| | | | ᠳ᠋ᠤᠤ ᠰᠢᠤᠢ ᠭᠸᠤ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠤᠯᠤᠰ ᠤᠨ 4A ᠳᠡᠰ ᠤᠨ ᠦᠵᠡᠮᠵᠢ ᠶᠢᠨ | ᠣᠷᠣᠨ ᠪᠣᠯᠭᠠᠨ ᠬᠦᠴᠦᠯᠡᠨ ᠪᠠᠶᠢᠭᠤᠯᠵᠤ᠂ ᠵᠢᠯ ᠤᠨ ᠵᠤᠭᠠᠴᠠᠭᠰᠠᠳ ᠤᠨ ᠲᠤᠭ᠎ᠠ ᠪᠠᠷᠤᠭ 30 ᠲᠦᠮᠡᠨ ᠬᠥᠮᠦᠨ | ᠤᠳᠠᠭ᠎ᠠ ᠳᠤ ᠬᠦᠷᠪᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠤᠯᠤᠰ ᠤᠨ 5A ᠲᠠᠰ ᠤᠨ ᠦᠵᠡᠮᠵᠢ ᠶᠢᠨ ᠣᠷᠣᠨ ᠪᠣᠯᠭᠠᠨ ᠳᠡᠪᠰᠢᠭᠦᠯᠬᠦ ᠪᠠᠷ ᠲᠥᠯᠥᠪᠯᠡᠵᠦ ᠪᠣᠶ᠂ ᠣᠲᠣ ᠨᠠᠨ | ᠮᠤᠤ ᠠᠴᠠ ᠳ᠋ᠤᠤ ᠰᠢᠤᠢ ᠭᠸᠤ ᠬᠥᠷᠬᠦ ᠵᠢᠭᠤᠯᠴᠢᠯᠠᠯ ᠤᠨ ᠵᠠᠰᠠᠮᠠᠯ ᠵᠠᠮ ᠢ ᠥᠭᠡᠷᠡᠴᠢᠯᠡᠨ ᠵᠠᠰᠠᠬᠤ ᠪᠠᠷ ᠲᠥᠯᠥᠪᠯᠡᠵᠦ | ᠪᠣᠶ᠂ ᠵᠠᠮ ᠤᠨ ᠪᠥᠬᠦ ᠣᠷᠳᠣ ᠨᠢ 7.6 ᠺᠢᠯᠣᠮᠧᠲᠷ ᠪᠠᠶᠢᠵᠤ᠂ ᠬᠤᠶᠠᠳᠤᠭᠠᠷ ᠳᠡᠰ ᠤᠨ ᠵᠠᠰᠠᠮᠠᠯ ᠵᠠᠮ ᠤᠨ | ᠪᠠᠷᠢᠮᠵᠢᠶ᠎ᠠ ᠪᠠᠷ ᠪᠠᠶᠢᠭᠤᠯᠵᠤ᠂ ᠲᠥᠯᠥᠪᠯᠡᠭᠰᠡᠨ ᠴᠠᠭ ᠤᠨ ᠬᠤᠷᠳᠤᠴᠠ ᠨᠢ 40 ᠺᠢᠯᠣᠮᠧᠲᠷ \ ᠴᠠᠭ᠂ ᠵᠠᠮ ᠤᠨ | ᠰᠠᠭᠤᠷᠢ ᠶᠢᠨ ᠥᠷᠭᠡᠨ ᠨᠢ 12 ᠮᠧᠲᠷ᠂ ᠵᠠᠮ ᠤᠨ ᠥᠷᠭᠡᠨ ᠨᠢ 11 ᠮᠧᠲᠷ ᠪᠣᠯᠤᠨ᠎ᠠ᠃ ᠪᠦᠬᠦ ᠱᠤᠭᠤᠮ ᠳᠤ 4 | ᠬᠥᠭᠦᠷᠭᠡ᠂ 18 ᠭᠤᠯᠳᠤᠩ ᠢ ᠵᠢᠷᠤᠵᠤ ᠲᠥᠯᠥᠪᠯᠡᠨ᠎ᠡ᠃ ᠲᠦᠷᠦᠯ ᠵᠦᠢᠯ ᠤᠨ ᠲᠥᠰᠦᠪ ᠤᠨ ᠶᠡᠷᠦᠩᠬᠡᠢ ᠪᠡᠯᠡ | ᠣᠷᠣᠭᠤᠯᠤᠯᠲᠠ 6217 ᠲᠦᠮᠡᠨ ᠲᠥᠭᠦᠷᠢᠭ ᠲᠤ ᠬᠦᠷᠴᠦ᠂ 2022 ᠣᠨ ᠤ 4 ᠰᠠᠷ᠎ᠠ ᠶᠢᠨ ᠳᠤᠮᠳᠠᠴᠢ ᠪᠠᠷ | ᠠᠵᠢᠯ ᠢᠶᠠᠨ ᠡᠬᠢᠯᠡᠭᠦᠯᠵᠦ᠂ 2022 ᠣᠨ ᠤ 10 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠬᠤ ᠪᠠᠷ | ᠲᠥᠯᠥᠪᠯᠡᠵᠦ ᠪᠤᠢ᠃ | | |