ ᠢᠶᠠᠷ ᠰᠢᠢᠳᠪᠦᠷᠢᠯᠡᠵᠦ ᠪᠣᠯᠣᠨ᠎ᠠ᠃     ᠢᠷᠡᠯᠲᠡ᠄   ᠨᠢᠩᠴᠧᠩ ᠰᠢᠶᠠᠨ ᠤ ᠵᠠᠰᠠᠭ ᠤᠨ ᠤᠷᠳᠤᠨ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号