| — 2022 ᠣᠨ ᠤ 1 ᠰᠠᠷ᠎ᠠ ᠶᠢᠨ 5 ᠤ ᠡᠳᠦᠷ ᠨᠢᠩᠴᠧᠩ ᠰᠢᠶᠠᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ | ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠵᠠᠩ ᠬᠠᠶ ᠰᠢᠤᠸᠠᠨ | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | | ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠭᠰᠠᠨ ᠠᠴᠠ ᠨᠠᠰᠢᠬᠢ ᠠᠵᠢᠯ ᠤᠨ | ᠲᠤᠬᠠᠶ ᠡᠷᠭᠢᠴᠡᠭᠦᠯᠦᠯ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠤᠳᠠᠭᠠᠨ ᠤ ᠬᠤᠷᠠᠯᠳᠤᠭᠠᠨ ᠠᠴᠠ ᠨᠠᠰᠢ᠂ ᠰᠢᠶᠠᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ ᠪᠣᠯᠤᠨ | ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠦ᠂ | ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ | ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠶᠢᠨ ᠬᠥᠭᠵᠢᠯᠲᠡ᠂ | ᠨᠡᠶᠢᠭᠡᠮ ᠤᠨ ᠲᠣᠭᠲᠠᠭᠤᠨ ᠪᠠᠶᠢᠳᠠᠯ ᠤᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠵᠡᠢ᠃ | — ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃ ᠵᠢᠱᠢᠯᠲᠡ ᠪᠠᠷ ᠭᠠᠵᠠᠷ | ᠣᠷᠣᠨ ᠤ ᠦᠢᠯᠡᠳᠪᠤᠷᠢᠯᠡᠯ ᠤᠨ ᠪᠥᠬᠦ ᠥᠷᠲᠡᠭ ᠢ 167.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ | ᠳᠤᠮᠳᠠᠴᠢ ᠪᠠᠷ 6.7% ᠪᠠᠷ ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 6.5 | ᠳ᠋ᠦᠩᠰᠢᠭᠤᠷ ᠲᠥᠭᠦᠷᠢᠭ᠂ ᠵᠢᠯ ᠪᠦᠷᠢ ᠳᠤᠮᠳᠠᠴᠢ ᠪᠠᠷ % ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 55 ᠳ᠋ᠦᠩᠰᠢᠭᠤᠷ ᠲᠥᠭᠦᠷᠢᠭ᠂ ᠵᠢᠯ ᠪᠦᠷᠢ ᠳᠤᠮᠳᠠᠴᠢ ᠪᠠᠷ 28. | 7% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 45. | 6 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 3% ᠪᠠᠷ ᠨᠡᠮᠡᠭᠳᠡᠪᠡ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 36009 | ᠲᠥᠭᠦᠷᠢᠭ ᠪᠠ 14518 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠣᠰ ᠲᠣᠰ 6.5% ᠪᠠ | 9% ᠪᠠᠷ ᠨᠡᠮᠡᠭᠳᠡᠪᠡ᠃ | — ᠭᠤᠷᠪᠠᠨ ᠶᠡᠭᠡ ᠪᠡᠷᠬᠡ ᠰᠡᠳᠦᠪ ᠢ ᠰᠢᠢᠳᠪᠤᠷᠢᠯᠡᠬᠦ ᠲᠠᠶᠢᠨ ᠤ ᠦᠷ᠎ᠡ ᠪᠦᠲᠦᠮᠵᠢ ᠢᠯᠡᠳᠲᠡ᠃ | ᠶᠠᠳᠠᠭᠤ ᠠᠴᠠ ᠠᠩᠬᠢᠵᠢᠷᠠᠭᠤᠯᠤᠨ ︽ᠮᠠᠯᠠᠭᠠᠢ ᠶᠢ ᠲᠠᠶᠠᠬᠳᠠᠬᠤ︾ ᠡᠭᠦᠷᠭᠡ ᠶᠢ ᠨᠢᠭᠡ ᠵᠢᠯ ᠤᠷᠢᠳᠴᠢᠯᠠᠨ | ᠪᠡᠶᠡᠯᠡᠭᠦᠯᠵᠦ᠂ 4.4 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ | ᠠᠩᠭᠢᠵᠢᠷᠠᠭᠤᠯᠵᠤ᠂ ᠬᠥᠮᠦᠨ ᠳᠤᠮᠳᠠᠴᠢ ᠶᠢᠨ ᠴᠡᠪᠡᠷ ᠣᠷᠣᠯᠭ᠎ᠠ 13034 ᠲᠥᠭᠦᠷᠢᠭ ᠲᠤ ᠬᠦᠷᠴᠦ᠂ 2017 | ᠣᠨ ᠤ ᠬᠢ ᠠᠴᠠ 2.1 ᠳᠠᠬᠢᠨ ᠨᠡᠮᠡᠭᠳᠡᠪᠡ᠃ 11.6 ᠳ᠋ᠦᠩᠰᠢᠭᠤᠷ ᠲᠥᠭᠦᠷᠢᠭ ᠤᠨ ᠲᠠᠷᠢᠶᠠᠯᠠᠩ ᠳᠤ | ᠬᠤᠯᠪᠣᠭᠳᠠᠬᠤ ᠡᠯ᠎ᠡ ᠲᠥᠷᠥᠯ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠨ᠂ ᠪᠡᠭᠡᠵᠢᠩ ᠥᠪᠥᠷ | ᠮᠣᠩᠭᠤᠯ ᠤᠨ ᠬᠠᠪᠰᠤᠷᠤᠨ ᠲᠡᠳᠬᠦᠬᠦ᠂ ᠴᠢᠬ ᠲᠣᠭᠲᠠᠭᠠᠨ ᠬᠠᠪᠰᠤᠷᠤᠨ ᠲᠡᠳᠬᠦᠬᠦ ᠪᠠᠯᠠ ᠮᠥᠩᠭᠦ ᠶᠢ 3.1 | ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ 2.7 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠠᠭ᠎ᠠ | ᠲᠣᠭᠠᠨ ᠤ ᠢᠲᠡᠭᠡᠮᠵᠢᠲᠦ ᠵᠢᠭᠡᠯᠡᠯᠭᠡ ᠲᠠᠯᠪᠢᠵᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 108 ᠶᠠᠳᠠᠭᠤ ᠶᠢ ᠲᠡᠳᠬᠦᠬᠦ ᠠᠵᠤ | ᠦᠢᠯᠡᠰ ᠤᠨ ᠬᠦᠷᠢᠶᠡᠯᠡᠩ ᠢ ᠪᠠᠶᠢᠭᠤᠯᠵᠤ᠂ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠥᠷᠥᠯ | ᠵᠤᠶᠢᠯ ᠢ 572 ᠬᠡᠷᠡᠭᠵᠢᠭᠦᠯᠪᠡ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠶ ᠪᠠᠷ | ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ | ᠪᠤᠯᠪᠠᠴᠦ ᠲᠣᠭᠲᠠᠭᠤᠨ ᠪᠤᠰᠤ ᠡᠷᠦᠬᠡ᠂ ᠠᠮᠠᠷᠬᠠᠨ ᠶᠠᠳᠠᠭᠤᠷᠠᠬᠤ ᠡᠷᠦᠬᠡ᠂ ᠭᠡᠨᠡᠳᠲᠡ ᠤᠨ ᠪᠠᠶᠢᠳᠠᠯ ᠡᠭᠦᠰᠦᠭᠰᠡᠨ | ᠬᠦᠨᠳᠦ ᠨᠣᠴᠢᠲᠠᠶ ᠬᠦᠴᠢᠷᠳᠡᠯᠲᠡᠶ ᠡᠷᠦᠬᠡ ᠳᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠬᠦᠨ ᠢ | ᠨᠠᠶᠢᠳᠠᠪᠤᠷᠢᠵᠢᠭᠤᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ | ᠵᠠᠰᠠᠭ ᠤᠨ ᠣᠷᠳᠣᠨ ᠤ ᠵᠢᠭᠡᠯᠡᠯᠭᠡ ᠠᠪᠴᠤ ᠪᠡᠯᠡ ᠲᠣᠬᠢᠷᠠᠭᠤᠯᠬᠤ ᠠᠵᠢᠯ ᠢ ᠴᠢᠩᠭ᠎ᠠ ᠵᠢᠷᠤᠮᠵᠢᠭᠤᠯᠵᠤ᠂ ᠵᠠᠰᠠᠭ ᠤᠨ | ᠣᠷᠳᠣᠨ ᠤ ᠥᠷᠢ ᠥᠭᠴᠡᠭᠡ ᠶᠢ ᠨᠡᠶᠢᠳᠡ 22 ᠳ᠋ᠦᠩᠰᠢᠭᠤᠷ ᠲᠥᠭᠦᠷᠢᠭ ᠰᠢᠢᠳᠪᠤᠷᠢᠯᠪᠠ᠃ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠲᠢᠶᠠᠨ ᠢ | ᠬᠤᠲᠠ ᠲᠣᠭᠤᠷᠢᠭ ᠤᠨ 10 ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠪᠥᠬᠦ ᠲᠠᠯ᠎ᠠ ᠪᠠᠷ | ᠰᠢᠭᠰᠢᠭᠳᠡᠭᠦᠯᠵᠦ᠂ 7038 ᠡᠷᠦᠬᠡ ᠰᠠᠭᠤᠭᠠᠯᠢ ᠠᠷᠠᠳ ᠤᠨ ᠨᠡᠭᠦᠷᠡᠰᠦ ᠰᠢᠲᠠᠭᠠᠬᠤ ᠵᠤᠤᠬ᠎ᠠ ᠶᠢᠨ ᠪᠠᠭᠠᠵᠢ ᠶᠢ | ᠴᠡᠪᠡᠷᠰᠢᠭᠦᠯᠦᠨ ᠥᠭᠡᠷᠡᠴᠢᠯᠡᠬᠦ ᠶᠢ ᠪᠡᠶᠡᠯᠡᠭᠦᠯᠪᠡ᠃ ᠭᠤᠣᠯ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠲᠦᠯᠬᠢᠨ | ᠠᠬᠢᠭᠤᠯᠵᠤ᠂ 36.5 ᠺᠢᠯᠣᠮᠧᠲᠷ ᠭᠤᠣᠯ ᠤᠨ ᠬᠡᠪᠡᠯᠢ ᠶᠢ ᠵᠠᠰᠠᠨ ᠰᠡᠷᠭᠦᠭᠡᠵᠦ᠂ ᠭᠤᠣᠯ ᠤᠷᠤᠭᠤ ᠪᠣᠬᠢᠷᠲᠤᠯ | ᠭᠠᠳᠠᠭᠰᠢᠯᠠᠭᠤᠯᠬᠤ 41 ᠠᠮᠠ ᠶᠢ ᠴᠡᠭᠴᠡᠯᠡᠨ ᠵᠠᠰᠠᠪᠠ᠃ ᠬᠤᠷᠬᠤᠭ ᠭᠤᠣᠯ ᠤᠨ ᠬᠠᠮᠠᠭᠠᠯᠠᠯᠲᠠ ᠶᠢᠨ ᠣᠷᠣᠨ ᠤ | ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ ᠤᠬᠤᠷᠢᠨ ᠭᠠᠷᠴᠤ᠂ ᠰᠢᠷᠭᠤᠯᠵᠢ ᠠᠭᠤᠯᠠ | ᠵᠡᠷᠭᠡ 54 ᠲᠡᠦᠬᠡᠨ ᠠᠴᠠ ᠦᠯᠡᠳᠡᠭᠳᠡᠵᠦ ᠢᠷᠡᠭᠰᠡᠨ ᠪᠠ ᠬᠠᠷᠢᠭᠤᠴᠠᠯᠭ᠎ᠠ ᠦᠭᠡᠢ ᠭᠤᠣᠯ ᠴᠣᠭᠴᠠ ᠪᠦᠬᠦᠢ | ᠠᠭᠤᠷᠬᠠᠢ ᠶᠢ ᠵᠠᠰᠠᠵᠤ ᠳᠠᠭᠤᠰᠬᠠᠪᠠ᠃ ᠣᠶ ᠰᠢᠭᠤᠶ ᠡᠪᠡᠰᠦ ᠪᠡᠯᠴᠢᠭᠡᠷ ᠤᠨ ᠤᠷᠭᠤᠯᠲᠠ ᠶᠢᠨ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠵᠦ᠂ 8.5 ᠲᠦᠮᠡᠨ ᠮᠥ ᠣᠶ ᠰᠢᠭᠤᠶ ᠶᠢ ᠡᠵᠡᠩᠨᠡᠨ ᠣᠶᠢᠵᠢᠭᠤᠯᠵᠤ᠂ ᠣᠶ ᠰᠢᠭᠤᠶ ᠶᠢᠨ | ᠬᠤᠴᠢᠯᠭ᠎ᠠ ᠶᠢᠨ ᠨᠣᠷᠮ᠎ᠠ ᠶᠢ 49.8% ᠪᠣᠯᠲᠠᠯ᠎ᠠ ᠳᠡᠭᠡᠭᠰᠢᠯᠡᠭᠦᠯᠪᠡ᠃ ᠬᠠᠤᠯᠢ ᠶᠢ ᠵᠥᠷᠢᠴᠡᠨ ᠲᠠᠷᠢᠶᠠᠯᠠᠬᠤ᠂ | ᠵᠤᠰᠠᠯᠠᠩ ᠢ ᠵᠥᠷᠢᠴᠡᠨ ᠪᠠᠶᠢᠭᠤᠯᠬᠤ᠂ ᠲᠦᠭᠦᠮ ᠪᠦᠳᠦᠭᠦᠯᠢᠭ ᠤᠷᠤᠨ ᠰᠠᠭᠤᠴᠠ ᠶᠢ ᠪᠠᠷᠢᠬᠤ ᠵᠢᠴᠢ ᠨᠤᠲᠤᠭ | ᠪᠡᠯᠴᠢᠭᠡᠷ ᠣᠶᠢᠲᠤ ᠭᠠᠵᠠᠷ ᠢ ᠡᠪᠳᠡᠬᠦ ᠵᠡᠷᠭᠡ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠱᠠᠳᠤ | ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠪᠠ᠃ | — ᠤᠳᠤ ᠦᠶ᠎ᠡ ᠶᠢᠨ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠡ᠃ | — ᠠᠵᠤ ᠦᠢᠯᠡᠳᠪᠦᠷᠢ ᠶᠢᠨ ᠠᠵᠤ ᠠᠬᠤᠶ ᠶᠢ ᠲᠥᠪᠯᠡᠷᠡᠭᠦᠯᠦᠨ ᠲᠡᠰ ᠲᠡᠪᠰᠢᠭᠦᠯᠪᠡ᠃ | — ᠭᠤᠷᠪᠠᠳᠤᠭᠠᠷ ᠠᠵᠤ ᠦᠢᠯᠡᠰ ᠢ ᠴᠡᠴᠡᠭᠯᠡᠭᠦᠯᠦᠨ ᠬᠦᠭᠵᠢᠬᠦᠯᠪᠡ᠃ | — ᠬᠤᠳᠠ ᠬᠥᠳᠡᠭᠡ ᠶᠢᠨ ᠳᠦᠷᠰᠦ ᠪᠠᠶᠢᠳᠠᠯ ᠶᠡᠷᠦᠩᠬᠡᠶ ᠳᠡᠭᠡᠨ ᠰᠠᠶᠢᠵᠢᠷᠠᠪᠠ᠃ | — ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ | — ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ | ᠲᠥᠯᠥᠭᠡᠯᠡᠭᠴᠢᠳ ᠡ᠂ ᠦᠨᠦᠳᠦᠷ ᠤᠨ ᠠᠮᠵᠢᠯᠲᠠ ᠪᠦᠲᠦᠮᠵᠢ ᠬᠢᠯᠪᠠᠷᠬᠠᠨ ᠪᠢᠰᠢ᠂ ᠰᠢᠷᠭᠠᠭᠤ ᠬᠠᠲᠠᠭᠤᠵᠢᠯᠲᠠᠶ | ᠲᠡᠮᠡᠴᠡᠯ ᠢᠶᠠᠷ ᠢᠷᠠᠪᠠ᠃ ᠪᠦᠬᠦ ᠰᠢᠶᠠᠨ ᠤ ᠬᠠᠮᠲᠤ ᠶᠢᠨ ᠴᠢᠷᠮᠠᠶᠢᠯᠭ᠎ᠠ ᠪᠠᠷ᠂ ᠪᠢᠳᠠ ᠶᠠᠳᠠᠭᠤ ᠬᠦᠴᠢᠷᠳᠡᠯ ᠠᠴᠠ | ᠠᠩᠭᠢᠵᠢᠷᠠᠵᠤ᠂ ᠴᠢᠨᠡᠭᠡᠯᠢᠭ ᠨᠡᠶᠢᠭᠡᠮ ᠳᠤ ᠲᠠᠪᠰᠢᠨ ᠣᠷᠣᠬᠤ ᠠᠤᠭ᠎ᠠ ᠶᠡᠭᠡ ᠲᠡᠦᠬᠡ ᠶᠢᠨ ᠬᠤᠪᠢᠷᠠᠯᠲᠠ ᠶᠢ | ᠪᠡᠶᠡᠯᠡᠭᠦᠯᠵᠦ᠂ ᠪᠣᠬᠢᠷᠲᠤᠯ ᠦᠭᠡᠢ ᠬᠥᠭᠵᠢᠯᠲᠡ᠂ ᠳᠠᠪᠠᠯᠲᠠ ᠲᠠᠢ ᠰᠢᠪᠲᠤᠯᠤᠯᠲᠠ ᠬᠢᠬᠦ ᠴᠠᠭ ᠦᠶ᠎ᠡ ᠶᠢᠨ ᠬᠦᠴᠦᠲᠦ | ᠳᠠᠭᠤᠨ ᠢ ᠬᠠᠩᠭᠢᠨᠠᠭᠤᠯᠪᠠ᠃ ᠡᠳᠡᠭᠡᠷ ᠠᠮᠵᠢᠯᠲᠠ ᠶᠢ ᠣᠯᠤᠭᠰᠠᠨ ᠨᠢ ᠰᠢᠶᠠᠨ ᠤ ᠨᠠᠮ ᠤᠨ ᠬᠤᠷᠢᠶᠠᠨ ᠤ ᠪᠦᠬᠦ | ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ ᠬᠢᠨᠠᠯᠲᠠ ᠲᠠᠯᠪᠢᠵᠤ᠂ ᠬᠦᠴᠦᠯᠡᠨ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ | ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠵᠦ᠂ ᠡᠷᠡᠯᠬᠡᠭᠯᠡᠨ ᠲᠡᠮᠡᠴᠡᠭᠰᠡᠨ ᠤ ᠦᠷ᠎ᠡ | ᠳ᠋ᠦᠩ ᠮᠥᠨ᠃ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠰᠢᠶᠠᠨ ᠤ | ᠥᠷᠭᠡᠨ ᠤᠯᠠᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ | ᠨᠥᠬᠦᠳ ᠲᠤ᠂ ᠨᠢᠩᠴᠧᠩ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ | ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠵᠡᠷᠭᠡᠴᠡᠭᠡᠪᠡᠷ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠪᠠᠰᠠ ᠮᠠᠰᠢ ᠤᠯᠠᠨ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠪᠢᠳᠡ ᠪᠠᠰᠠ | ᠰᠡᠷᠭᠡᠭ ᠢᠶᠠᠷ ᠲᠠᠨᠢᠵᠤ ᠣᠯᠵᠠᠶ᠂ ᠨᠢᠭᠡ ᠳᠤ ᠬᠥᠭᠵᠢᠭᠡᠳᠦᠶ ᠰᠢᠶᠠᠨ ᠤ ᠪᠠᠶᠢᠳᠠᠯ ᠢ ᠪᠠᠰᠠ ᠦᠨᠳᠦᠰᠦᠨ ᠠᠴᠠ ᠨᠢ | ᠬᠤᠪᠢᠷᠠᠭᠤᠯᠵᠤ ᠴᠢᠳᠠᠭᠠᠳᠤᠶ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠬᠥᠮᠦᠨ ᠳᠤᠮᠳᠠᠴᠢ ᠶᠢᠨ ᠬᠢᠷᠢ | ᠬᠡᠮᠵᠢᠶ᠎ᠡ ᠳᠣᠣᠷ᠎ᠠ᠂ ᠶᠡᠷᠦᠩᠬᠡᠶᠢᠯᠡᠭᠰᠡᠨ ᠪᠣᠳᠠᠲᠤ ᠬᠦᠴᠦᠨ ᠪᠠᠭᠤᠷᠠᠶ ᠪᠠᠶᠢᠬᠤ ᠠᠰᠠᠭᠤᠳᠠᠯ ᠮᠥᠨ ᠯᠡ ᠲᠤᠪᠤᠶᠢᠮ᠎ᠠ | ᠪᠠᠶᠢᠭᠰᠠᠭᠠᠷ᠃ ᠬᠤᠶᠠᠷ ᠲᠤ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠥᠨᠳᠥᠷ ᠪᠢᠰᠢ᠂ ᠲᠠᠷᠢᠶᠠᠯᠠᠩ ᠮᠠᠯ | ᠠᠵᠤ ᠠᠬᠤᠶ ᠶᠡᠭᠡ ᠪᠣᠯᠪᠠᠴᠤ ᠬᠦᠴᠦᠷᠬᠡᠭ ᠪᠢᠰᠢ᠂ ᠠᠵᠤ ᠦᠢᠯᠡᠳᠪᠤᠷᠢ ᠶᠢᠨ ᠠᠩᠬᠠᠨ ᠤ ᠲᠡᠰ ᠤᠨ ᠣᠨᠴᠠᠯᠢᠭ | ᠢᠯᠡᠷᠬᠡᠶ ᠪᠠᠶᠢᠵᠤ᠂ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠠᠰᠠ ᠳᠡᠭᠡᠭᠰᠢᠯᠡᠭᠦᠯᠬᠦ | ᠴᠢᠬᠤᠯᠠᠲᠠᠶ ᠪᠠᠶᠢᠨ᠎ᠠ᠃ ᠭᠤᠷᠪᠠ ᠳᠤ ᠰᠠᠭᠤᠷᠢ ᠪᠠᠲᠤᠯᠠᠭ᠎ᠠ ᠶᠢᠨ ᠴᠢᠳᠠᠪᠤᠷᠢ ᠨᠡᠯᠢᠶᠡᠳ ᠪᠠᠭᠤᠷᠠᠶ᠂ ᠬᠤᠳᠠ | ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠥᠷᠢ ᠰᠢᠷᠢ ᠨᠡᠯᠢᠶᠡᠳ ᠠᠷᠪᠢᠨ᠂ ᠵᠠᠮ ᠬᠠᠷᠢᠯᠴᠠᠭ᠎ᠠ ᠬᠦᠨᠳᠦ | ᠨᠣᠴᠢᠲᠠᠶ ᠬᠤᠴᠣᠷᠴᠤ᠂ ᠣᠷᠴᠢᠨ ᠠᠬᠤᠶ ᠶᠢᠨ ᠬᠠᠮᠠᠭᠠᠯᠠᠯᠲᠠ᠂ ᠠᠶᠤᠯᠭᠦᠶ ᠦᠢᠯᠡᠳᠪᠦᠷᠢᠯᠡᠯ᠂ ᠵᠠᠬᠢᠳᠠᠯ | ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠠᠵᠢᠯ ᠤᠨ ᠡᠭᠦᠷᠭᠡ ᠬᠦᠨᠳᠦ ᠵᠠᠮ ᠬᠤᠯᠠ | ᠪᠠᠶᠢᠨ᠎ᠠ᠃ ᠲᠦᠷᠪᠡ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠳᠠᠭᠠᠨ ᠪᠠᠶᠢᠵᠤ᠂ ᠠᠵᠢᠯ ᠣᠯᠭᠤᠯᠲᠠ᠂ | ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠦᠢᠯᠡᠰ ᠨᠢ ᠤᠯᠠᠨ ᠲᠦᠮᠡᠨ ᠤ ᠬᠦᠰᠡᠯ | ᠡᠷᠡᠮᠡᠯᠵᠡᠯ ᠲᠠᠢ ᠪᠠᠰᠠ ᠵᠥᠷᠢᠶ᠎ᠡ ᠲᠠᠢ᠃ ᠲᠠᠪᠤ ᠳᠤ ᠵᠠᠷᠢᠮ ᠺᠠᠳ᠋ᠷᠴᠤᠳ ᠤᠨ ᠤᠶᠤᠨ ᠰᠠᠨᠠᠭᠠᠨ ᠤ ᠳᠦᠷᠰᠦ ᠪᠠᠶᠢᠳᠠᠯ᠂ | ᠴᠢᠳᠠᠪᠤᠷᠢ ᠬᠡᠪ ᠴᠢᠨᠠᠷ᠂ ᠠᠵᠢᠯ ᠤᠨ ᠰᠤᠷᠲᠠᠯ ᠨᠢ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠲᠠᠢ | ᠬᠠᠷᠠᠬᠠᠨ ᠵᠣᠬᠢᠴᠠᠬᠤ ᠦᠭᠡᠢ ᠪᠠᠶᠢᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠪᠠ ᠬᠠᠷᠢᠭᠤᠴᠠᠯᠭ᠎ᠠ ᠡᠭᠦᠷᠭᠡᠯᠡᠬᠦ | ᠦᠭᠡᠢ᠂ ᠠᠵᠢᠯ ᠬᠢᠬᠦ ᠦᠭᠡᠢ ᠵᠡᠷᠭᠡ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃ ᠡᠭᠦᠨ ᠳᠤ᠂ ᠪᠢᠳᠡ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠨᠠᠷᠢᠨ | ᠬᠢᠨᠠᠮᠠᠭᠠᠢ ᠰᠢᠢᠳᠪᠦᠷᠢᠯᠡᠨ᠎ᠡ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠲᠠᠪᠤᠨ ᠵᠢᠯ ᠪᠣᠯ | ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠪᠣᠭᠤᠮᠲᠠ ᠰᠢᠪᠲᠤᠯᠬᠤ | ᠬᠤᠭᠤᠴᠠᠭ᠎ᠠ ᠪᠣᠯᠤᠨ᠎ᠠ᠂ ᠮᠥᠨᠴᠦ ᠠᠵᠤ ᠠᠬᠤᠢ ᠨᠡᠶᠢᠭᠡᠮ ᠤᠨ ᠳᠠᠪᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ | ᠬᠤᠭᠤᠴᠠᠭ᠎ᠠ ᠪᠣᠯᠤᠨ᠎ᠠ᠃ ᠪᠢᠳᠡ ᠡᠷᠬᠡᠪᠰᠢ ᠬᠥᠭᠵᠢᠯᠲᠡ ᠶᠢᠨ ᠪᠠᠶᠢᠳᠠᠯ ᠢ ᠣᠨᠣᠪᠴᠢᠲᠠᠶ ᠡᠵᠡᠮᠳᠡᠵᠦ᠂ | ᠬᠥᠭᠵᠢᠯᠲᠡ ᠶᠢᠨ ᠠᠵᠠ ᠲᠣᠬᠢᠶᠠᠯ ᠢ ᠪᠦᠬᠦ ᠬᠦᠴᠦᠨ ᠢᠶᠠᠷ ᠢᠶᠠᠨ ᠵᠠᠪᠳᠤᠨ ᠠᠳᠬᠤᠬᠤ ᠬᠡᠷᠡᠭᠲᠡᠶ᠃ ᠬᠤᠷᠸ᠎ᠠ | ᠪᠠᠶᠢᠳᠠᠯ ᠠᠴᠠ ᠦᠵᠡᠪᠡᠯ᠂ ᠤᠯᠤᠰ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠠᠷᠠᠭᠤᠨ | ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠨᠢ ᠪᠢᠳᠡᠨ ᠤ | ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠬᠤ᠂ ᠠᠵᠤ ᠦᠢᠯᠡᠰ ᠤᠨ ᠪᠦᠲᠦᠴᠡ ᠳᠤ | ᠲᠣᠬᠢᠷᠠᠭᠤᠯᠤᠯᠲᠠ ᠬᠢᠬᠦ᠂ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠳᠤ ᠴᠢᠬᠤᠯᠠ ᠲᠤᠯᠭᠠᠭᠤᠷᠢᠯᠠᠬᠤ | ᠦᠢᠯᠡᠳᠦᠯ ᠦᠵᠡᠭᠦᠯᠦᠨ᠎ᠡ᠃ ᠮᠠᠨ ᠤ ᠰᠢᠶᠠᠨ ᠪᠣᠯ ᠪᠥᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠤᠨ | ᠭᠤᠤᠯᠳᠠᠯᠭ᠎ᠠ ᠲᠠᠢ ᠰᠢᠶᠠᠨ᠂ ᠪᠥᠬᠦ ᠤᠯᠤᠰ ᠤᠨ ᠰᠢᠶᠠᠨ ᠤ ᠬᠤᠲᠠ ᠶᠢᠨ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠣᠯᠬᠤᠷ | ᠲᠥᠷᠥ ᠶᠢᠨ ᠪᠣᠳᠣᠯᠭ᠎ᠠ᠂ ᠲᠥᠷᠥᠯ ᠵᠤᠶᠢᠯ᠂ ᠪᠠᠯᠠ ᠮᠥᠩᠭᠦ ᠵᠡᠷᠭᠡ ᠲᠠᠯ᠎ᠠ ᠪᠠᠷ ᠨᠠᠩ ᠣᠯᠠᠨ ᠬᠡᠯᠪᠠᠶᠢᠯᠲᠡ ᠪᠠ ᠨᠠᠩ | ᠶᠡᠭᠡ ᠳᠡᠮᠵᠢᠯᠭᠡ ᠭᠥᠷᠳᠡᠬᠦ ᠪᠣᠯᠤᠨ᠎ᠠ᠃ ᠣᠯᠠᠨ ᠵᠢᠯ ᠤᠨ ᠦᠷᠭᠦᠯᠵᠢᠯᠡᠭᠰᠡᠨ ᠬᠥᠭᠵᠢᠯᠲᠡ ᠪᠠᠷ ᠳᠡᠮᠵᠢᠨ᠂ ᠮᠠᠨ ᠤ | ᠠᠵᠤ ᠦᠢᠯᠡᠰ ᠤᠨ ᠰᠠᠭᠤᠷᠢ ᠢᠯᠡᠳᠲᠡ ᠴᠢᠩᠭᠠᠷᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢᠯᠡᠳᠲᠡ | ᠰᠠᠶᠢᠵᠢᠷᠠᠪᠠ᠂ ᠢᠯᠠᠩᠭᠤᠶ᠎ᠠ ᠳᠡᠭᠡᠳᠦ ᠬᠤᠷᠳᠤᠴᠠᠲᠤ ᠲᠡᠮᠦᠷ ᠵᠠᠮ ᠤᠨ ᠴᠠᠭ ᠦᠶ᠎ᠡ ᠬᠦᠷᠴᠦ ᠢᠷᠡᠬᠦ ᠶᠢ ᠳᠠᠭᠠᠯᠳᠤᠨ᠂ | ᠮᠠᠨ ᠤ ᠰᠢᠶᠠᠨ ᠤ ᠣᠷᠣᠨ ᠪᠠᠶᠢᠷᠢ ᠶᠢᠨ ᠳᠠᠪᠠᠭᠤᠯᠢᠭ ᠤᠯᠠᠮ ᠨᠢᠭᠡ ᠠᠯᠬᠤᠮ ᠲᠣᠳᠣᠷᠠᠪᠠ᠃ ᠪᠦᠬᠦ ᠰᠢᠶᠠᠨ ᠤ | ᠳᠡᠭᠡᠳᠦ ᠲᠤᠤᠷᠠᠳᠤ ᠱᠠᠲᠤᠨ ᠤ ᠬᠥᠭᠵᠢᠯᠲᠡ ᠶᠢ ᠡᠷᠢᠯᠬᠢᠯᠡᠬᠦ᠂ ᠬᠥᠭᠵᠢᠯᠲᠡ ᠶᠢ ᠠᠬᠢᠭᠤᠯᠬᠤ᠂ ᠬᠥᠭᠵᠢᠯᠲᠡ ᠶᠢ | ᠠᠳᠬᠤᠬᠤ ᠬᠦᠰᠡᠯ ᠡᠷᠡᠮᠡᠯᠵᠡᠯ ᠨᠡᠩ ᠴᠢᠩᠭ᠎ᠠ ᠪᠤᠯᠵᠤ᠂ ᠳᠠᠪᠠᠯᠲᠠ ᠲᠠᠢ ᠪᠠᠷ ᠬᠥᠭᠵᠢᠨ ᠮᠠᠨᠳᠤᠬᠤ ᠡᠷᠡᠰ ᠵᠣᠷᠢᠭ ᠪᠠ | ᠢᠲᠡᠭᠡᠯ ᠵᠣᠷᠢᠭ ᠨᠡᠩ ᠪᠠᠲᠤᠵᠢᠪᠠ᠃ ᠢᠷᠡᠭᠡᠳᠦᠢ ᠳᠤ ᠬᠠᠨᠳᠤᠬᠤ ᠳᠤ᠂ ᠪᠢᠳᠡ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠠᠵᠠ ᠲᠣᠬᠢᠶᠠᠯ ᠢ ᠠᠮᠵᠢᠵᠤ᠂ ᠦᠨᠡᠨᠬᠦ ᠠᠳᠬᠤᠨ | ᠪᠣᠳᠠᠲᠠᠢ ᠠᠵᠢᠯᠯᠠᠳᠠᠭ ᠯᠠ ᠶᠤᠮ ᠪᠣᠯ ᠯᠠᠪᠲᠠᠢ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠦᠢᠯᠡᠳᠦᠯᠭᠡ | ᠳᠤᠮᠳᠠ ᠰᠢᠨ᠎ᠡ ᠳᠦᠷᠰᠦ ᠪᠠᠶᠢᠳᠠᠯ ᠢ ᠪᠤᠢ ᠪᠣᠯᠭᠠᠵᠤ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠰᠢᠨ᠎ᠡ | ᠠᠮᠵᠢᠯᠲᠠ ᠪᠦᠲᠦᠮᠵᠢ ᠶᠢ ᠡᠭᠦᠳᠴᠦ ᠴᠢᠳᠠᠬᠤ ᠶᠤᠮ᠃ | ᠰᠢᠶᠠᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠶᠡᠷᠦᠩᠬᠡᠶ | ᠪᠠᠶᠢᠷᠢᠯᠠᠭᠤᠯᠤᠯᠲᠠ ᠶᠣᠰᠣᠭᠠᠷ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ | ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ | ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ | ᠨᠠᠮ ᠤᠨ ᠲᠥᠪ ᠬᠤᠷᠢᠶ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶᠠᠨ ᠤ | ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ | ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ | ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠪᠠᠷ ᠬᠠᠷᠠᠯᠲᠠ ᠪᠣᠯᠭᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠶᠡᠷᠦᠩᠬᠡᠶᠢᠯᠡᠭᠰᠡᠨ ᠠᠵᠤ ᠠᠬᠤᠢ ᠶᠢᠨ | ᠪᠣᠳᠠᠲᠤ ᠬᠦᠴᠦᠨ ᠢ ᠶᠡᠬᠡᠪᠡᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠬᠦᠴᠦᠨ ᠢᠶᠠᠷ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠦᠷᠭᠦᠯᠵᠢᠯᠡᠨ ᠠᠬᠢᠭᠤᠯᠵᠤ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ | ᠨᠢᠩᠴᠧᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠬᠤᠶᠢᠰᠢᠳᠠ ᠶᠢᠨ ᠲᠠᠪᠤᠨ ᠵᠢᠯ ᠳᠠᠬᠢ ᠰᠢᠶᠠᠨ ᠤ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠪᠣᠯ᠄ | ︵ᠨᠢᠭᠡ︶ ᠡᠷᠬᠡᠪᠰᠢ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ | ᠬᠡᠷᠡᠭᠲᠡᠢ | ︵ᠬᠤᠶᠠᠷ︶ ᠡᠷᠬᠡᠪᠰᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠭᠡᠬᠦ ᠡᠨᠡᠬᠦ ᠦᠨᠳᠦᠰᠦᠨ ᠵᠦᠢᠯ ᠢ | ᠪᠠᠲᠤ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ | ᠬᠤᠷᠠᠮᠳᠤᠭᠤᠯᠬᠤ ᠬᠡᠷᠡᠭᠲᠡᠢ | ︵ᠭᠤᠷᠪᠠ︶ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠤᠷᠳᠤ ᠬᠤᠭᠤᠴᠠᠭ᠎ᠠ ᠪᠠᠷ | ᠠᠬᠢᠭᠤᠯᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ | ︵ᠲᠦᠷᠪᠡ︶ ᠡᠷᠬᠡᠪᠰᠢ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠲᠠᠢ ᠨᠢᠭᠲᠠ | ᠤᠶᠠᠯᠳᠤᠭᠤᠯᠤᠨ᠂ ᠬᠤᠳᠠ ᠬᠥᠳᠡᠭᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ | ᠢᠳᠡᠪᠬᠢᠲᠡᠶ ᠪᠠᠷ ᠪᠤᠢ ᠪᠣᠯᠭᠠᠬᠤ ᠬᠡᠷᠡᠭᠲᠡᠶ | ︵ᠲᠠᠪᠤ︶ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ | ᠪᠤᠢ ᠪᠣᠯᠭᠠᠵᠤ᠂ ᠥᠷᠭᠡᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ | ᠡᠷᠡᠮᠡᠯᠵᠡᠯ ᠳᠤ ᠨᠡᠩ ᠰᠠᠶᠢᠲᠤᠷ ᠬᠠᠷᠢᠭᠤᠯᠲᠠ ᠥᠭᠬᠦ ᠬᠡᠷᠡᠭᠲᠡᠢ᠃ | ᠭᠤᠷᠪᠠ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ ᠰᠠᠶᠢᠨ ᠡᠬᠢᠯᠡᠯᠲᠡ ᠲᠠᠢ | ᠪᠣᠯᠭᠠᠬᠤ ᠪᠠᠷ ᠬᠦᠴᠦᠯᠡᠨ ᠴᠢᠷᠮᠠᠶᠢᠨ᠎ᠠ | 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠪᠠᠰᠠ ᠴᠤ ᠰᠢᠨ᠎ᠡ | ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ ᠮᠥᠨ᠂ ᠪᠦᠬᠦ ᠵᠢᠯ ᠤᠨ ᠠᠵᠢᠯ ᠢᠶᠠᠨ ᠰᠠᠶᠢᠲᠤᠷ | ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠭᠤᠣᠯ ᠵᠢᠱᠢᠭᠰᠡᠨ ᠬᠠᠷᠠᠯᠲᠠ ᠪᠣᠯ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠦᠷᠳᠡᠭ ᠢ 8% ᠠᠴᠠ ᠳᠡᠭᠡᠭᠰᠢ ᠨᠡᠮᠡᠭᠳᠡᠭᠦᠯᠦᠨ᠎ᠡ᠃ ᠡᠩ ᠤᠨ ᠤᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 15% ᠠᠴᠠ ᠳᠡᠭᠡᠭᠰᠢ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 12% ᠠᠴᠠ ᠳᠡᠭᠡᠭᠰᠢ ᠨᠡᠮᠡᠭᠳᠡᠭᠦᠯᠦᠨ᠎ᠡ᠃ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 7% ᠠᠴᠠ ᠳᠡᠭᠡᠭᠰᠢ ᠨᠡᠮᠡᠭᠳᠡᠭᠦᠯᠦᠨ᠎ᠡ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ | ᠲᠤᠰ 8% ᠪᠠ 9% ᠠᠴᠠ ᠳᠡᠭᠡᠭᠰᠢ ᠨᠡᠮᠡᠭᠳᠡᠭᠦᠯᠦᠨ᠎ᠡ᠃ | ︵ᠨᠢᠭᠡ︶ ᠰᠠᠭᠤᠷᠢ ᠶᠢ ᠪᠠᠲᠤᠳᠬᠠᠵᠤ᠂ ᠬᠤᠷᠢᠭ᠎ᠠ ᠱᠤᠭᠤᠮ ᠢ ᠰᠠᠬᠢᠵᠤ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠶᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠠᠳᠬᠤᠨ᠎ᠠ᠃ | ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ᠬᠢᠨᠠᠨ ᠬᠠᠮᠢᠶᠠᠷᠬᠤ ᠲᠣᠭᠲᠠᠴᠠ ᠶᠢ ᠪᠦᠬᠦ ᠬᠦᠴᠦᠨ ᠢᠶᠠᠷ ᠨᠠᠶᠢᠳᠠᠪᠤᠷᠢᠵᠢᠭᠤᠯᠤᠨ᠎ᠠ᠃ | ︵ᠬᠤᠶᠠᠷ︶ ᠬᠤᠳᠠᠯᠳᠤᠭᠠᠴᠢᠨ ᠤᠷᠢᠬᠤ ᠶᠢ ᠠᠳᠬᠤᠵᠤ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠬᠤ ᠲᠠᠯ᠎ᠠ ᠪᠠᠷ ᠪᠦᠬᠦ ᠬᠦᠴᠦᠨ ᠢᠶᠠᠷ ᠢᠶᠠᠨ | ᠠᠬᠢᠭᠤᠯᠤᠨ᠎ᠠ | ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ︵ᠭᠤᠷᠪᠠ︶ ᠠᠵᠤ ᠦᠢᠯᠡᠰ ᠢ ᠴᠢᠩᠭᠠᠳᠬᠠᠨ᠂ ᠰᠠᠭᠤᠷᠢ ᠶᠢ ᠪᠠᠲᠤᠳᠬᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠠᠯ᠎ᠠ ᠪᠠᠷ ᠠᠵᠢᠯᠯᠠᠭ᠎ᠠ ᠪᠠᠨ ᠲᠦᠷᠭᠡᠳᠬᠡᠨ᠎ᠡ | ᠠᠵᠤ ᠦᠢᠯᠡᠰ ᠤᠨ ᠨᠡᠮᠡᠭᠳᠡᠯ ᠤᠨ ᠬᠡᠮᠵᠢᠶ᠎ᠡ ᠶᠢ ᠬᠡᠷᠡᠭᠵᠢᠭᠦᠯᠦᠨ᠎ᠡ᠃ | ᠠᠵᠤ ᠦᠢᠯᠡᠰ ᠤᠨ ᠲᠡᠰ ᠳᠡᠪᠰᠢᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ | ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ | ︵ᠲᠦᠷᠪᠡ︶ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠲᠠᠪᠴᠠᠩ ᠢ ᠰᠢᠯᠢᠳᠡᠭᠵᠢᠭᠦᠯᠵᠦ᠂ ᠠᠵᠤ | ᠦᠢᠯᠡᠳᠪᠦᠷᠢ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠨ᠎ᠡ | ᠨᠠᠩ ᠶᠡᠭᠡ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ | ᠨᠡᠩ ᠶᠡᠭᠡ ᠥᠷᠢᠰᠥᠯᠳᠦᠬᠦ ᠬᠦᠴᠦᠨ ᠲᠠᠢ ᠭᠤᠣᠯᠳᠠᠯᠭ᠎ᠠ ᠲᠠᠢ ᠠᠵᠤ ᠠᠬᠤᠶᠢᠯᠠᠯ ᠢ ᠪᠠᠶᠢᠭᠤᠯᠤᠨ᠎ᠠ᠃ | ᠨᠡᠩ ᠢᠯᠡᠭᠦᠦ ᠲᠤᠯᠭᠠᠭᠤᠷᠢᠯᠠᠬᠤ ᠬᠦᠴᠦᠨ ᠲᠠᠢ ᠬᠥᠭᠵᠢᠯᠲᠡ ᠶᠢᠨ ᠲᠠᠪᠴᠠᠩ ᠢ ᠪᠠᠶᠢᠭᠤᠯᠤᠨ᠎ᠠ᠃ | ︵ᠲᠠᠪᠤ︶ ᠶᠠᠰᠤ ᠴᠢᠨᠠᠷ ᠢ ᠳᠡᠭᠡᠭᠰᠢᠯᠡᠭᠦᠯᠦᠨ᠂ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠭᠤᠷᠪᠠᠳᠤᠭᠠᠷ | ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ ᠬᠦᠴᠦᠨ ᠴᠢᠳᠠᠯ ᠢᠶᠠᠨ ᠭᠦᠢᠴᠡᠳ ᠪᠠᠳᠠᠷᠠᠭᠤᠯᠤᠨ᠎ᠠ | ᠤᠨᠴᠠᠯᠢᠭᠳᠤ ᠵᠢᠭᠤᠯᠴᠢᠯᠠᠯ ᠤᠨ ᠦᠢᠯᠡᠰ ᠤᠨ ᠲᠠᠰ ᠳᠡᠪᠰᠢᠬᠦ ᠶᠢ ᠬᠦᠴᠦᠯᠡᠨ ᠠᠬᠢᠭᠤᠯᠤᠨ᠎ᠠ᠃ | ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠦᠢᠯᠡᠰ ᠤᠨ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠶᠢ | ᠬᠦᠴᠦᠯᠡᠨ ᠠᠬᠢᠭᠤᠯᠤᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠢᠷᠢ ᠲᠦᠪᠰᠢᠨ ᠢᠶᠠᠨ ᠬᠦᠴᠦᠯᠡᠨ ᠠᠬᠢᠭᠤᠯᠤᠨ᠎ᠠ᠃ | ︵ᠵᠢᠷᠭᠤᠭ᠎ᠠ︶ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠶ ᠲᠠᠯ᠎ᠠ ᠶᠢ ᠪᠠᠭᠤᠷᠠᠭᠤᠯᠤᠨ᠂ ᠬᠤᠲᠠ ᠬᠥᠳᠡᠭᠡ ᠶᠢ | ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢ ᠳᠥᠯᠭᠢᠨ ᠠᠬᠢᠭᠤᠯᠬᠤ ᠲᠠᠯ᠎ᠠ ᠪᠠᠷ ᠭᠤᠤᠯᠳᠠᠯᠭ᠎ᠠ ᠲᠠᠢ ᠰᠢᠪᠲᠤᠯᠤᠯᠲᠠ | ᠭᠠᠷᠭᠠᠨ᠎ᠠ | ᠬᠤᠳᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ | ᠬᠤᠳᠠ ᠶᠢ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠲᠠ ᠬᠥᠳᠡᠭᠡ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ | ︵ᠳᠣᠯᠤᠭ᠎ᠠ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠲᠣᠭᠲᠠᠭᠤᠨ ᠪᠠᠶᠢᠳᠠᠯ ᠢ ᠪᠠᠲᠤᠯᠠᠨ᠂ | ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠪᠥᠬᠦ ᠬᠦᠴᠦᠨ ᠢᠶᠠᠷ ᠢᠶᠠᠨ | ᠴᠢᠷᠮᠠᠶᠢᠨ᠎ᠠ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠨᠠᠢᠮᠠ︶ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠢᠯᠡᠴᠢᠯᠡᠭᠡ ᠪᠠᠨ ᠴᠢᠩᠭᠠᠳᠬᠠᠵᠤ᠂ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠥᠨᠢ ᠤᠳᠠᠭᠠᠨ ᠴᠢᠷᠮᠠᠶᠢᠨ᠎ᠠ | ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ | ᠪᠣᠳᠠᠲᠠᠶ ᠶᠢ ᠡᠷᠬᠢᠮᠯᠡᠨ ᠠᠵᠢᠯᠴᠢ ᠬᠢᠴᠢᠶᠡᠩᠭᠦᠶ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ | ᠠᠷᠠᠳ ᠤᠨ ᠲᠥᠯᠥᠭᠡ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ | ᠲᠥᠯᠥᠭᠡᠯᠡᠭᠴᠢᠳ ᠡ᠂ ᠵᠢᠷᠤᠭ ᠲᠥᠰᠦᠪ ᠢ ᠨᠢᠭᠡᠨᠲᠡ ᠵᠢᠷᠤᠭᠯᠠᠪᠠ᠂ ᠪᠣᠳᠠᠲᠠᠢ ᠠᠵᠢᠯᠯᠠᠪᠠᠯ ᠬᠦᠰᠡᠯ | ᠵᠡᠭᠦᠳᠦ ᠪᠠᠨ ᠲᠡᠷᠭᠡᠯᠰᠢᠭᠦᠯᠦᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠶᠢᠨ ᠳᠣᠣᠷ᠎ᠠ᠂ ᠨᠡᠩ ᠴᠤᠭ ᠪᠠᠳᠠᠷᠠᠩᠭᠤᠶ ᠵᠣᠷᠢᠭ ᠰᠠᠨᠠᠭ᠎ᠠ᠂ ᠨᠡᠩ ᠣᠷᠭᠢᠯᠤᠮ᠎ᠠ ᠬᠠᠯᠠᠭᠤᠨ | ᠰᠡᠳᠬᠢᠯᠭᠡ᠂ ᠨᠡᠩ ᠯᠠᠪᠳᠠᠭᠤᠨ ᠪᠠᠲᠤᠲᠠᠶ ᠰᠤᠷᠲᠠᠯ ᠢᠶᠠᠷ ᠦᠵᠡᠯ ᠰᠠᠨᠠᠭ᠎ᠠ ᠪᠠᠨ ᠨᠢᠭᠡᠳᠬᠡᠨ᠂ ᠬᠦᠴᠦᠨ ᠴᠢᠳᠠᠯ ᠢᠶᠠᠨ | ᠨᠢᠭᠲᠠᠷᠠᠭᠤᠯᠵᠤ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠳᠤ ᠪᠡᠯᠡᠭ ᠬᠦᠷᠭᠡᠶ᠎ᠡ︕ |