| | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ︕ ᠥᠨᠥᠳᠥᠷ ᠤᠨ ︽ᠰᠦᠯᠵᠢᠶᠡᠨ ᠳᠡᠭᠡᠷᠡᠬᠢ | ᠰᠣᠷᠪᠤᠯᠵᠢᠯᠠᠭ᠎ᠠ︾ ᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ ᠵᠠᠩ ᠭᠦᠸᠧ ᠵᠢᠶᠦ᠋ᠨ | ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ ᠃ | ᠵᠠᠩ ᠭᠦᠸᠧ ᠵᠢᠶᠦ᠋ᠨ᠄ ᠬᠥᠲᠥᠯᠥᠭᠴᠢ ᠰᠠᠶᠢᠨ ᠪᠠᠶᠢᠨ᠎ᠠ︖ ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ︖ ︽ | ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠳᠤ ᠢᠷᠡᠵᠦ ᠣᠯᠠᠨ ᠲᠠᠢ ᠰᠠᠨᠠᠯ ᠢᠶᠠᠨ ᠰᠤᠯᠢᠯᠴᠠᠬᠤ ᠳᠠᠭᠠᠨ ᠮᠠᠰᠢ | ᠪᠠᠶᠠᠷ ᠲᠠᠢ ᠪᠠᠶᠢᠨ᠎ᠠ᠃ ᠪᠢᠳᠡ ᠴᠢᠳᠠᠯ ᠤᠨ ᠬᠢᠷᠢ ᠪᠠᠷ ᠢᠶᠠᠨ ᠥᠷᠭᠡᠨ ᠤᠯᠠᠨ ᠨᠠᠶᠢᠵᠢ ᠨᠠᠷ ᠲᠤ ᠬᠤᠯᠪᠣᠭᠳᠠᠯ ᠪᠦᠬᠦᠢ | ᠠᠰᠠᠭᠤᠳᠠᠯ ᠢ ᠬᠠᠷᠢᠭᠤᠯᠵᠤ ᠥᠭᠬᠦ ᠪᠥᠭᠡᠳ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ | ᠴᠢᠩ ᠰᠡᠳᠬᠢᠯ ᠠᠴᠠ ᠪᠠᠨ ᠪᠠᠶᠠᠷᠯᠠᠨ ᠤᠭᠲᠤᠨ᠎ᠠ᠃ | ᠬᠥᠲᠥᠯᠥᠭᠴᠢ᠄ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠳᠤᠮᠳᠠ᠂ ᠰᠢᠶᠠᠨ ᠤ | ᠬᠠᠤᠯᠢ ᠴᠠᠭᠠᠵᠠ ᠶᠢᠨ ᠲᠣᠪᠴᠢᠶ᠎ᠠ ᠠᠴᠠ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠪᠠᠲᠤᠯᠠᠭ᠎ᠠ ᠶᠢ | ᠳᠡᠭᠡᠭᠰᠢᠯᠡᠭᠦᠯᠬᠦ ᠳᠤ ᠶᠠᠮᠠᠷ ᠶᠠᠮᠠᠷ ᠪᠣᠳᠠᠲᠠᠢ ᠠᠵᠢᠯ ᠬᠢᠭᠰᠡᠨ ᠪᠣᠶ︖ | ᠵᠠᠩ ᠭᠦᠸᠧ ᠵᠢᠶᠦ᠋ᠨ᠄ ᠶᠡᠷᠦ ᠠᠴᠠ ᠨᠢᠩᠴᠧᠩ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠰᠢᠶᠠᠨ ᠤ ᠨᠠᠮ ᠤᠨ | ᠬᠤᠷᠢᠶ᠎ᠠ ᠰᠢᠶᠠᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠠᠵᠤ | ᠠᠬᠤᠶᠢᠯᠠᠯ ᠤᠨ ᠬᠡᠷᠡᠭᠴᠡᠭᠡ ᠳᠤ ᠰᠠᠭᠤᠷᠢᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ᠂ ᠴᠢᠨᠠᠷ ᠰᠠᠶᠢᠲᠠᠢ ᠬᠠᠤᠯᠢ ᠲᠣᠭᠲᠠᠭᠠᠬᠤ᠂ ᠬᠠᠤᠯᠢ ᠴᠠᠭᠠᠵᠠ ᠶᠢᠨ | ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ᠂ ᠵᠠᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠬᠦ ᠵᠢᠴᠢ ᠠᠵᠤ ᠠᠬᠤᠶᠢᠯᠠᠯ ᠤᠨ ᠬᠠᠤᠯᠢᠵᠢᠯ ᠤᠨ ᠰᠣᠶᠣᠯ ᠢ ᠪᠣᠶᠢᠵᠢᠭᠤᠯᠬᠤ᠂ ᠬᠠᠷᠢᠭᠤᠴᠠᠯᠭ᠎ᠠ | ᠡᠭᠦᠷᠭᠡᠯᠡᠨ ᠠᠵᠢᠯ ᠬᠢᠬᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠪᠣᠳᠣᠯᠬᠢᠯᠠᠵᠤ᠂ ᠪᠦᠬᠦ ᠰᠢᠶᠠᠨ ᠤ | ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠳᠤ ᠪᠠᠲᠤ ᠪᠠᠬᠢ ᠬᠠᠤᠯᠢ ᠴᠠᠭᠠᠵᠠ ᠶᠢᠨ | ᠲᠤᠯᠭᠠᠭᠤᠷᠢᠯᠠᠯ᠂ ᠬᠦᠴᠦᠲᠡᠢ ᠬᠠᠤᠯᠢᠵᠢᠯ ᠤᠨ ᠪᠠᠲᠤᠯᠠᠭ᠎ᠠ᠂ ᠰᠢᠯᠢᠳᠡᠭ ᠰᠠᠶᠢᠨ ᠬᠠᠤᠯᠢ ᠴᠠᠭᠠᠵᠠ ᠶᠢᠨ ᠦᠢᠯᠡᠴᠢᠯᠡᠭᠡ | ᠬᠠᠩᠭᠠᠵᠠᠢ᠃ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠥᠷᠨᠢᠭᠦᠯᠪᠡ᠃ | ᠨᠢᠭᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠵᠢᠷᠤᠮᠵᠢᠭᠤᠯᠪᠠ᠃ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠲᠠᠢ ᠬᠤᠯᠪᠣᠭᠳᠠᠬᠤ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠥᠷᠨᠢᠭᠦᠯᠵᠦ᠂ ᠭᠤᠥᠯᠴᠢ | ᠥᠷᠢᠰᠦᠯᠳᠦᠭᠡᠨ ᠤ ᠬᠢᠨᠠᠨ ᠪᠠᠶᠢᠴᠠᠭᠠᠯᠲᠠ ᠪᠠ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ | ᠬᠡᠷᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠬᠠᠷᠰᠢ ᠰᠠᠭᠠᠳ ᠢ ᠦᠨᠡᠨᠬᠦ | ᠠᠷᠢᠯᠭᠠᠵᠤ᠂ ᠨᠢᠩᠴᠧᠩ ᠰᠢᠶᠠᠨ ᠤ ᠡᠯ᠎ᠡ ᠰᠠᠯᠠᠭ᠎ᠠ ᠮᠥᠴᠢᠷ ᠤᠨ ᠬᠦᠴᠦᠨ ᠦᠭᠡᠢ ᠪᠣᠯᠭᠠᠭᠰᠠᠨ ᠭᠡᠷᠡᠴᠢᠯᠡᠬᠦ ᠵᠦᠢᠯᠡᠰ | ᠨᠢ 7 ᠵᠦᠢᠯ᠂ ᠡᠯ᠎ᠡ ᠰᠠᠯᠠᠭ᠎ᠠ ᠮᠥᠴᠢᠷ ᠤᠨ ᠦᠯᠡᠳᠡᠭᠡᠭᠰᠡᠨ ᠭᠡᠷᠡᠴᠢᠯᠡᠬᠦ ᠵᠦᠢᠯᠡᠰ ᠨᠢ 31 ᠵᠦᠢᠯ ᠪᠣᠯᠣᠨ᠎ᠠ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠢ ᠭᠦᠨᠵᠡᠭᠡᠢ | ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠪᠴᠠᠩ ᠤᠨ ᠬᠡᠷᠡᠭᠯᠡᠯᠲᠡ ᠳᠤ ᠬᠢᠨᠠᠯᠲᠠ | ᠲᠠᠯᠪᠢᠬᠤ ᠶᠢ ᠴᠢᠩᠭᠠᠷᠠᠭᠤᠯᠤᠨ᠂ ︽ᠢᠯᠡ ᠪᠠᠷ ᠬᠠᠤᠯᠢ ᠬᠡᠷᠡᠭᠵᠢᠭᠦᠯᠬᠦ︾ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢᠨ | ᠬᠠᠮᠲᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠰᠢᠮᠳᠠᠭᠤᠯᠤᠨ ᠪᠠᠶᠢᠴᠠᠭᠠᠬᠤ ᠵᠡᠷᠭᠡ ᠪᠠᠷ ᠳᠠᠮᠵᠢᠭᠤᠯᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠢᠯᠡ ᠲᠣᠳᠣ ᠡᠷᠬᠡ | ᠲᠡᠭᠰᠢ ᠲᠥᠪ ᠭᠤᠥᠯᠴᠢ ᠪᠠᠶᠢᠬᠤ ᠶᠢ ᠦᠨᠡᠨᠬᠦ ᠪᠠᠲᠤᠯᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ | ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠬᠤᠶᠠᠷ ᠲᠤ ᠬᠠᠤᠯᠢ | ᠴᠠᠭᠠᠵᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠨᠡᠮᠡᠭᠳᠡᠭᠦᠯᠪᠡ᠃ ᠬᠠᠤᠯᠢᠴᠢ ᠶᠢ ᠵᠣᠬᠢᠶᠠᠨ ᠪᠠᠶᠢᠭᠤᠯᠤᠨ ᠬᠠᠤᠯᠢ | ᠴᠠᠭᠠᠵᠠ ᠶᠢᠨ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠰᠤᠷᠪᠤᠯᠵᠢᠯᠠᠵᠤ᠂ ᠬᠡᠷᠡᠭᠴᠡᠭᠡ ᠶᠢ ᠴᠠᠭ ᠲᠤᠬᠠᠢ ᠳᠤᠨᠢ ᠣᠶᠢᠯᠠᠭᠠᠵᠤ᠂ | ᠦᠢᠯᠡᠴᠢᠯᠡᠭᠡᠨ ᠤ ᠠᠵᠢᠯᠯᠠᠭ᠎ᠠ ᠶᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ ᠠᠵᠤ ᠠᠬᠤᠶᠢᠯᠠᠯ ᠳᠤ ᠬᠠᠤᠯᠢ | ᠴᠠᠭᠠᠵᠠ ᠶᠢᠨ ᠪᠠᠲᠤᠯᠠᠭ᠎ᠠ ᠬᠠᠩᠭᠠᠪᠠ᠃ ᠭᠤᠷᠪᠠ ᠳᠤ᠂ ᠠᠷᠠᠳ ᠤᠨ ᠡᠶᠡᠳᠡᠭᠦᠯᠭᠡ ᠶᠢ ᠬᠥᠲᠥᠯᠥᠨ ᠵᠢᠯᠤᠭᠤᠳᠴᠤ | ᠪᠠᠶᠢᠭᠠᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠬᠠᠮᠠᠭᠠᠯᠠᠪᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠡᠶᠡᠳᠡᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠲᠤᠰᠬᠠᠢ ᠡᠶᠡᠳᠡᠭᠦᠯᠬᠦ ᠵᠣᠬᠢᠶᠠᠨ ᠪᠠᠶᠢᠭᠤᠯᠤᠯᠲᠠ᠂ | ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠥᠨᠳᠥᠷ ᠪᠦᠲᠦᠮᠵᠢᠲᠡᠶ ᠪᠠᠷ ᠰᠢᠢᠳᠪᠤᠷᠢᠯᠡᠪᠡ᠃ | ᠬᠥᠲᠥᠯᠥᠭᠴᠢ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠳᠤ ᠶᠠᠮᠠᠷ | ᠶᠠᠮᠠᠷ ᠠᠭᠤᠯᠭ᠎ᠠ ᠶᠢ ᠪᠠᠶᠢᠴᠠᠭᠠᠳᠠᠭ ᠪᠣᠶ︖ | ᠵᠠᠩ ᠭᠦᠸᠧ ᠵᠢᠶᠦ᠋ᠨ᠄ ᠪᠢᠳᠡ 8 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠶᠢ ᠲᠣᠬᠢᠶᠠᠯᠳᠤᠯ ᠢᠶᠠᠷ | ᠰᠣᠩᠭᠤᠨ ᠰᠣᠩᠭᠤᠵᠤ᠂ 30 ᠭᠠᠷᠤᠢ ᠬᠡᠷᠡᠭ ᠤᠨ ᠡᠪᠬᠡᠮᠡᠯ ᠢ ᠲᠥᠪᠯᠡᠷᠡᠭᠦᠯᠦᠨ ᠬᠠᠷᠢᠯᠴᠠᠨ ᠪᠠᠶᠢᠴᠠᠭᠠᠪᠠ᠃ ᠬᠡᠷᠡᠭ | ᠪᠣᠯᠭᠠᠨ ᠳᠠᠩᠰᠠᠯᠠᠬᠤ᠂ ᠪᠠᠶᠢᠴᠠᠭᠠᠵᠤ ᠭᠡᠷᠡᠴᠢ ᠠᠪᠬᠤ᠂ ᠬᠢᠨᠠᠨ ᠪᠠᠶᠢᠴᠠᠭᠠᠵᠤ ᠲᠣᠭᠲᠠᠭᠠᠬᠤ᠂ ᠬᠦᠷᠭᠡᠬᠦ ᠪᠠ | ᠭᠦᠢᠴᠡᠳᠬᠡᠬᠦ᠂ ᠲᠠᠩᠰᠠ ᠡᠪᠬᠡᠮᠡᠯ ᠵᠡᠷᠭᠡ ᠲᠠᠪᠤᠨ ᠲᠠᠯ᠎ᠠ ᠠᠴᠠ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢᠨ | ᠬᠠᠤᠯᠢ ᠳᠤ ᠨᠡᠶᠢᠴᠡᠬᠦ ᠡᠰᠡᠬᠦ᠂ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠭᠰᠠᠨ ᠨᠢ ᠲᠣᠳᠣᠷᠬᠠᠢ ᠡᠰᠡᠬᠦ᠂ ᠭᠡᠷᠡᠴᠢ | ᠪᠠᠷᠢᠮᠲᠠ ᠶᠢ ᠬᠡᠷᠡᠭᠯᠡᠭᠰᠡᠨ ᠨᠢ ᠭᠦᠢᠴᠡᠳ ᠡᠰᠡᠬᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠯᠡᠭᠰᠡᠨ ᠨᠢ | ᠣᠨᠣᠪᠴᠢᠲᠠᠢ ᠡᠰᠡᠬᠦ ᠶᠢ ᠦᠨᠡᠯᠡᠨ ᠪᠠᠶᠢᠴᠠᠭᠠᠨ᠎ᠠ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ᠂ ᠪᠢᠴᠢᠭ ᠬᠠᠷ᠎ᠠ | ᠵᠣᠬᠢᠶᠠᠬᠤ ᠨᠢ ᠵᠢᠷᠤᠮᠵᠢᠯ ᠲᠠᠢ ᠪᠠᠶᠢᠬᠤ ᠡᠰᠡᠬᠦ᠂ ᠦᠰᠦᠭ ᠪᠢᠴᠢᠭ᠂ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ | ᠨᠢ ᠵᠢᠷᠤᠮᠵᠢᠯ ᠲᠠᠢ ᠪᠠᠶᠢᠬᠤ ᠡᠰᠡᠬᠦ᠂ ᠡᠪᠬᠡᠮᠡᠯ ᠳᠤ ᠣᠷᠣᠭᠤᠯᠤᠨ ᠬᠠᠳᠠᠭᠠᠯᠠᠭᠰᠠᠨ ᠡᠰᠡᠬᠦ᠂ ᠴᠢᠬᠤᠯᠠ ᠶᠡᠭᠡ ᠬᠠᠤᠯᠢ | ᠬᠡᠷᠡᠭᠵᠢᠭᠦᠯᠦᠯᠲᠡ ᠶᠢᠨ ᠲᠣᠭᠲᠠᠭᠠᠯ ᠤᠨ ᠬᠡᠷᠡᠭ ᠤᠨ ᠬᠠᠤᠯᠢ ᠳᠦᠷᠢᠮ ᠤᠨ ᠪᠠᠶᠢᠭᠤᠯᠤᠮᠵᠢ ᠶᠢᠨ ᠬᠢᠨᠠᠨ | ᠬᠠᠷᠭᠤᠭᠤᠯᠤᠭᠰᠠᠨ ᠰᠠᠨᠠᠯ ᠨᠢ ᠵᠢᠷᠤᠮᠵᠢᠯ ᠲᠠᠢ ᠪᠠᠶᠢᠬᠤ ᠡᠰᠡᠬᠦ᠂ ᠬᠢᠨᠠᠨ ᠬᠠᠷᠭᠤᠭᠤᠯᠤᠭᠰᠠᠨ ᠠᠭᠤᠯᠭ᠎ᠠ ᠨᠢ ᠪᠦᠬᠦ | ᠲᠠᠯ᠎ᠠ ᠶᠢᠨ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠷ ᠦᠨᠡᠯᠡᠨ ᠪᠠᠶᠢᠴᠠᠭᠠᠨ᠎ᠠ᠃ | ᠬᠥᠲᠥᠯᠥᠭᠴᠢ᠄ ᠰᠠᠶ᠋ᠢ ᠶᠢᠨ ᠳᠤᠷᠠᠳᠤᠭᠰᠠᠨ ᠬᠠᠤᠯᠢᠴᠢ ᠶᠢ ᠵᠣᠬᠢᠶᠠᠨ ᠪᠠᠶᠢᠭᠤᠯᠵᠤ ᠬᠠᠤᠯᠢ ᠴᠠᠭᠠᠵᠠ ᠶᠢᠨ | ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠬᠦ ᠳᠤ ᠪᠣᠳᠠᠲᠠᠢ ᠪᠠᠷ ᠶᠠᠮᠠᠷ ᠶᠠᠮᠠᠷ | ᠠᠵᠢᠯᠯᠠᠭ᠎ᠠ ᠨᠤᠭᠤᠳ ᠢ ᠥᠷᠨᠢᠭᠦᠯᠦᠭᠰᠡᠨ ᠪᠤᠢ︖ | ᠵᠠᠩ ᠭᠦᠸᠧ ᠵᠢᠶᠦ᠋ᠨ᠄ ᠨᠢᠭᠡ ᠳᠤ ᠬᠠᠤᠯᠢ ᠶᠢ ᠠᠵᠤ ᠠᠬᠤᠶᠢᠯᠠᠯ ᠳᠤ ᠬᠦᠷᠭᠡᠬᠦ ︽ᠬᠠᠤᠯᠢ ᠪᠠᠷ ᠵᠠᠰᠠᠬᠤ ᠪᠡᠶ᠎ᠡ ᠶᠢᠨ | ᠪᠠᠶᠢᠴᠠᠭᠠᠯᠲᠠ︾ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ᠠᠵᠤ ᠠᠬᠤᠶᠢᠯᠠᠯ ᠤᠨ ᠬᠡᠷᠡᠭᠴᠡᠭᠡ ᠶᠢ | ᠦᠨᠳᠦᠰᠦᠯᠡᠨ᠂ ᠡᠯ᠎ᠡ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠶᠢ ᠵᠣᠬᠢᠶᠠᠨ ᠪᠠᠶᠢᠭᠤᠯᠤᠨ 20 ᠠᠵᠤ | ᠠᠬᠤᠶᠢᠯᠠᠯ ᠳᠤ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ ᠪᠠ ᠬᠠᠤᠯᠢ ᠴᠠᠭᠠᠵᠠ ᠶᠢᠨ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠢ ᠵᠢᠯᠣᠭᠤᠳᠤᠨ ᠬᠠᠤᠯᠢ ᠶᠣᠰᠣᠭᠠᠷ ᠵᠠᠰᠠᠬᠤ | ᠠᠵᠢᠯ ᠢ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠥᠳᠡᠯᠮᠦᠷᠢ ᠶᠢᠨ ᠭᠡᠷ᠎ᠡ᠂ ᠪᠣᠷᠤᠯᠠᠭᠤᠯᠭ᠎ᠠ ᠶᠢᠨ ᠭᠡᠷ᠎ᠡ ᠶᠢ | ᠭᠦᠢᠴᠡᠳᠬᠡᠬᠦ ᠵᠡᠷᠭᠡ ᠡᠯ᠎ᠡ ᠵᠦᠢᠯ ᠤᠨ ᠵᠢᠭᠤᠷᠠᠯᠳᠤᠭᠠᠨ ᠢ ᠰᠢᠢᠳᠪᠦᠷᠢᠯᠡᠵᠦ᠂ ᠡᠯ᠎ᠡ ᠵᠦᠢᠯ ᠤᠨ ᠬᠠᠤᠯᠢ ᠴᠠᠭᠠᠵᠠ ᠶᠢᠨ | ᠠᠶᠤᠯ ᠲᠦᠭᠰᠢᠭᠦᠷᠢ ᠶᠢ ᠰᠡᠷᠭᠡᠶᠢᠯᠡᠨ ᠠᠷᠭᠠᠴᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠦᠨᠡᠨ ᠬᠦ | ᠰᠢᠢᠳᠪᠦᠷᠢᠯᠡᠵᠦ ᠥᠭᠪᠡ᠃ᠬᠤᠶᠠᠷ ᠲᠤ ᠬᠠᠤᠯᠢ ᠪᠠᠷ ᠵᠠᠰᠠᠬᠤ ᠤᠬᠠᠭᠤᠯᠭ᠎ᠠ ᠶᠢ ᠠᠵᠤ ᠠᠬᠤᠶᠢᠯᠠᠯ ᠤᠨ | ᠪᠠᠶᠢᠩᠭᠤᠵᠢᠯᠲᠠ᠂ ᠳᠦᠷᠢᠮᠵᠢᠭᠦᠯᠦᠯᠲᠡ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ᠡᠯ᠎ᠡ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠲᠤ ︽ᠨᠢᠩᠴᠧᠩ ᠰᠢᠶᠠᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ᠂ ᠵᠠᠭᠤᠨ | ᠲᠠᠯᠠᠪᠤᠷ ᠬᠠᠤᠯᠢ ᠶᠢ ᠲᠦᠭᠡᠮᠡᠯᠵᠢᠭᠦᠯᠦᠨ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ | ᠲᠥᠰᠥᠯ︾ ︽ᠨᠢᠩᠴᠧᠩ ᠰᠢᠶᠠᠨ ᠤ ᠮᠢᠩᠭᠠᠨ ᠬᠠᠤᠯᠢᠴᠢ ᠲᠦᠮᠡᠨ ᠠᠵᠤ ᠠᠬᠤᠶᠢᠯᠠᠯ ᠢ ᠲᠤᠰᠠᠯᠠᠬᠤ ᠶᠢ | ᠪᠠᠶᠢᠩᠭᠤᠵᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ︽ᠨᠢᠩᠴᠧᠩ ᠰᠢᠶᠠᠨ ᠤ ᠬᠠᠤᠯᠢᠴᠢ ᠶᠢᠨ ᠠᠵᠢᠯ | ᠲᠥᠷᠥᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠦᠢᠯᠡᠴᠢᠯᠡᠭᠡ ᠶᠢ ᠰᠢᠯᠢᠳᠡᠭᠵᠢᠭᠦᠯᠬᠦ ᠪᠠᠲᠤᠯᠠᠭ᠎ᠠ ᠶᠢᠨ | ᠠᠵᠢᠯ ᠤᠨ ᠵᠢᠷᠤᠮᠵᠢᠯ︾ ᠢ ᠳᠣᠷᠣᠭᠰᠢ ᠪᠠᠭᠤᠯᠭᠠᠪᠠ᠃ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠠᠢ | ᠤᠶᠠᠯᠳᠤᠭᠤᠯᠤᠨ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ᠂ ᠬᠡᠨ ᠬᠠᠮᠢᠶᠠᠷᠪᠠᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠲᠦᠭᠡᠮᠡᠯ ᠵᠠᠰᠠᠯᠲᠠ ᠶᠢᠨ ᠪᠦᠷᠢᠯᠳᠦᠭᠦᠨ ᠨᠢᠭᠡᠴᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠵᠡᠷᠭᠡ ᠶᠢ ᠵᠣᠬᠢᠶᠠᠨ ᠪᠠᠶᠢᠭᠤᠯᠤᠨ ᠬᠠᠤᠯᠢ | ᠴᠠᠭᠠᠵᠠ ᠶᠢ ᠠᠵᠤ ᠠᠬᠤᠶᠢᠯᠠᠯ ᠳᠤ ᠬᠦᠷᠭᠡᠬᠦ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠭᠠᠷ | ᠡᠵᠡᠩᠨᠡᠬᠦ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ | ᠭᠤᠷᠪᠠ ᠳᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠪᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠲᠤ ᠠᠵᠤ ᠠᠬᠤᠶᠢᠯᠠᠯ ᠳᠤ | ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠥᠯᠢᠶᠡᠨ ᠠᠪᠬᠤ ᠴᠣᠩᠬᠤ ᠭᠠᠷᠭᠠᠵᠤ᠂ ︽ᠵᠢᠵᠢᠭ ᠪᠢᠴᠢᠯ | ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠦᠷᠳᠡᠭᠡ︾ ᠶᠢ ᠪᠠᠶᠢᠭᠤᠯᠵᠤ᠂ | ᠵᠢᠵᠢᠭᠦᠷ ᠤᠨ ᠬᠠᠤᠯᠢᠴᠢ ᠠᠴᠠ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠬᠤᠷᠰᠢᠯᠴᠠᠭ᠎ᠠ ᠪᠠᠨ ᠣᠶᠢᠷ᠎ᠠ ᠵᠠᠢ ᠠᠴᠠ | ᠴᠢᠩᠭᠠᠳᠬᠠᠵᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠠᠵᠤ | ᠠᠬᠤᠶᠢᠯᠠᠯ ᠳᠤ ᠬᠤᠯᠪᠣᠭᠳᠠᠬᠤ ᠵᠥᠷᠢᠴᠡᠯ ᠵᠢᠭᠤᠷᠠᠯᠳᠤᠭᠠᠨ ᠢ ᠥᠷᠨᠢᠭᠦᠯᠬᠦ᠂ ᠬᠠᠤᠯᠢ ᠴᠠᠭᠠᠵᠠ ᠶᠢᠨ ᠠᠶᠤᠯ | ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ᠂ ᠺᠣᠮᠫᠠᠨᠢ ᠶᠢᠨ ᠵᠠᠰᠠᠯᠲᠠ ᠵᠡᠷᠭᠡ ᠦᠢᠯᠡᠴᠢᠯᠡᠭᠡ ᠶᠢ ᠪᠦᠷᠢᠨᠰᠢᠭᠦᠯᠦᠨ | ᠲᠡᠭᠦᠯᠳᠡᠷᠵᠢᠭᠦᠯᠦᠨ᠎ᠡ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠬᠡᠪ ᠵᠠᠭᠪᠤᠷ ᠤᠨ ᠠᠵᠤ | ᠠᠬᠤᠶᠢᠯᠠᠯ ᠳᠤ ᠬᠠᠤᠯᠢᠴᠢ ᠶᠢᠨ ᠡᠶᠡᠳᠡᠭᠦᠯᠬᠦ ᠠᠵᠢᠯ ᠤᠨ ᠲᠠᠰᠤᠭ ᠪᠠ ᠬᠠᠤᠯᠢᠴᠢ ᠶᠢᠨ ᠦᠢᠯᠡᠴᠢᠯᠡᠭᠡᠨ ᠤ ᠠᠵᠢᠯ ᠤᠨ | ᠦᠷᠳᠡᠭᠡ ᠶᠢ ᠪᠠᠶᠢᠭᠤᠯᠵᠤ᠂ ᠮᠡᠳᠡᠭᠡ ᠬᠤᠯᠪᠣᠭ᠎ᠠ ᠬᠠᠷᠢᠯᠴᠠᠬᠤ ᠳ᠋ᠢᠶᠠᠩᠬᠤᠸᠠ ᠭᠠᠷᠭᠠᠵᠤ᠂ ᠠᠵᠤ ᠠᠬᠤᠶᠢᠯᠠᠯ ᠤᠨ | ᠬᠠᠤᠯᠢ ᠴᠠᠭᠠᠵᠠ ᠶᠢᠨ ᠮᠡᠳᠡᠯᠭᠡ ᠶᠢᠨ ᠤᠩᠰᠢᠬᠤ ᠪᠢᠴᠢᠭ ᠢ ᠲᠠᠷᠬᠠᠭᠠᠵᠤ᠂ ᠠᠵᠤ ᠠᠬᠤᠶᠢᠯᠠᠯ ᠳᠤ ᠵᠠᠷᠭᠤ ᠶᠢᠨ ᠪᠤᠶᠤ | ᠵᠠᠷᠭᠤ ᠶᠢᠨ ᠪᠤᠰᠤ ᠬᠠᠤᠯᠢ ᠴᠠᠭᠠᠵᠠ ᠶᠢᠨ ᠣᠷᠣᠯᠠᠬᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡ | ᠬᠠᠩᠭᠠᠨ᠎ᠠ᠃ᠳᠥᠷᠪᠡ ᠳᠤ᠂ ᠬᠠᠤᠯᠢᠴᠢ ᠶᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠤᠯᠠᠭᠠᠨᠬᠠᠳᠠ ᠶᠢᠨ ᠠᠵᠤ | ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠬᠦᠨᠵᠡᠭᠡᠶᠢᠷᠡᠭᠦᠯᠵᠦ᠂ | ︽ᠬᠠᠤᠯᠢ ᠴᠠᠭᠠᠵᠠ ᠶᠢ ᠠᠵᠤ ᠠᠬᠤᠶᠢᠯᠠᠯ ᠳᠤ ᠣᠷᠣᠭᠤᠯᠬᠤ︾ᠬᠠᠤᠯᠢ ᠴᠠᠭᠠᠵᠠ ᠶᠢ ᠲᠦᠭᠡᠮᠡᠯᠵᠢᠭᠦᠯᠬᠦ ᠲᠤᠰᠬᠠᠢ | ᠰᠡᠳᠦᠪᠲᠦ ᠲᠠᠶᠢᠯᠤᠮᠵᠢ ᠬᠢᠬᠦ ᠠᠵᠢᠯᠯᠠᠭ᠎ᠠ ᠶᠢ ᠥᠷᠨᠢᠭᠦᠯᠵᠦ᠂ ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠳᠠᠬᠢ ᠠᠵᠤ | ᠠᠬᠤᠶᠢᠯᠠᠯ ᠤᠨ ᠬᠥᠳᠡᠯᠮᠦᠷᠢ ᠬᠦᠴᠦᠨ ᠢ ᠬᠡᠷᠡᠭᠯᠡᠬᠦ ᠲᠠᠯ᠎ᠠ ᠪᠠᠷ ᠠᠩᠬᠠᠷᠴᠤ ᠰᠡᠷᠭᠡᠶᠢᠯᠡᠬᠦ ᠴᠢᠬᠤᠯᠠᠲᠠᠢ ᠬᠠᠤᠯᠢ | ᠴᠠᠭᠠᠵᠠ ᠶᠢᠨ ᠲᠦᠭᠰᠢᠭᠦᠷᠢ ᠶᠢᠨ ᠴᠡᠭ ᠢ ᠲᠠᠶᠢᠯᠪᠤᠷᠢᠯᠠᠪᠠ᠃ᠲᠠᠪᠤ ᠳᠤ᠂︽ᠨᠢᠩᠴᠧᠩ ᠰᠢᠶᠠᠨ ᠤ ᠬᠠᠤᠯᠢ ᠴᠠᠭᠠᠵᠠ ᠶᠢᠨ | ᠲᠣᠪᠴᠢᠶ᠎ᠠ︾ ᠶᠢᠨ ᠵᠠᠭᠤᠨ ᠴᠠᠭᠳᠠᠭ᠎ᠠ ᠮᠢᠩᠭᠠᠨ ᠠᠵᠤ ᠠᠬᠤᠶᠢᠯᠠᠯ ᠳᠤ ᠣᠷᠣᠵᠤ᠂ ᠮᠠᠨ ᠤ ᠤᠯᠤᠰ ᠠᠵᠤ | ᠠᠬᠤᠶᠢᠯᠠᠯ ᠳᠤ ᠪᠣᠳᠠᠲᠠᠢ ᠠᠵᠢᠯ ᠬᠢᠵᠦ ᠥᠭᠬᠦ︾ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾︾ ᠢ ᠳᠣᠷᠣᠭᠰᠢ | ᠲᠠᠷᠬᠠᠭᠠᠪᠠ᠃30 ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠦᠢᠯᠡᠴᠢᠯᠡᠭᠡᠨ ᠤ ᠪᠦᠯᠬᠦᠮ ᠢ ᠵᠣᠬᠢᠶᠠᠨ | ᠪᠠᠶᠢᠭᠤᠯᠵᠤ᠂ ᠨᠢᠩᠴᠧᠩ ᠰᠢᠶᠠᠨ ᠤ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠪᠠᠷ ᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ ᠢᠶᠠᠨ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠵᠥᠷᠢᠴᠡᠯ | ᠵᠢᠭᠤᠷᠠᠯᠳᠤᠭᠠᠨ ᠢ ᠢᠳᠡᠪᠬᠢᠲᠡᠢ ᠰᠢᠢᠳᠪᠦᠷᠢᠯᠡᠪᠡ︔ᠰᠠᠶᠢᠨ ᠡᠶᠡᠳᠡᠭᠦᠯᠦᠭᠴᠢ ᠪᠣᠯᠵᠤ᠂ ᠥᠨᠳᠥᠷ ᠪᠦᠲᠦᠮᠵᠢᠲᠡᠢ | ᠬᠠᠤᠯᠢᠵᠢᠯ ᠤᠨ ᠦᠢᠯᠡᠴᠢᠯᠡᠭᠡ ᠬᠠᠩᠭᠠᠨ᠎ᠠ︔ᠰᠠᠶᠢᠨ ︽ᠦᠢᠯᠡᠴᠢᠯᠡᠭᠴᠢ︾ ᠪᠣᠯᠵᠤ᠂ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠢ ᠥᠷᠨᠢᠭᠦᠯᠬᠦ ᠳᠤ ᠰᠠᠶᠢᠨ ︽ᠤᠬᠠᠭᠤᠯᠤᠭᠴᠢ︾ ᠪᠤᠯᠭᠠᠪᠠ᠃ ︽ᠬᠠᠤᠯᠢ ᠶᠢ ᠠᠵᠤ ᠠᠬᠤᠶᠢᠯᠠᠯ ᠳᠤ | ᠬᠦᠷᠭᠡᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ | ᠠᠵᠢᠯᠲᠠᠨ ᠪᠠ ᠠᠵᠢᠯᠲᠠᠨ ᠤ ᠬᠠᠤᠯᠢ ᠪᠠᠷ ᠵᠠᠰᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ | ᠬᠥᠲᠥᠯᠥᠭᠴᠢ᠄ ᠵᠠᠩ ᠲᠣᠪᠴᠢᠶᠠᠨ ᠳᠠᠷᠤᠭ᠎ᠠ ᠪᠢᠳᠡᠨ ᠳᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠪᠠᠷ | ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠪᠠᠶᠢᠳᠠᠯ ᠢ ᠨᠠᠷᠢᠨ ᠲᠠᠨᠢᠯᠴᠠᠭᠤᠯᠵᠤ | ᠥᠭᠭᠦᠭᠰᠡᠨ ᠪᠥᠭᠡᠳ ᠪᠠᠰᠠ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠲᠠᠯ᠎ᠠ ᠪᠠᠷ ᠭᠦᠨᠵᠡᠭᠡᠢ ᠣᠶᠢᠯᠠᠭᠠᠯᠲᠠ ᠲᠠᠢ ᠪᠣᠯᠭᠠᠵᠠᠢ᠃ ᠰᠦᠯᠵᠢᠶᠡᠨ ᠤ ᠠᠨᠳᠠ ᠨᠠᠷ ᠵᠠᠩ ᠲᠣᠪᠴᠢᠶᠠᠨ ᠳᠠᠷᠤᠭ᠎ᠠ | ᠠᠴᠠ ᠰᠢᠭᠤᠳ ᠠᠰᠠᠭᠤᠯᠲᠠ ᠠᠰᠠᠭᠤᠵᠤ ᠪᠣᠯᠣᠨ᠎ᠠ᠃ | ᠰᠦᠯᠵᠢᠶᠡᠨ ᠤ ᠨᠠᠶᠢᠵᠠ ᠄ ᠵᠠᠮ ᠬᠠᠷᠢᠯᠴᠠᠭᠠᠨ ᠤ ᠴᠠᠭᠳᠠᠭ᠎ᠠ ᠶᠢᠨ ᠲᠤᠬᠠᠢ ᠶᠢᠨ ᠲᠠᠯᠠᠪᠤᠷ ᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠳᠤ ᠣᠨᠳᠣᠣ ᠰᠠᠨᠠᠯ ᠲᠠᠢ ᠪᠠᠶᠢᠪᠠᠯ᠂ ᠶᠠᠮᠠᠷ ᠠᠷᠭ᠎ᠠ ᠵᠠᠮ ᠢᠶᠠᠷ ᠲᠤᠰᠬᠠᠵᠤ ᠪᠣᠯᠬᠤ ᠪᠣᠶ︖ | | ᠵᠠᠩ ᠭᠦᠸᠧ ᠵᠢᠶᠦ᠋ᠨ᠄ ᠡᠩ ᠲᠡᠷᠢᠭᠦᠨ ᠳᠤ ᠵᠠᠮ ᠬᠠᠷᠢᠯᠴᠠᠭᠠᠨ ᠤ ᠴᠠᠭᠳᠠᠭ᠎ᠠ ᠶᠢᠨ ᠲᠤᠬᠠᠢ ᠶᠢᠨ ᠲᠠᠯᠠᠪᠤᠷ ᠤᠨ | ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢᠨ ᠰᠢᠨᠵᠢ ᠴᠢᠨᠠᠷ ᠢ ᠢᠯᠭᠠᠬᠤ ᠬᠡᠷᠡᠭᠲᠡᠢ᠂ ᠬᠡᠷᠪᠡ ᠰᠢᠢᠳᠬᠡᠯ ᠤᠨ | ᠮᠡᠳᠡᠭᠳᠡᠯ ᠤᠨ ᠬᠠᠭᠤᠳᠠᠰᠤ ᠨᠠᠭᠠᠭᠰᠠᠨ ᠵᠡᠷᠭᠡ ᠦᠶᠯᠡ ᠠᠵᠢᠯᠯᠠᠭ᠎ᠠ ᠪᠠᠶᠢᠪᠠᠯ᠂ ᠡᠨᠡ ᠬᠦ ᠦᠶᠯᠡ ᠠᠵᠢᠯᠯᠠᠭ᠎ᠠ ᠨᠢ | ᠰᠢᠢᠳᠬᠡᠯ ᠠᠴᠠ ᠡᠮᠦᠨᠡᠬᠢ ᠮᠡᠳᠡᠭᠳᠡᠬᠦ ᠵᠢᠷᠤᠮ ᠳᠤ ᠲᠣᠭᠠᠴᠠᠭᠳᠠᠨ᠎ᠠ᠂ ᠣᠯᠠᠨ ᠲᠦᠮᠡᠨ ᠣᠨᠳᠣᠣ ᠰᠠᠨᠠᠯ ᠲᠠᠢ ᠪᠠᠶᠢᠪᠠᠯ᠂ | ᠮᠡᠳᠡᠭᠳᠡᠬᠦ ᠬᠠᠭᠤᠳᠠᠰᠤᠨ ᠳᠡᠭᠡᠷᠡᠬᠢ ᠴᠠᠭ ᠪᠠ ᠭᠠᠵᠠᠷ ᠤᠨ ᠶᠣᠰᠣᠭᠠᠷ ᠰᠢᠶᠠᠨ ᠤ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠲᠤ ᠲᠣᠭᠠᠴᠢᠯᠲᠠ ᠬᠢᠬᠦ ᠪᠠ ᠵᠥᠪᠲᠥᠭᠡᠨ ᠲᠣᠳᠣᠷᠬᠠᠶᠢᠯᠠᠵᠤ | ᠪᠣᠯᠣᠨ᠎ᠠ︔ᠬᠡᠷᠪᠡ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠠᠷ ᠲᠣᠭᠲᠠᠭᠠᠭᠰᠠᠨ ᠪᠤᠶᠤ ᠰᠢᠢᠳᠬᠡᠯ ᠢᠶᠠᠷ ᠲᠣᠭᠲᠠᠭᠠᠭᠰᠠᠨ | ᠦᠢᠯᠡ ᠠᠵᠢᠯᠯᠠᠭ᠎ᠠ ᠪᠠᠶᠢᠵᠤ᠂ ᠣᠯᠠᠨ ᠲᠦᠮᠡᠨ ᠣᠨᠳᠣᠣ ᠰᠠᠨᠠᠯ ᠲᠠᠢ ᠪᠠᠶᠢᠪᠠᠯ᠂ ᠣᠳᠣᠬᠠᠨ ᠳᠤ ᠰᠢᠶᠠᠨ ᠤ ᠠᠷᠠᠳ ᠤᠨ | ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠳᠤᠷᠠᠳᠴᠤ ᠪᠣᠯᠣᠨ᠎ᠠ᠂ ᠰᠢᠶᠠᠨ ᠤ ᠬᠠᠤᠯᠢ | ᠴᠠᠭᠠᠵᠠ ᠶᠢᠨ ᠲᠣᠪᠴᠢᠶ᠎ᠠ ᠠᠴᠠ ᠪᠣᠳᠠᠲᠠᠢ ᠪᠠᠷ ᠳᠠᠭᠠᠭᠠᠨ ᠰᠢᠢᠳᠪᠦᠷᠢᠯᠡᠨ᠎ᠡ᠂ ᠰᠢᠭᠦᠬᠦ ᠬᠤᠷᠢᠶᠠᠨ ᠳᠤ ᠵᠠᠰᠠᠭ | ᠵᠠᠬᠢᠷᠭᠠᠨ ᠤ ᠵᠠᠭᠠᠯᠳᠤᠯᠭ᠎ᠠ ᠭᠠᠷᠭᠠᠵᠤ ᠰᠢᠢᠳᠪᠦᠷᠢᠯᠡᠭᠰᠡᠨ ᠴᠦ ᠪᠣᠯᠣᠨ᠎ᠠ᠃ | ᠰᠦᠯᠵᠢᠶᠡᠨ ᠤ ᠨᠠᠶᠢᠵᠠ᠄ ᠣᠲᠣ ᠬᠠᠤᠯᠢ ᠪᠠᠷ ᠵᠠᠰᠠᠬᠤ ᠨᠡᠶᠢᠭᠡᠮ ᠤᠯᠠᠮ ᠠᠴᠠ ᠤᠯᠠᠮ ᠲᠡᠭᠦᠯᠳᠡᠷᠵᠢᠵᠦ᠂ ᠣᠯᠠᠨ ᠤ | ᠬᠠᠤᠯᠢ ᠪᠠᠷ ᠵᠠᠰᠠᠬᠤ ᠤᠬᠠᠮᠰᠠᠷ ᠴᠤ ᠤᠯᠠᠮ ᠠᠴᠠ ᠤᠯᠠᠮ ᠴᠢᠩᠭᠠᠷᠠᠵᠤ ᠪᠠᠶᠢᠨ᠎ᠠ᠂ ᠠᠵᠢᠯ ᠠᠮᠢᠳᠤᠷᠠᠯ ᠤᠨ ᠳᠤᠮᠳᠠ | ᠬᠠᠤᠯᠢ ᠴᠠᠭᠠᠵᠠ ᠶᠢᠨ ᠲᠦᠭᠰᠢᠭᠦᠷᠢ ᠠᠴᠠ ᠬᠡᠷᠬᠢᠨ ᠵᠠᠶᠢᠯᠠᠬᠤ ᠲᠤᠬᠠᠢ ᠲᠠᠨ ᠳᠤ ᠶᠠᠮᠠᠷ ᠰᠠᠶᠢᠨ ᠰᠠᠨᠠᠭᠤᠯᠭ᠎ᠠ ᠪᠠᠶᠢᠨ᠎ᠠ︖ | | ᠵᠠᠩ ᠭᠦᠸᠧ ᠵᠢᠶᠦ᠋ᠨ᠄ ᠪᠢᠳᠡᠨ ᠤ ᠠᠵᠢᠯ ᠠᠮᠢᠳᠤᠷᠠᠯ ᠤᠨ ᠳᠤᠮᠳᠠ᠂ ᠵᠠᠷᠢᠮ ᠦᠶ᠎ᠡ ᠳᠤ ᠵᠠᠷᠢᠮ ᠬᠠᠤᠯᠢ | ᠴᠠᠭᠠᠵᠠ ᠶᠢᠨ ᠠᠰᠠᠭᠤᠳᠠᠯ ᠳᠤ ᠲᠤᠯᠭᠠᠷᠠᠬᠤ ᠨᠢ ᠵᠠᠶᠢᠯᠠᠰᠢ ᠦᠭᠡᠢ ᠶᠤᠮ᠂ ᠡᠩ ᠲᠡᠷᠢᠭᠦᠨ ᠳᠤ ᠣᠯᠠᠨ ᠢᠶᠠᠷ ᠢᠶᠠᠨ | ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠤᠬᠠᠮᠰᠠᠷ | ᠠᠴᠠ ᠪᠠᠨ ᠪᠡᠶᠡᠯᠡᠭᠦᠯᠵᠦ᠂ ᠲᠣᠰ ᠪᠡᠶ᠎ᠡ ᠶᠢᠨ ᠬᠠᠤᠯᠢ ᠪᠠᠷ ᠵᠠᠰᠠᠬᠤ ᠤᠬᠠᠮᠰᠠᠷ ᠢᠶᠠᠨ ᠲᠠᠰᠤᠷᠠᠯᠲᠠ ᠦᠭᠡᠢ | ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠡᠳᠦᠷ | ᠲᠤᠲᠤᠮ ᠤᠨ ᠬᠡᠷᠡᠭ ᠶᠠᠪᠤᠳᠠᠯ ᠢᠶᠠᠨ ᠰᠢᠢᠳᠪᠦᠷᠢᠯᠡᠬᠦ ᠶᠢ ᠰᠤᠷᠬᠤ ᠶᠢ ᠬᠦᠰᠡᠵᠦ ᠪᠠᠶᠢᠨ᠎ᠠ᠃ᠥᠪᠡᠷ ᠤᠨ ᠡᠵᠡᠮᠰᠢᠵᠦ | ᠳᠡᠶᠢᠯᠬᠦ ᠦᠭᠡᠢ ᠬᠠᠤᠯᠢ ᠴᠠᠭᠠᠵᠠ ᠳᠤ ᠬᠤᠯᠪᠣᠭᠳᠠᠭᠰᠠᠨ ᠠᠰᠠᠭᠤᠳᠠᠯ ᠳᠤ᠂ ᠣᠯᠠᠨ ᠢᠶᠠᠷ ᠢᠶᠠᠨ ︽12348︾ | ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠤᠲᠠᠰᠤᠳᠠᠵᠤ ᠪᠣᠯᠣᠨ᠎ᠠ᠂ ᠮᠠᠨ ᠤ ᠲᠤᠰᠬᠠᠢ | ᠬᠠᠤᠯᠢ ᠴᠠᠭᠠᠵᠠ ᠶᠢᠨ ᠠᠵᠢᠯᠲᠠᠨ ᠣᠯᠠᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠂ ᠪᠠᠰᠠ ᠣᠶᠢᠷ᠎ᠠ | ᠬᠠᠪᠢ ᠳᠠᠭᠠᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠥᠷᠲᠡᠭᠡ ︵ᠬᠠᠷᠢᠶ᠎ᠠ ᠣᠷᠣᠨ ᠤ | ᠬᠠᠤᠯᠢ ᠴᠠᠭᠠᠵᠠ ᠶᠢᠨ ᠭᠠᠵᠠᠷ︶ ᠳᠤ ᠬᠦᠷᠴᠦ ᠠᠰᠠᠭᠤᠨ ᠯᠠᠪᠯᠠᠵᠤ ᠪᠣᠯᠣᠨ᠎ᠠ᠃ᠴᠢᠬᠤᠯᠠ ᠵᠦᠢᠯᠡᠰ ᠲᠤ | ᠬᠤᠯᠪᠣᠭᠳᠠᠪᠠᠯ᠂ ᠵᠢᠱᠢᠶᠡᠯᠡᠪᠡᠯ᠄ ᠭᠡᠷ᠎ᠡ ᠲᠣᠭᠲᠠᠭᠠᠬᠤ᠂ ᠨᠠᠶᠢᠳᠠᠯᠭ᠎ᠠ ᠬᠢᠬᠦ᠂ ᠭᠡᠷᠢᠶᠡᠰ ᠦᠯᠡᠳᠡᠭᠡᠬᠦ ᠵᠡᠷᠭᠡ ᠳᠤ ᠠᠯᠪᠠᠨ | ᠭᠡᠷᠡᠴᠢᠯᠡᠭᠡ ᠶᠢᠨ ᠦᠢᠯᠡᠴᠢᠯᠡᠭᠡ ᠭᠤᠶᠤᠴᠢᠯᠠᠬᠤ ᠶᠢ ᠤᠯᠠᠨ ᠳᠤ ᠰᠠᠨᠠᠭᠤᠯᠤᠨ᠎ᠠ᠂ ᠠᠯᠪᠠᠨ ᠭᠡᠷᠡᠴᠢᠯᠡᠭᠡ ᠬᠢᠯᠭᠡᠭᠰᠡᠨ | ᠬᠠᠤᠯᠢ ᠴᠠᠭᠠᠵᠠ ᠶᠢᠨ ᠪᠢᠴᠢᠭ ᠬᠠᠷ᠎ᠠ ᠪᠣᠯ ᠮᠠᠷᠭᠤᠯᠳᠤᠭᠠᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ | ᠪᠦᠲᠦᠮᠵᠢᠲᠡᠶ ᠠᠷᠭ᠎ᠠ ᠬᠡᠮᠵᠢᠶ᠎ᠡ ᠮᠥᠨ᠃ | ᠬᠥᠲᠥᠯᠥᠭᠴᠢ᠄ ᠰᠦᠯᠵᠢᠶᠡᠨ ᠤ ᠨᠠᠶᠢᠵᠠ ᠨᠠᠷ ᠤᠨ ᠬᠠᠯᠠᠭᠤᠨ ᠢᠶᠠᠷ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠪᠠᠰᠠ | ᠵᠠᠩ ᠲᠣᠪᠴᠢᠶᠠᠨ ᠳᠠᠷᠤᠭ᠎ᠠ ᠶᠢᠨ ᠶᠠᠭᠠᠷᠠᠯᠲᠠᠢ ᠴᠠᠭ ᠲᠤ ᠪᠢᠳᠡᠨ ᠤ ᠫᠷᠣᠭ᠍ᠷᠠᠮ ᠳᠤ ᠣᠷᠣᠯᠴᠠᠭᠰᠠᠨ ᠳᠤ ᠮᠠᠰᠢ | ᠲᠠᠯᠠᠷᠬᠠᠵᠤ ᠪᠠᠶᠢᠨ᠎ᠠ᠃ᠥᠨᠥᠳᠥᠷ ᠤᠨ ᠰᠣᠷᠪᠤᠯᠵᠢᠯᠠᠭ᠎ᠠ ᠠᠳᠡ ᠬᠥᠷᠥᠶ᠎ᠡ᠂ ᠪᠢᠳᠡ ᠲᠠᠷᠠᠭᠠᠴᠢ ᠶᠢᠨ | ᠬᠤᠭᠤᠴᠠᠭᠠᠨ ᠳᠤ ᠪᠠᠶᠠᠷᠲᠠᠢ ᠵᠣᠯᠭᠠᠶ᠎ᠠ︕ | |