| ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ︖ ᠶᠡᠷᠦ ᠶᠢᠨ ᠦᠭᠡᠨ ᠳᠤ᠄ ︽ᠪᠠᠶᠠᠵᠢᠶ᠎ᠠ | ᠭᠡᠪᠡᠯ ᠤᠷᠢᠳᠠᠪᠠᠷ ᠵᠠᠮ ᠵᠠᠰᠠᠬᠤ ᠬᠡᠷᠡᠭᠲᠡᠢ︾ ᠭᠡᠳᠡᠭ᠂ ᠵᠠᠮ ᠬᠠᠷᠢᠯᠴᠠᠭ᠎ᠠ ᠪᠣᠯ ᠤᠯᠤᠰ ᠠᠷᠠᠳ ᠤᠨ ᠠᠵᠤ | ᠠᠬᠤᠢ ᠶᠢᠨ ᠬᠥᠭᠵᠢᠯᠲᠡ ᠶᠢᠨ ᠠᠮᠢᠨ ᠰᠤᠳᠠᠰᠤ ᠮᠥᠨ᠂ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ | ᠤᠷᠢᠳᠴᠢᠯᠠᠭᠰᠠᠨ ᠪᠠᠲᠤᠯᠠᠭ᠎ᠠ ᠮᠥᠨ᠃ᠥᠨᠥᠳᠥᠷ ᠪᠢᠳᠡ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠤ ᠳᠠᠷᠤᠭ᠎ᠠ ᠰᠢᠦᠢ ᠵᠧᠨ ᠬᠤᠸᠠ ᠨᠥᠬᠦᠷ ᠢ ᠤᠷᠢᠵᠤ | ᠲᠤᠰ ᠬᠤᠭᠤᠴᠠᠭᠠᠨ ᠤ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠫᠷᠣᠭ᠍ᠷᠠᠮ ᠳᠤ ᠣᠷᠣᠯᠴᠠᠭᠤᠯᠵᠠᠢ᠃ ᠰᠢᠦᠢ | ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠰᠢᠦᠢ ᠵᠧᠨ ᠬᠤᠸᠠ᠄ ᠬᠥᠲᠥᠯᠥᠭᠴᠢ ᠲᠠ ᠰᠠᠶᠢᠨ ︖ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ︖ | ᠶᠠᠭᠤᠨ ᠤ ᠡᠮᠦᠨ᠎ᠡ᠂ ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠠᠴᠠ ᠪᠢᠳᠡᠨ ᠳᠤ | ᠡᠶᠢᠮᠦᠷᠬᠦ ᠤᠯᠠᠨ ᠲᠠᠢ ᠰᠠᠨᠠᠯ ᠢᠶᠠᠨ ᠰᠣᠯᠢᠯᠴᠠᠵᠤ ᠨᠡᠪᠲᠡᠷᠡᠯᠴᠡᠬᠦ ᠲᠠᠪᠴᠠᠩ ᠬᠠᠩᠭᠠᠭᠰᠠᠨ ᠳᠤ ᠲᠤᠶᠢᠯ ᠢᠶᠠᠷ | ᠲᠠᠯᠠᠷᠬᠠᠵᠤ ᠪᠠᠶᠢᠨ᠎ᠠ᠂ ᠡᠨᠡ ᠲᠠᠰᠢᠷᠠᠮ ᠢᠶᠠᠷ ᠪᠢ ᠨᠢᠩᠴᠧᠩ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢ | ᠲᠥᠯᠥᠭᠡᠯᠡᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠵᠢᠴᠢ ᠰᠦᠯᠵᠢᠶᠡᠨ ᠤ ᠠᠨᠳᠠ ᠨᠠᠷ ᠤᠨ ᠤᠷᠳᠤ | ᠬᠤᠭᠤᠴᠠᠭᠠᠨ ᠤ ᠲᠤᠷᠰᠢ ᠨᠢᠩᠴᠧᠩ ᠰᠢᠶᠠᠨ ᠤ ᠵᠠᠮ ᠲᠡᠭᠡᠭᠡᠪᠦᠷᠢ ᠶᠢᠨ ᠠᠵᠢᠯ ᠢ ᠬᠠᠯᠠᠮᠵᠢᠯᠠᠨ ᠣᠶᠢᠯᠠᠭᠠᠵᠤ | ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠥᠷᠭᠡᠨ ᠤᠯᠠᠨ | ᠰᠦᠯᠵᠢᠶᠡᠨ ᠤ ᠠᠨᠳᠠ ᠨᠠᠷ ᠤᠨ ᠢᠳᠡᠪᠬᠢᠲᠡᠢ ᠣᠷᠤᠯᠴᠠᠬᠤ ᠶᠢᠨ ᠬᠠᠮᠲᠤ ᠮᠠᠨ ᠤ ᠠᠵᠢᠯ ᠳᠤ ᠡᠷᠬᠢᠮ ᠨᠠᠨᠳᠢᠨ | ᠰᠠᠨᠠᠯ ᠢᠶᠠᠨ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ︕ | ᠬᠥᠲᠥᠯᠥᠭᠴᠢ᠄ ᠰᠢᠦᠢ ᠲᠣᠪᠴᠢᠶᠠᠨ ᠳᠠᠷᠤᠭ᠎ᠠ᠂ ᠲᠠ ᠤᠷᠢᠳᠠᠪᠠᠷ ᠣᠯᠠᠨ ᠳᠤ ᠮᠠᠨ ᠤ ᠨᠢᠩᠴᠧᠩ ᠤᠨ ᠵᠠᠮ | ᠬᠠᠷᠢᠯᠴᠠᠭᠠᠨ ᠤ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠠᠴᠢ᠃ | ᠰᠢᠦᠢ ᠵᠧᠨ ᠬᠤᠸᠠ᠄ ᠣᠶᠢᠷ᠎ᠠ ᠶᠢᠨ ᠵᠢᠯ ᠠᠴᠠ᠂ ᠪᠦᠬᠦ ᠰᠢᠶᠠᠨ ᠤ ᠵᠠᠮ ᠲᠡᠭᠡᠭᠡᠪᠦᠷᠢ ᠶᠢᠨ ᠠᠵᠢᠯ ᠰᠢᠶᠠᠨ ᠤ ᠨᠠᠮ ᠤᠨ | ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠡᠶᠢᠭᠡᠮ ᠤᠨ ᠡᠯ᠎ᠡ | ᠡᠲᠡᠭᠡᠳ ᠤᠨ ᠬᠠᠯᠠᠮᠵᠢᠯᠠᠯ ᠳᠡᠮᠵᠢᠯᠭᠡ ᠪᠠᠷ᠂ ᠪᠦᠬᠦ ᠵᠠᠮ ᠬᠠᠷᠢᠯᠴᠠᠭᠠᠨ ᠤ ᠰᠢᠰᠲ᠋ᠧᠮ ᠤᠨ ᠺᠠᠳ᠋ᠷ ᠠᠵᠢᠯᠲᠠᠨ ᠤ | ᠴᠥᠬᠦᠷᠡᠰᠢ ᠦᠭᠡᠢ ᠴᠢᠷᠮᠠᠶᠢᠯᠭ᠎ᠠ ᠪᠠᠷ᠂ ᠪᠦᠬᠦ ᠰᠢᠶᠠᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠦᠢᠯᠡᠰ ᠲᠤ ᠯᠤᠲᠤ | ᠶᠡᠭᠡ ᠬᠤᠪᠢᠷᠠᠯᠲᠠ ᠭᠠᠷᠴᠤ᠂ ᠮᠠᠰᠢ ᠰᠠᠶᠢᠨ ᠦᠷ᠎ᠡ ᠪᠦᠲᠦᠮᠵᠢ ᠣᠯᠵᠠᠢ᠃ᠣᠳᠣᠬᠠᠨ ᠳᠤ᠂ ᠤᠯᠤᠰ ᠤᠨ ᠵᠠᠮ ᠤᠨ | 306 ᠱᠤᠭᠤᠮ᠂ ᠤᠯᠤᠰ ᠤᠨ ᠵᠠᠮ ᠤᠨ 508 ᠱᠤᠭᠤᠮ᠂ ᠮᠤᠵᠢ ᠶᠢᠨ ᠵᠠᠮ ᠤᠨ 219 ᠱᠤᠭᠤᠮ᠂ ᠮᠤᠵᠢ ᠶᠢᠨ | ᠵᠠᠮ ᠤᠨ 505 ᠱᠤᠭᠤᠮ ᠪᠠ ᡂᠢ ᠯᠢᠩ ᠨᠢᠭᠡᠳᠦᠭᠡᠷ ᠳᠡᠰ ᠤᠨ ᠵᠠᠰᠠᠮᠠᠯ ᠵᠠᠮ ᠢᠶᠠᠷ ᠵᠠᠰᠠᠮᠠᠯ ᠵᠠᠮ ᠤᠨ ᠭᠤᠣᠯ | ᠨᠢᠷᠤᠭᠤᠪᠴᠢ ᠪᠣᠯᠭᠠᠵᠤ᠂ ︽卌︾ ᠦᠰᠦᠭ ᠤᠨ ᠬᠡᠯᠪᠡᠷᠢ ᠪᠠᠷ ᠪᠦᠬᠦ ᠰᠢᠶᠠᠨ ᠢ ᠭᠤᠯᠳᠤ ᠪᠠᠷ ᠨᠡᠪᠲᠡᠯᠦᠨ᠂ | ᠰᠢᠶᠠᠨ ᠤ ᠳᠣᠲᠣᠷ᠎ᠠ ᠦᠨᠳᠦᠰᠦᠨ ᠳᠡᠭᠡᠨ ᠤᠯᠤᠰ ᠤᠨ ᠪᠠ ᠮᠤᠵᠢ ᠶᠢᠨ ᠭᠤᠣᠯ ᠱᠤᠭᠤᠮ ᠢᠶᠠᠷ ᠨᠢᠷᠤᠭᠤᠪᠴᠢ | ᠪᠣᠯᠭᠠᠵᠤ᠂ ᠰᠢᠶᠠᠨ ᠰᠢᠶᠠᠩ ᠤᠨ ᠵᠠᠰᠠᠮᠠᠯ ᠵᠠᠮ ᠢᠶᠠᠷ ᠰᠠᠴᠤᠷᠠᠭ ᠪᠣᠯᠭᠠᠵᠤ᠂ ᠲᠣᠰᠬᠤᠨ ᠤ ᠳᠡᠰ ᠤᠨ ᠵᠠᠰᠠᠮᠠᠯ | ᠵᠠᠮ ᠢᠶᠠᠷ ᠲᠣᠣᠷ ᠰᠦᠯᠵᠢᠶ᠎ᠡ ᠪᠣᠯᠭᠠᠵᠤ᠂ ᠭᠠᠳᠠᠭᠰᠢ ᠨᠡᠪᠲᠡᠷᠡᠵᠦ ᠳᠣᠲᠣᠭᠠᠳᠤ ᠳᠠᠭᠠᠨ ᠬᠤᠯᠪᠣᠯᠳᠤᠭᠰᠠᠨ᠂ ᠨᠢᠭᠡ | ᠲᠣᠰᠬᠤᠨ ᠳᠤ ᠰᠠᠭᠠᠳ ᠦᠭᠡᠢ ᠨᠡᠪᠲᠡᠷᠡᠬᠦ ᠵᠠᠰᠠᠮᠠᠯ ᠵᠠᠮ ᠤᠨ ᠪᠠᠶᠢᠷᠢᠰᠢᠯ ᠢ ᠪᠤᠶ ᠪᠣᠯᠭᠠᠭᠰᠠᠨ ᠪᠠᠶᠢᠨ᠎ᠠ᠃ᠪᠥᠬᠦ | ᠰᠢᠶᠠᠨ ᠤ ᠵᠠᠰᠠᠮᠠᠯ ᠵᠠᠮ ᠤᠨ ᠪᠥᠬᠦ ᠣᠷᠳᠣ ᠨᠢ 2038.98 ᠺᠢᠯᠣᠮᠧᠲᠷ ᠲᠤ ᠬᠦᠷᠴᠦ᠂ ᠬᠠᠲᠠᠭᠤᠷᠠᠭᠤᠯᠤᠭᠰᠠᠨ | ᠵᠠᠮ ᠤᠨ ᠨᠢᠭᠤᠷ ᠨᠢ ᠨᠡᠶᠢᠲᠡ 1881.74 ᠺᠢᠯᠣᠮᠧᠲᠷ ᠪᠠᠶᠢᠵᠤ᠂ ᠬᠠᠲᠠᠭᠤᠷᠠᠭᠤᠯᠤᠭᠰᠠᠨ ᠨᠣᠷᠮ᠎ᠠ ᠨᠢ 92. | 29% ᠳᠤ ᠬᠦᠷᠴᠡᠢ᠃ | ᠬᠥᠲᠥᠯᠥᠭᠴᠢ᠄ ᠰᠢᠦᠢ ᠲᠣᠪᠴᠢᠶᠠᠨ ᠳᠠᠷᠤᠭ᠎ᠠ᠂ ᠡᠨᠡ ᠵᠢᠯ ᠮᠠᠨ ᠤ ᠰᠢᠶᠠᠨ ᠤ ᠵᠠᠮ ᠬᠠᠷᠢᠯᠴᠠᠭᠠᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠢ ᠪᠢᠳᠡᠨ ᠳᠤ | ᠶᠠᠷᠢᠭᠠᠳ ᠥᠭᠭᠦᠨ᠎ᠡ︖ | ᠰᠢᠦᠢ ᠵᠧᠨ ᠬᠤᠸᠠ᠄ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ ᠮᠠᠨ ᠤ ᠲᠣᠪᠴᠢᠶ᠎ᠠ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠪᠦᠬᠦ ᠲᠠᠯ᠎ᠠ ᠪᠠᠷ | ᠠᠬᠢᠭᠤᠯᠵᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠪᠦᠬᠦ ᠰᠢᠶᠠᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠠᠢ᠃ | ᠦᠷᠭᠦᠯᠵᠢᠯᠡᠨ ᠪᠠᠶᠢᠭᠤᠯᠬᠤ ᠢᠨᠵᠧᠨᠧᠷᠢᠩ ᠤᠨ ᠲᠠᠯ᠎ᠠ ᠪᠠᠷ᠂ ᠤᠯᠤᠰ ᠤᠨ ᠵᠠᠮ ᠤᠨ 508 ᠱᠤᠭᠤᠮ ᠤᠨ ᠲᠤᠤᠷ᠎ᠠ | ᠬᠤᠷᠤᠭ᠎ᠠ ᠠᠴᠠ ᠫᠢᠩ ᠴᠢᠤᠸᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠮᠤᠵᠢ ᠶᠢᠨ ᠵᠠᠮ ᠤᠨ 505 | ᠱᠤᠭᠤᠮ ᠤᠨ ᠳ᠋ᠢᠶᠠᠨᠽᠢ ᠶᠢᠨ ᠠᠷᠪᠠᠨ ᠭᠡᠷ ᠠᠴᠠ ᠬᠤᠷᠬᠤᠭ ᠪᠠᠯᠭᠠᠰᠤᠨ ᠤ ᠳ᠋ᠠ ᠪᠠ ᠭᠧᠦ ᠬᠦᠷᠬᠦ ᠬᠤᠶᠠᠳᠤᠭᠠᠷ | ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠠᠶᠢᠨ᠎ᠠ᠃ᠡᠭᠦᠨ ᠳᠤ᠂ | ᠤᠯᠤᠰ ᠤᠨ ᠵᠠᠮ ᠤᠨ 508 ᠱᠤᠭᠤᠮ ᠤᠨ ᠲᠤᠤᠷ᠎ᠠ ᠬᠤᠷᠤᠭ᠎ᠠ ᠠᠴᠠ ᠫᠢᠩ ᠴᠢᠤᠸᠠᠨ ᠬᠦᠷᠬᠦ ᠬᠡᠰᠡᠭ ᠤᠨ ᠵᠠᠰᠠᠮᠠᠯ | ᠵᠠᠮ ᠤᠨ ᠲᠥᠷᠥᠯ ᠵᠦᠢᠯ ᠤᠨ ᠱᠤᠭᠤᠮ ᠤᠨ ᠪᠥᠬᠦ ᠣᠷᠳᠣ ᠨᠢ 69.98 ᠺᠢᠯᠣᠮᠧᠲᠷ᠂ ᠨᠢᠩᠴᠧᠩ ᠤᠨ ᠬᠢᠯᠢ | ᠳᠣᠲᠣᠷ᠎ᠠ 62.88 ᠺᠢᠯᠣᠮᠧᠲᠷ ᠪᠠᠶᠢᠵᠤ᠂ 27.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ᠂ 2019 ᠣᠨ ᠤ 8 ᠰᠠᠷ᠎ᠠ ᠳᠤ ᠪᠠᠷᠢᠯᠭ᠎ᠠ ᠡᠬᠢᠯᠡᠭᠦᠯᠦᠨ᠂ ᠣᠳᠣᠬᠠᠨ ᠳᠤ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠳᠡᠭᠡᠷᠡᠬᠢ ᠳᠠᠭᠠᠯᠲᠠ ᠪᠣᠳᠠᠰ ᠢ ᠲᠠᠲᠠᠪᠤᠷᠢᠯᠠᠨ ᠨᠤᠷᠠᠭᠠᠬᠤ ᠠᠵᠢᠯ | ᠦᠨᠳᠦᠰᠦᠨ ᠳᠡᠭᠡᠨ ᠳᠠᠭᠤᠰᠴᠤ᠂ ᠬᠥᠭᠦᠷᠭᠡ ᠶᠢᠨ ᠪᠠᠷᠢᠯᠭ᠎ᠠ᠂ ᠵᠠᠮ ᠤᠨ ᠰᠠᠭᠤᠷᠢ ᠶᠢᠨ ᠪᠠᠷᠢᠯᠭ᠎ᠠ᠂ ᠵᠠᠮ ᠤᠨ | ᠭᠠᠳᠠᠷᠭᠤ ᠶᠢᠨ ᠪᠠᠷᠢᠯᠭ᠎ᠠ ᠶᠠᠭ ᠲᠦᠷᠭᠡᠨ ᠢᠶᠠᠷ ᠠᠬᠢᠵᠤ᠂ 2022 ᠣᠨ ᠤ ᠡᠴᠦᠰ ᠲᠤ ᠵᠠᠰᠠᠮᠠᠯ ᠵᠠᠮ ᠤᠨ ᠭᠤᠣᠯ | ᠱᠤᠭᠤᠮ ᠢ ᠨᠡᠪᠲᠡᠷᠡᠭᠦᠯᠬᠦ ᠪᠠᠷ ᠲᠥᠯᠥᠪᠯᠡᠵᠦ ᠪᠣᠶ᠃ᠮᠤᠵᠢ ᠶᠢᠨ ᠵᠠᠮ ᠤᠨ 505 ᠱᠤᠭᠤᠮ ᠤᠨ ᠳ᠋ᠢᠶᠠᠨᠽᠢ ᠶᠢᠨ | ᠠᠷᠪᠠᠨ ᠭᠡᠷ ᠠᠴᠠ ᠬᠤᠷᠬᠤᠭ ᠪᠠᠯᠭᠠᠰᠤᠨ ᠤ ᠳ᠋ᠠ ᠪᠠ ᠭᠧᠦ ᠬᠦᠷᠬᠦ ᠵᠠᠰᠠᠮᠠᠯ ᠵᠠᠮ ᠤᠨ ᠱᠤᠭᠤᠮ ᠤᠨ ᠪᠦᠬᠦ ᠤᠷᠲᠤ | ᠨᠢ 55.6 ᠺᠢᠯᠣᠮᠧᠲᠷ ᠲᠤ ᠬᠦᠷᠴᠦ᠂ 3.93 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ ᠪᠠᠶᠢᠨ᠎ᠠ᠂ ᠣᠳᠣᠬᠠᠨ ᠳᠤ ᠬᠥᠭᠦᠷᠭᠡ ᠭᠤᠯᠳᠤᠩ᠂ ᠵᠠᠮ ᠤᠨ ᠰᠠᠭᠤᠷᠢ ᠶᠢᠨ ᠪᠠᠷᠢᠯᠭ᠎ᠠ | ᠪᠦᠬᠦᠨ ᠢᠶᠠᠷ ᠢᠶᠠᠨ ᠳᠠᠭᠤᠰᠴᠤ᠂ ᠵᠠᠮ ᠤᠨ ᠭᠠᠳᠠᠷᠭᠤ ᠶᠢᠨ ᠪᠠᠷᠢᠯᠭ᠎ᠠ ᠶᠠᠭ ᠲᠣᠭᠲᠠᠭᠤᠨ ᠢᠶᠠᠷ ᠠᠬᠢᠵᠤ᠂ 20 | ᠺᠢᠯᠣᠮᠧᠲᠷ ᠤᠨ ᠲᠣᠰᠣᠨ ᠭᠠᠳᠠᠷᠭᠤ ᠶᠢ ᠳᠡᠪᠢᠰᠴᠦ᠂ 8 ᠰᠠᠷ᠎ᠠ ᠶᠢᠨ ᠰᠡᠭᠦᠯᠴᠢ ᠪᠠᠷ ᠲᠡᠷᠭᠡ ᠨᠡᠪᠲᠡᠷᠡᠭᠦᠯᠬᠦ ᠪᠠᠷ | ᠲᠥᠯᠥᠪᠯᠡᠵᠦ ᠪᠠᠶᠢᠨ᠎ᠠ᠃ | ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠲᠠᠯ᠎ᠠ ᠪᠠᠷ᠂ ᠨᠡᠶᠢᠲᠡ 2.03 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ᠂ ᠮᠤᠵᠢ ᠶᠢᠨ ᠵᠠᠮ ᠤᠨ 505 ᠱᠤᠭᠤᠮ ᠤᠨ ᠲᠢᠶᠧ ᠶᠢᠩᠽᠢ ᠠᠴᠠ ᠼᠠᠩ ᠶᠢᠩᠽᠢ | ᠬᠦᠷᠬᠦ ᠬᠡᠰᠡᠭ ᠤᠨ ᠥᠭᠡᠷᠡᠴᠢᠯᠡᠨ ᠪᠠᠶᠢᠭᠤᠯᠬᠤ ᠢᠨᠵᠧᠨᠧᠷᠢᠩ᠂ ᠤᠤᠯ ᠤᠨ ᠤᠯᠤᠰ ᠤᠨ ᠵᠠᠮ ᠤᠨ 508 | ᠱᠤᠭᠤᠮ ᠤᠨ ᠼᠠᠩ ᠶᠢᠩᠽᠢ ᠠᠴᠠ ᠫᠢᠩ ᠴᠢᠤᠸᠠᠨ ᠬᠦᠷᠬᠦ ᠠᠭᠤᠯᠵᠠᠷ ᠤᠨ ᠬᠡᠰᠡᠭ ᠤᠨ ᠠᠷᠠᠴᠢᠯᠠᠨ ᠬᠠᠮᠠᠭᠠᠯᠠᠬᠤ | ᠢᠨᠵᠧᠨᠧᠷᠢᠩ᠂ ᠨᠠᠨ ᠮᠣᠣ ᠠᠴᠠ ᠳ᠋ᠣᠣ ᠰᠢᠦᠢ ᠭᠧᠦ ᠬᠦᠷᠬᠦ ᠵᠢᠭᠤᠯᠴᠢᠯᠠᠯ ᠤᠨ ᠵᠠᠰᠠᠮᠠᠯ ᠵᠠᠮ ᠤᠨ ᠢᠨᠵᠧᠨᠧᠷᠢᠩ ᠵᠢᠴᠢ | ᠤᠯᠤᠰ ᠤᠨ ᠵᠠᠮ ᠤᠨ 306 ᠱᠤᠭᠤᠮ ᠤᠨ ᠲᠤᠤᠷ᠎ᠠ ᠬᠤᠷᠤᠭ᠎ᠠ ᠠᠴᠠ ᠡᠮᠦᠨᠡᠰᠢ 30 ᠡᠷᠦᠬᠡ ᠬᠦᠷᠬᠦ ᠠᠷᠠᠴᠢᠯᠠᠨ | ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠤᠶᠠᠳᠤᠭᠠᠷ ᠳᠡᠰ ᠤᠨ ᠵᠠᠰᠠᠮᠠᠯ ᠵᠠᠮ ᠢ 108 ᠺᠢᠯᠣᠮᠧᠲᠷ | ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠤᠨ᠎ᠠ᠃ᠣᠲᠣ ᠶᠠᠭ ᠠᠵᠢᠯ ᠡᠬᠢᠯᠡᠭᠦᠯᠵᠦ᠂ ᠵᠢᠯ ᠤᠨ ᠳᠣᠲᠣᠷ᠎ᠠ | ᠪᠦᠬᠦᠨ ᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠦᠯᠦᠨ᠎ᠡ᠃ | ᠡᠯ᠎ᠡ ᠵᠦᠢᠯ ᠤᠨ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠪᠦᠬᠦ ᠰᠢᠶᠠᠨ ᠤ ᠪᠦᠬᠦᠶᠢᠯᠡ ᠵᠠᠰᠠᠮᠠᠯ ᠵᠠᠮ ᠤᠨ ᠨᠡᠪᠲᠡᠷᠡᠬᠦ | ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠢᠯᠠᠩᠭᠤᠶ᠎ᠠ ᠰᠢᠶᠠᠨ ᠤ ᠳᠣᠲᠣᠷᠠᠬᠢ ᠤᠯᠤᠰ ᠤᠨ ᠪᠠ ᠮᠤᠵᠢ ᠶᠢᠨ | ᠭᠤᠣᠯ ᠱᠤᠭᠤᠮ ᠤᠨ ᠵᠠᠰᠠᠮᠠᠯ ᠵᠠᠮ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠤᠣᠯ ᠨᠢᠷᠤᠭᠤᠪᠴᠢ ᠵᠠᠰᠠᠮᠠᠯ ᠵᠠᠮ ᠤᠨ | ᠲᠣᠣᠷ ᠤᠨ ᠨᠡᠪᠲᠡᠷᠡᠬᠦ ᠴᠢᠳᠠᠪᠤᠷᠢ ᠶᠢ ᠨᠡᠩ ᠴᠢᠩᠭᠠᠷᠠᠭᠤᠯᠵᠤ᠂ ᠵᠠᠮ ᠬᠠᠷᠢᠯᠴᠠᠭᠠᠨ ᠤ ︽ᠪᠣᠭᠤᠮᠢ︾ ᠶᠢᠨ ᠴᠠᠭ | ᠦᠶ᠎ᠡ ᠠᠴᠠ ᠲᠤᠶᠢᠯᠪᠤᠷᠢᠲᠠᠢ ᠠᠩᠭᠢᠵᠢᠷᠠᠵᠤ᠂ ᠣᠯᠠᠨ ᠲᠦᠮᠡᠨ ᠳᠤ ᠨᠡᠩ ᠠᠮᠤᠷ ᠲᠦᠪᠰᠢᠨ ᠳᠥᠭᠦᠮ ᠳᠥᠲᠡ | ᠲᠦᠷᠭᠡᠨ ᠠᠶᠠᠯᠠᠯ ᠤᠨ ᠣᠷᠴᠢᠨ ᠨᠥᠬᠦᠴᠡᠯ ᠢ ᠬᠠᠩᠭᠠᠨ ᠥᠭᠴᠦ᠂ ᠪᠦᠬᠦ ᠰᠢᠶᠠᠨ ᠤ ᠨᠡᠶᠢᠭᠡᠮ ᠠᠵᠤ ᠠᠬᠤᠢ ᠶᠢᠨ | ᠬᠥᠭᠵᠢᠯᠲᠡ ᠳᠤ ᠬᠦᠴᠦᠨ ᠨᠡᠮᠡᠷᠢᠯᠡᠵᠦ᠂ ︽ᠬᠥᠮᠥᠨ ᠪᠦᠬᠦᠨ ᠤ ᠶᠠᠪᠤᠵᠤ ᠰᠠᠭᠤᠬᠤ ᠶᠢ ᠡᠳ᠋ᠯᠡᠵᠦ᠂ ᠪᠠᠷᠠᠭᠠᠨ ᠤ | ᠭᠦᠢᠯᠭᠡᠭᠡ ᠶᠢ ᠰᠠᠭᠠᠳ ᠦᠭᠡᠢ ᠪᠣᠯᠭᠠᠬᠤ︾ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠣᠯᠣᠨ᠎ᠠ᠃ | ᠬᠥᠲᠥᠯᠥᠭᠴᠢ᠄ ᠰᠢᠦᠢ ᠲᠣᠪᠴᠢᠶᠠᠨ ᠳᠠᠷᠤᠭ᠎ᠠ ᠶᠢᠨ ᠬᠠᠷᠢᠭᠤᠯᠤᠭᠰᠠᠨ ᠳᠤ ᠲᠠᠯᠠᠷᠬᠠᠯ ᠢᠶᠠᠨ ᠳᠡᠪᠰᠢᠭᠦᠯᠵᠦ᠂ ᠮᠠᠨ ᠤ | ᠰᠢᠶᠠᠨ ᠤ ᠵᠠᠮ ᠲᠡᠭᠡᠭᠡᠪᠦᠷᠢ ᠶᠢᠨ ᠣᠳᠣᠬᠢ ᠪᠠᠶᠢᠳᠠᠯ ᠵᠢᠴᠢ ᠣᠲᠣ ᠶᠠᠭ ᠵᠣᠬᠢᠶᠠᠨ ᠪᠠᠶᠢᠭᠤᠯᠵᠤ ᠪᠠᠶᠢᠭ᠎ᠠ ᠵᠠᠮ | ᠬᠠᠷᠢᠯᠴᠠᠭᠠᠨ ᠤ ᠢᠨᠵᠧᠨᠧᠷᠢᠩ ᠤᠨ ᠵᠦᠢᠯᠡᠰ ᠤᠨ ᠪᠠᠶᠢᠳᠠᠯ ᠢ ᠪᠢᠳᠡᠨ ᠳᠤ ᠣᠶᠢᠯᠠᠭᠠᠭᠤᠯᠪᠠ᠂ ᠰᠦᠯᠵᠢᠶᠡᠨ ᠤ ᠨᠠᠶᠢᠵᠠ | ᠨᠠᠷ ᠶᠠᠮᠠᠷ ᠠᠰᠠᠭᠤᠳᠠᠯ ᠪᠠᠶᠢᠪᠠᠯ ᠰᠢᠦᠢ ᠲᠣᠪᠴᠢᠶᠠᠨ ᠳᠠᠷᠤᠭ᠎ᠠ ᠠᠴᠠ ᠠᠰᠠᠭᠤᠭᠠᠷᠠᠢ︕ | ᠰᠦᠯᠵᠢᠶᠡᠨ ᠤ ᠨᠠᠶᠢᠵᠠ᠄ ᠰᠢᠦᠢ ᠲᠣᠪᠴᠢᠶᠠᠨ ᠳᠠᠷᠤᠭ᠎ᠠ᠂ ᠲᠠ ᠲᠢᠶᠧ ᠶᠢᠩᠽᠢ ᠠᠴᠠ ᠼᠠᠩ ᠶᠢᠩᠽᠢ ᠬᠦᠷᠬᠦ | ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠲᠤᠬᠠᠢ ᠨᠠᠷᠢᠨ ᠶᠠᠷᠢᠭᠠᠳ ᠥᠭᠭᠦᠨ᠎ᠡ︖ | ᠰᠢᠦᠢ ᠵᠧᠨ ᠬᠤᠸᠠ᠄ ᠮᠠᠨ ᠤ ᠰᠢᠶᠠᠨ ᠤ ᠬᠢᠯᠢ ᠳᠠᠬᠢ ᠲᠢᠶᠧ ᠶᠢᠩᠽᠢ ᠠᠴᠠ ᠼᠠᠩ ᠶᠢᠩᠽᠢ ᠬᠦᠷᠬᠦ ᠱᠤᠭᠤᠮ ᠪᠣᠯ | ᠮᠤᠵᠢ ᠶᠢᠨ ᠵᠠᠮ ᠤᠨ 505 ᠱᠤᠭᠤᠮ ᠤᠨ ᠨᠢᠭᠡ ᠬᠡᠰᠡᠭ ᠪᠣᠯᠣᠨ᠎ᠠ᠃ 2003 ᠣᠨ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠥᠪᠥᠷ ᠮᠣᠩᠭᠤᠯ ᠤᠨ | ᠶᠤᠸᠠᠨ ᠾᠧᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ BOT ᠵᠠᠭᠪᠤᠷ ᠢᠶᠠᠷ ᠲᠡᠭᠦᠨ ᠢ ᠠᠵᠤ | ᠠᠬᠤᠶᠢᠯᠠᠯ ᠤᠨ ᠡᠵᠡᠩᠨᠡᠯᠲᠡ ᠶᠢᠨ ᠬᠡᠯᠪᠡᠷᠢ ᠶᠢᠨ ᠰᠦᠢᠳᠬᠡᠯ ᠬᠤᠷᠢᠶᠠᠬᠤ ᠵᠠᠰᠠᠮᠠᠯ ᠵᠠᠮ ᠪᠣᠯᠭᠠᠨ ᠵᠠᠰᠠᠵᠤ᠂ ᠣᠯᠠᠨ | ᠵᠢᠯ ᠤᠨ ᠡᠵᠡᠩᠨᠡᠯᠲᠡ ᠪᠠᠷ ᠳᠡᠮᠵᠢᠨ᠂ ᠵᠠᠰᠠᠮᠠᠯ ᠵᠠᠮ ᠨᠢᠭᠡᠨᠲᠡ ᠬᠤᠭᠤᠴᠠᠭ᠎ᠠ ᠠᠴᠠ ᠬᠡᠲᠦᠷᠡᠭᠦᠯᠦᠨ ᠠᠯᠪᠠ ᠬᠠᠭᠠᠭᠰᠠᠨ | ᠪᠥᠭᠡᠳ ᠰᠦᠢᠳᠬᠡᠯ ᠬᠤᠷᠢᠶᠠᠬᠤ ᠲᠤᠭ᠎ᠠ ᠨᠢ ᠪᠠᠭᠤᠷᠠᠭᠰᠠᠨ ᠠᠴᠠ ᠡᠵᠡᠩᠨᠡᠯᠲᠡ ᠶᠢᠨ ᠠᠵᠤ ᠠᠬᠤᠶᠢᠯᠠᠯ ᠨᠢ ᠵᠠᠰᠠᠮᠠᠯ | ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠢ ᠠᠷᠭᠠᠴᠠᠬᠤ ᠶᠢᠨ ᠠᠷᠭ᠎ᠠ ᠦᠭᠡᠢ ᠪᠣᠯᠵᠤ᠂ | ᠵᠠᠮ ᠤᠨ ᠪᠠᠶᠢᠳᠠᠯ ᠢ ᠡᠪᠳᠡᠨ ᠰᠦᠢᠳᠬᠡᠵᠦ᠂ ᠵᠠᠮ ᠨᠡᠪᠲᠡᠷᠡᠯᠭᠡ ᠶᠢ ᠬᠦᠨᠳᠦ ᠨᠣᠴᠢᠲᠠᠢ ᠨᠥᠯᠥᠭᠡᠯᠡᠭᠰᠡᠨ ᠪᠠᠶᠢᠨ᠎ᠠ᠃ | ᠡᠨᠡ ᠭᠡᠰᠩ ᠨᠢ ᠠᠵᠤ ᠠᠬᠤᠶᠢᠯᠠᠯ ᠤᠨ ᠡᠵᠡᠩᠨᠡᠯᠲᠡ ᠶᠢᠨ ᠬᠡᠯᠪᠡᠷᠢ ᠶᠢᠨ ᠰᠦᠢᠳᠬᠡᠯ ᠬᠤᠷᠢᠶᠠᠬᠤ ᠵᠠᠰᠠᠮᠠᠯ ᠵᠠᠮ ᠳᠤ | ᠬᠠᠷᠢᠶᠠᠯᠠᠭᠳᠠᠬᠤ ᠪᠣᠯᠬᠤᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠦᠴᠦᠨ ᠦᠭᠡᠢ ᠪᠣᠯᠭᠠᠬᠤ | ᠬᠡᠪᠴᠢᠶᠡᠨ ᠳᠤ ᠣᠷᠣᠭᠤᠯᠤᠭᠠᠳᠤᠢ ᠮᠥᠷᠲᠡᠭᠡᠨ ᠵᠠᠰᠠᠮᠠᠯ ᠵᠠᠮ ᠤᠨ ᠥᠭᠡᠷᠡᠴᠢᠯᠡᠯᠲᠡ ᠶᠢᠨ ᠲᠥᠷᠥᠯ ᠵᠦᠢᠯ ᠢ | ᠭᠤᠶᠤᠴᠢᠯᠠᠨ ᠮᠡᠳᠡᠭᠦᠯᠵᠦ ᠪᠣᠯᠬᠤ ᠦᠭᠡᠢ᠂ ᠵᠥᠪᠬᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠪᠤᠴᠠᠭᠠᠨ | ᠬᠤᠷᠢᠶᠠᠬᠤ ᠠᠷᠭ᠎ᠠ ᠮᠠᠶ᠋ᠢᠭ ᠢᠶᠠᠷ ᠰᠢᠢᠳᠪᠦᠷᠢᠯᠡᠨ᠎ᠡ᠃ᠡᠭᠦᠨ ᠤ ᠲᠤᠯᠠᠳᠠ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠶᠤᠸᠠᠨ ᠾᠧᠩ ᠠᠵᠤ ᠦᠢᠯᠡᠰ ᠤᠨ ᠪᠦᠯᠦᠭᠯᠡᠯ ᠲᠠᠢ ᠤᠯᠠᠨ ᠤᠳᠠᠭ᠎ᠠ ᠵᠥᠪᠳᠡᠯᠴᠡᠨ ᠬᠡᠯᠡᠯᠴᠡᠭᠡ | ᠬᠢᠭᠰᠡᠨ ᠤ ᠲᠠᠷᠠᠭ᠎ᠠ᠂ ᠡᠴᠦᠰ ᠲᠡᠭᠡᠨ 2022 ᠣᠨ ᠤ 3 ᠰᠠᠷ᠎ᠠ ᠶᠢᠨ 31 ᠤ ᠡᠳᠦᠷ ᠡᠭᠡᠭᠦᠯᠦᠨ ᠬᠤᠷᠢᠶᠠᠬᠤ | ᠬᠡᠯᠡᠯᠴᠡᠭᠡᠷ ᠲᠣᠭᠲᠠᠭᠠᠵᠠᠢ᠃ | ᠵᠠᠮ ᠤᠨ ᠡᠪᠳᠡᠷᠡᠯ ᠤᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠶᠢᠨ ᠲᠥᠯᠥᠭᠡ᠂ ᠵᠠᠰᠠᠮᠠᠯ ᠵᠠᠮ ᠢ ᠪᠤᠴᠠᠭᠠᠨ | ᠬᠤᠷᠢᠶᠠᠬᠤ ᠶᠢᠨ ᠬᠠᠮᠲᠤ᠂ ᠮᠠᠨ ᠤ ᠲᠣᠪᠴᠢᠶ᠎ᠠ ᠲᠢᠶᠧ ᠶᠢᠩᠽᠢ ᠠᠴᠠ ᠼᠠᠩ ᠶᠢᠩᠽᠢ ᠬᠦᠷᠬᠦ ᠥᠭᠡᠷᠡᠴᠢᠯᠡᠨ ᠵᠠᠰᠠᠬᠤ | ᠪᠠᠷᠢᠯᠭ᠎ᠠ ᠶᠢᠨ ᠠᠵᠢᠯ ᠢ ᠤᠷᠢᠳᠴᠢᠯᠠᠨ ᠲᠥᠯᠥᠪᠯᠡᠨ ᠲᠥᠯᠥᠪᠯᠡᠵᠦ᠂ 5800 ᠭᠠᠷᠤᠢ ᠲᠦᠮᠡᠨ ᠲᠥᠭᠦᠷᠢᠭ ᠤᠨ | ᠪᠡᠯᠡ ᠣᠷᠣᠭᠤᠯᠬᠤ ᠪᠠᠷ ᠵᠢᠱᠢᠵᠦ ᠪᠠᠶᠢᠨ᠎ᠠ᠃ᠲᠦᠷᠦᠯ ᠵᠦᠢᠯ ᠢ 6 ᠰᠠᠷ᠎ᠠ ᠶᠢᠨ ᠡᠬᠢ ᠪᠠᠷ ᠡᠬᠢᠯᠡᠨ ᠪᠠᠶᠢᠭᠤᠯᠵᠤ᠂ 8 | ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠪᠠᠷ ᠲᠥᠯᠥᠪᠯᠡᠵᠦ ᠪᠤᠢ᠃ | ᠬᠥᠲᠥᠯᠥᠭᠴᠢ᠄ ᠰᠦᠯᠵᠢᠶᠡᠨ ᠤ ᠠᠨᠳᠠ ᠨᠠᠷ ᠤᠨ ᠬᠠᠯᠠᠭᠤᠨ ᠢᠶᠠᠷ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠪᠠᠰᠠ | ᠰᠢᠦᠢ ᠲᠣᠪᠴᠢᠶᠠᠨ ᠳᠠᠷᠤᠭ᠎ᠠ ᠶᠢᠨ ᠶᠠᠭᠠᠷᠠᠯᠲᠠᠢ ᠴᠠᠭ ᠲᠤ ᠮᠠᠨ ᠤ ᠫᠷᠣᠭ᠍ᠷᠠᠮ ᠳᠤ ᠢᠷᠡᠵᠦ ᠣᠯᠠᠨ ᠲᠠᠢ ᠰᠠᠨᠠᠯ ᠢᠶᠠᠨ | ᠰᠣᠯᠢᠯᠴᠠᠭᠰᠠᠨ ᠳᠤ ᠲᠠᠯᠠᠷᠬᠠᠵᠤ ᠪᠠᠶᠢᠨ᠎ᠠ᠂ ᠥᠨᠥᠳᠥᠷ ᠤᠨ ᠰᠣᠷᠪᠤᠯᠵᠢᠯᠠᠭ᠎ᠠ ᠠᠳᠡ ᠬᠥᠷᠥᠶ᠎ᠡ᠂ ᠪᠠᠶᠠᠷᠲᠠᠢ︕ |