| ᠨᠢᠩᠴᠧᠩ ᠰᠢᠶᠠᠨ︽ᠠᠷᠠᠳ ᠲᠦᠮᠡᠨ ᠳᠤ ᠦᠢᠯᠡᠴᠢᠯᠡᠬᠦ︾ᠤᠬᠠᠮᠰᠠᠷ ᠢ ᠪᠠᠲᠤ ᠡᠵᠡᠮᠳᠡᠵᠦ᠂ ᠬᠦᠴᠢᠷ ᠠᠰᠠᠭᠤᠳᠠᠯ ᠢ | ᠰᠢᠢᠳᠪᠦᠷᠢᠯᠡᠵᠦ ᠲᠦᠷᠦᠯ ᠲᠡᠮᠳᠡᠭ ᠢ ᠡᠭᠦᠳᠴᠦ᠂ ᠣᠨᠴᠠᠯᠢᠭ ᠢ ᠲᠣᠪᠤᠶᠢᠯᠭᠠᠨ ᠳᠦᠷᠢ ᠲᠥᠷᠬᠦ ᠶᠢ ᠪᠤᠢ ᠪᠣᠯᠭᠠᠵᠤ᠂ | ᠬᠠᠤᠯᠢ ᠴᠠᠭᠠᠵᠠ ᠶᠢᠨ ᠦᠢᠯᠡᠴᠢᠯᠡᠭᠡᠨ ᠤ︽ᠨᠢᠭᠡ ᠦᠷᠲᠡᠭᠡ ᠬᠡᠯᠪᠡᠷᠢ︾ ᠶᠢᠨ ᠵᠠᠭᠪᠤᠷ ᠤᠨ ᠰᠠᠭᠤᠷᠢᠨ ᠳᠡᠭᠡᠷ᠎ᠡ᠂ ᠡᠭᠦᠷᠭᠡ | ᠴᠢᠳᠠᠪᠬᠢ ᠶᠢᠨ ᠡᠬᠢ ᠪᠠᠶᠠᠯᠢᠭ ᠢ ᠪᠦᠲᠦᠮᠵᠢᠲᠡᠢ ᠨᠡᠶᠢᠳᠬᠡᠵᠦ᠂ ᠲᠡᠷᠢᠭᠦᠨ ᠤ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠲᠥᠪ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠤᠯᠠᠨ ᠲᠦᠮᠡᠨ ᠳᠤ ᠥᠨᠳᠥᠷ | ᠪᠦᠲᠦᠮᠵᠢᠲᠡᠢ ᠳᠥᠭᠦᠮ ᠳᠥᠲᠡ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠦᠢᠯᠡᠴᠢᠯᠡᠭᠡ | ᠬᠠᠩᠭᠠᠵᠤ ᠪᠤᠢ᠃ | ︽ᠨᠢᠭᠡ ᠲᠢᠩᠬᠢᠮ ᠤᠨ ᠬᠡᠯᠪᠡᠷᠢ︾ ᠶᠢᠨ ᠬᠠᠮᠢᠶᠠᠷᠤᠯᠲᠠ ᠳᠤ ᠲᠥᠪᠯᠡᠷᠡᠭᠦᠯᠦᠨ ᠭᠥᠯᠢᠶᠡᠨ ᠠᠪᠴᠤ ᠵᠣᠴᠢᠯᠠᠬᠤ ᠶᠢ | ᠪᠡᠶᠡᠯᠡᠭᠦᠯᠪᠡ᠃ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠲᠤ ᠭᠤᠷᠪᠠᠨ ᠴᠢᠳᠠᠮᠵᠢᠲᠤ | ᠣᠷᠣᠨ ᠢ ᠲᠤᠬᠢᠷᠠᠭᠤᠯᠪᠠ᠄ ᠥᠪᠡᠰᠦᠪᠡᠨ ᠦᠢᠯᠡᠴᠢᠯᠡᠬᠦ ᠲᠣᠭᠤᠷᠢᠭ᠂ ᠲᠤᠬᠠᠶᠢᠯᠠᠭᠰᠠᠨ ᠠᠵᠢᠯ ᠢ ᠭᠦᠢᠴᠡᠳᠬᠡᠬᠦ | ᠲᠣᠭᠤᠷᠢᠭ᠂ ᠠᠮᠠᠷᠠᠵᠤ ᠬᠦᠯᠢᠶᠡᠬᠦ ᠲᠣᠭᠤᠷᠢᠭ᠃ᠥᠪᠡᠰᠦᠪᠡᠨ ᠦᠢᠯᠡᠴᠢᠯᠡᠬᠦ ᠲᠣᠭᠤᠷᠢᠭ ᠲᠤ 4K ᠣᠶᠤᠨᠲᠤ | ᠦᠵᠦᠭᠦᠷ᠂ ᠥᠪᠡᠰᠦᠪᠡᠨ ᠦᠢᠯᠡᠴᠢᠯᠡᠬᠦ ᠠᠰᠠᠭᠤᠨ ᠯᠠᠪᠯᠠᠬᠤ ᠮᠠᠰᠢᠨ᠂ ᠲᠤᠶ᠋ᠢᠬᠤ ᠮᠠᠶ᠋ᠢᠭ ᠤᠨ ᠠᠰᠠᠭᠤᠨ ᠯᠠᠪᠯᠠᠬᠤ | ᠮᠠᠰᠢᠨ ᠢ ᠲᠣᠬᠢᠷᠠᠭᠤᠯᠵᠤ᠂ ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢᠨ ᠠᠰᠠᠭᠤᠨ ᠯᠠᠪᠯᠠᠬᠤ᠂ ᠪᠥᠬᠦ ᠤᠯᠤᠰ ᠤᠨ | ᠬᠠᠤᠯᠢᠴᠢ ᠶᠢᠨ ᠨᠢᠭᠤᠷᠲᠠᠨ ᠦᠢᠯᠡᠴᠢᠯᠡᠬᠦ ᠵᠡᠷᠭᠡ ᠠᠭᠤᠯᠭ᠎ᠠ ᠶᠢ ᠪᠡᠶᠡᠯᠡᠭᠦᠯᠪᠡ︔ᠲᠤᠬᠠᠶᠢᠯᠠᠭᠰᠠᠨ ᠠᠵᠢᠯ ᠢ | ᠭᠦᠢᠴᠡᠳᠬᠡᠬᠦ ᠲᠣᠭᠤᠷᠢᠭ ᠲᠤ ᠶᠡᠷᠦᠩᠬᠡᠶᠢᠯᠡᠨ ᠭᠥᠯᠢᠶᠡᠨ ᠠᠪᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ | ᠬᠠᠤᠯᠢ ᠴᠠᠭᠠᠵᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ ᠶᠢᠨ | ᠲᠤᠬᠠᠶᠢᠯᠠᠭᠰᠠᠨ ᠠᠵᠢᠯ᠂ ᠠᠷᠠᠳ ᠤᠨ ᠡᠶᠡᠳᠡᠭᠦᠯᠭᠡ᠂ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠬᠤ ᠵᠡᠷᠭᠡ 7 | ᠦᠢᠯᠡᠴᠢᠯᠡᠭᠡᠨ ᠤ ᠴᠣᠩᠬᠤ ᠭᠠᠷᠭᠠᠵᠤ᠂ 2 ᠦᠢᠯᠡᠴᠢᠯᠡᠭᠡᠨ ᠤ ᠬᠠᠯᠠᠮᠰᠢᠯ ᠳ᠋ᠢᠶᠠᠩᠬᠤᠸᠠ ᠲᠣᠬᠢᠷᠠᠭᠤᠯᠤᠨ ᠣᠯᠠᠨ | ᠲᠦᠮᠡᠨ ᠤ ᠠᠰᠠᠭᠤᠨ ᠯᠠᠪᠯᠠᠬᠤ ᠤᠴᠢᠷ ᠶᠠᠪᠤᠳᠠᠯ ᠳᠤ ᠬᠠᠷᠢᠭᠤᠯᠲᠠ ᠥᠭᠭᠦᠨ᠎ᠡ︔ᠠᠮᠠᠷᠠᠬᠤ ᠶᠢ ᠬᠦᠯᠢᠶᠡᠬᠦ | ᠲᠣᠭᠤᠷᠢᠭ ᠲᠤ 17 ᠬᠦᠯᠢᠶᠡᠬᠦ ᠰᠠᠨᠳᠠᠯᠢ ᠶᠢ ᠲᠣᠬᠢᠷᠠᠭᠤᠯᠵᠤ᠂ ᠬᠦᠯᠢᠶᠡᠵᠦ ᠪᠠᠶᠢᠭ᠎ᠠ ᠤᠯᠠᠨ ᠲᠦᠮᠡᠨ ᠳᠤ ᠬᠠᠯᠠᠭᠤᠨ | ᠤᠰᠤ᠂ ᠨᠢᠭᠡ ᠯᠡ ᠤᠳᠠᠭ᠎ᠠ ᠶᠢᠨ ᠤᠰᠤᠨ ᠤ ᠴᠣᠮᠣ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠬᠠᠶᠢᠷᠴᠠᠭ᠂ | ᠪᠣᠷᠣᠭᠠᠨ ᠤ ᠰᠢᠬᠦᠷ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠪᠣᠳᠠᠰ ᠢ ᠬᠠᠩᠭᠠᠪᠠ᠃ | ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠥᠪ ᠲᠤ ᠣᠴᠢᠳᠠᠭ ᠯᠠ ᠶᠤᠮ ᠪᠣᠯ ᠬᠠᠤᠯᠢ ᠴᠠᠭᠠᠵᠠ ᠳᠤ ᠬᠤᠯᠪᠣᠭᠳᠠᠭᠰᠠᠨ ᠪᠤᠢ ᠪᠦᠬᠦᠢ ᠠᠰᠠᠭᠤᠳᠠᠯ ᠢ ᠴᠥᠮ | ︽ᠨᠢᠭᠡ ᠯᠡ ᠥᠷᠲᠡᠭᠡᠨ ᠤ ᠮᠠᠶ᠋ᠢᠭ︾ ᠢᠶᠠᠷ ᠰᠢᠢᠳᠪᠦᠷᠢᠯᠡᠵᠦ᠂ ᠤᠯᠠᠨ ᠲᠦᠮᠡᠨ ᠳᠤ ᠲᠤᠶᠢᠯ ᠤᠨ ᠶᠡᠭᠡ ᠪᠠᠷ ᠲᠦᠬᠦᠮ | ᠦᠵᠡᠭᠦᠯᠵᠦ ᠴᠢᠳᠠᠬᠤ ᠶᠤᠮ᠃ | ︽ᠨᠢᠭᠡ ᠥᠷᠲᠡᠭᠡᠨ ᠮᠠᠶ᠋ᠢᠭ︾ ᠤᠨ ᠭᠠᠷ ᠭᠦᠢᠴᠡᠳᠬᠡᠯ ᠨᠢ ᠬᠥᠮᠥᠨᠴᠢ ᠴᠢᠨᠠᠷ ᠤᠨ ᠬᠠᠯᠠᠮᠵᠢᠯᠠᠯ ᠢ ᠪᠣᠶ ᠪᠣᠯᠭᠠᠪᠠ᠃ | ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠨᠢ ︽ᠬᠥᠮᠥᠨ ᠢᠶᠠᠷ ᠦᠨᠳᠦᠰᠦ ᠪᠣᠯᠭᠠᠵᠤ᠂ | ᠠᠷᠠᠳ ᠤᠨ ᠲᠥᠯᠥᠭᠡ ᠦᠢᠯᠡᠴᠢᠯᠡᠬᠦ︾ ᠣᠶᠢᠯᠠᠭᠠᠭᠳᠠᠬᠤᠨ ᠢ ᠴᠢᠩᠭᠠᠳᠬᠠᠵᠤ᠂ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠡᠭᠦᠷᠭᠡ ᠴᠢᠳᠠᠪᠤᠷᠢ ᠶᠢ ᠬᠠᠮᠢᠶᠠᠷᠤᠯᠲᠠ ᠶᠢᠨ ᠬᠡᠯᠪᠡᠷᠢ ᠠᠴᠠ ᠦᠢᠯᠡᠴᠢᠯᠡᠭᠡᠨ ᠤ ᠬᠡᠯᠪᠡᠷᠢ ᠲᠡᠶᠢᠰᠢ ᠪᠦᠬᠦ | ᠬᠦᠴᠦᠨ ᠢᠶᠠᠷ ᠢᠶᠠᠨ ᠬᠤᠪᠢᠷᠠᠭᠤᠯᠵᠤ᠂ ᠠᠵᠢᠯᠲᠠᠨ ᠢ ᠦᠢᠯᠡᠴᠢᠯᠡᠭᠡᠨ ᠤ ᠠᠵᠢᠯᠲᠠᠨ ᠪᠣᠯᠭᠠᠨ ᠬᠤᠪᠢᠷᠠᠭᠤᠯᠬᠤ ᠶᠢ | ᠪᠡᠶᠡᠯᠡᠭᠦᠯᠵᠦ᠂ ᠨᠢᠭᠤᠷᠳᠡᠨ ᠦᠢᠯᠡᠴᠢᠯᠡᠬᠦ ᠠᠷᠭ᠎ᠠ ᠮᠠᠶ᠋ᠢᠭ ᠢᠶᠠᠷ ᠤᠯᠠᠨ ᠲᠦᠮᠡᠨ ᠳᠤ ᠬᠥᠮᠥᠨᠴᠢᠯᠡᠭᠰᠡᠨ᠂ ᠳᠣᠲᠣᠨᠣ | ᠦᠢᠯᠡᠴᠢᠯᠡᠭᠡ ᠶᠢ ᠢᠳᠡᠪᠬᠢᠲᠡᠢ ᠬᠠᠩᠭᠠᠵᠤ᠂ ᠨᠢᠭᠡ ᠯᠡ ᠥᠷᠲᠡᠭᠡᠨ ᠤ ᠬᠡᠯᠪᠡᠷᠢ ᠪᠠᠷ ᠤᠯᠠᠨ ᠲᠦᠮᠡᠨ ᠳᠤ ᠠᠰᠠᠭᠤᠳᠠᠯ ᠢ | ᠰᠢᠢᠳᠪᠦᠷᠢᠯᠡᠬᠦ ᠠᠷᠭ᠎ᠠ ᠮᠠᠶ᠋ᠢᠭ᠂ ᠠᠷᠭ᠎ᠠ ᠶᠢ ᠬᠠᠩᠭᠠᠪᠠ᠃ᠤᠯᠠᠨ ᠲᠦᠮᠡᠨ ᠤ ᠬᠠᠤᠯᠢ ᠴᠠᠭᠠᠵᠠ ᠶᠢᠨ ᠱᠠᠭᠠᠷᠳᠠᠯᠭ᠎ᠠ ᠶᠢᠨ | ᠡᠮᠦᠨ᠎ᠡ᠂ ᠲᠡᠷᠡ ᠳᠠᠷᠤᠢ ᠳᠤᠨᠢ ᠰᠢᠢᠳᠪᠦᠷᠢᠯᠡᠵᠦ ᠪᠣᠯᠬᠤ ᠶᠢ ᠨᠢ ᠴᠠᠭ ᠲᠤᠬᠠᠢ ᠳᠤᠨᠢ ᠰᠢᠢᠳᠪᠦᠷᠢᠯᠡᠵᠦ᠂ ᠲᠡᠷᠡ ᠳᠠᠷᠤᠢ | ᠳᠤᠨᠢ ᠰᠢᠢᠳᠪᠦᠷᠢᠯᠡᠵᠦ ᠴᠢᠳᠠᠬᠤ ᠦᠭᠡᠢ ᠶᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠴᠠᠭ ᠲᠤᠬᠠᠢ ᠳᠤᠨᠢ | ᠰᠠᠶᠢᠲᠤᠷ ᠬᠠᠷᠢᠯᠴᠠᠵᠤ᠂ ᠤᠯᠠᠨ ᠲᠦᠮᠡᠨ ᠢ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ ᠥᠭᠪᠡ᠃ᠤᠴᠢᠷ | ᠶᠠᠪᠤᠳᠠᠯ ᠢ ᠰᠢᠢᠳᠪᠦᠷᠢᠯᠡᠬᠦ ᠳᠤ ᠬᠦᠴᠢᠷᠲᠡᠢ ᠲᠤᠬᠠᠢ ᠶᠢᠨ ᠬᠥᠮᠥᠨ ᠳᠤ ᠲᠤᠰᠬᠠᠢ ᠬᠠᠤᠯᠢᠴᠢ ᠠᠴᠠ ᠲᠡᠭᠦᠨ ᠳᠤ | ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠰᠡᠳᠬᠢᠯ ᠤᠨ ᠦᠭᠡ ᠶᠢ ᠨᠢ ᠰᠣᠨᠣᠰᠴᠤ᠂ | ᠤᠷᠮ᠎ᠠ ᠰᠡᠳᠬᠢᠯᠭᠡ ᠶᠢ ᠨᠢ ᠰᠢᠯᠤᠭᠤᠳᠬᠠᠵᠤ᠂ ᠭᠤᠮᠣᠳᠠᠯ ᠱᠠᠭᠠᠷᠳᠠᠯᠭ᠎ᠠ ᠶᠢ ᠨᠢ ᠭᠥᠯᠢᠶᠡᠨ ᠠᠪᠴᠤ ᠰᠢᠢᠳᠪᠦᠷᠢᠯᠡᠨ᠂ | ᠬᠦᠴᠢᠷᠳᠡᠯ ᠢ ᠨᠢ ᠰᠢᠢᠳᠪᠦᠷᠢᠯᠡᠵᠦ᠂ ᠲᠤᠬᠠᠢ ᠶᠢᠨ ᠬᠥᠮᠥᠨ ᠢ ᠠᠯᠢ ᠴᠢᠳᠠᠬᠤ ᠪᠠᠷ ᠬᠥᠲᠥᠯᠥᠨ ᠵᠢᠯᠤᠭᠤᠳᠴᠤ | ᠪᠠᠶᠢᠭᠠᠳ ᠵᠦᠢ ᠶᠣᠰᠣᠨ ᠤ ᠠᠷᠭ᠎ᠠ ᠵᠠᠮ ᠢᠶᠠᠷ ᠠᠰᠠᠭᠤᠳᠠᠯ ᠢ ᠨᠢ ᠰᠢᠢᠳᠪᠦᠷᠢᠯᠡᠭᠦᠯᠵᠦ᠂ ᠤᠯᠠᠨ ᠲᠦᠮᠡᠨ ᠳᠤ | ᠬᠠᠨᠤᠮᠵᠢᠲᠠᠶ ᠦᠷ᠎ᠡ ᠳ᠋ᠦᠩ ᠣᠯᠭᠤᠬᠤ ᠪᠠᠷ ᠴᠢᠷᠮᠠᠶᠢᠪᠠ᠃ | ︽ᠨᠢᠭᠡ ᠦᠷᠲᠡᠭᠡᠨ ᠮᠠᠶ᠋ᠢᠭ︾︾ ᠤᠨ ᠦᠢᠯᠡᠴᠢᠯᠡᠭᠡ ᠨᠢ ᠤᠯᠠᠨ ᠲᠦᠮᠡᠨ ᠤ ᠬᠢᠨᠠᠯᠲᠠ ᠶᠢ ᠬᠦᠯᠢᠶᠡᠪᠡ᠃ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ | ᠵᠢᠷᠤᠮᠵᠢᠭᠰᠠᠨ ᠴᠣᠩᠬᠤᠪᠴᠢ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠨᠢᠭᠡ ᠦᠷᠲᠡᠭᠡᠨ ᠮᠠᠶ᠋ᠢᠭ︾ | ᠤᠨ ᠦᠢᠯᠡᠴᠢᠯᠡᠭᠡ ᠪᠠᠷ ᠲᠠᠪᠴᠠᠩ ᠪᠣᠯᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ︽ᠢᠯᠡ ᠢᠨᠵᠧᠨᠧᠷᠢᠩ︾ | ᠢ ᠭᠦᠨᠵᠡᠭᠡᠢ ᠲᠦᠯᠬᠢᠨ ᠠᠬᠢᠭᠤᠯᠵᠤ᠂ ᠠᠵᠢᠯ ᠤᠨ ᠴᠤᠪᠤᠷᠠᠯ᠂ ᠦᠢᠯᠡᠴᠢᠯᠡᠭᠡᠨ ᠤ ᠵᠣᠷᠢᠯᠲᠠ᠂ ᠦᠢᠯᠡᠴᠢᠯᠡᠭᠡᠨ ᠤ | ᠠᠭᠤᠯᠭ᠎ᠠ᠂ ᠦᠢᠯᠡᠴᠢᠯᠡᠭᠡᠨ ᠤ ᠠᠷᠭ᠎ᠠ ᠮᠠᠶ᠋ᠢᠭ᠂ ᠬᠡᠷᠡᠭ ᠭᠦᠢᠴᠡᠳᠬᠡᠬᠦ ᠲᠠᠰ ᠳᠠᠷᠠᠭᠠᠯᠠᠯ ᠵᠡᠷᠭᠡ ᠠᠭᠤᠯᠭ᠎ᠠ ᠶᠢ | ᠡᠯᠧᠺᠲᠷᠣᠨ ᠳᠡᠯᠭᠡᠴᠡ ᠪᠠᠷ ᠳᠠᠮᠵᠢᠭᠤᠯᠤᠨ ᠨᠠᠪᠲᠠᠷᠡᠭᠦᠯᠵᠦ᠂ ᠣᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠦᠢᠯᠡᠴᠢᠯᠡᠭᠡᠨ ᠤ ᠠᠵᠢᠯ ᠤᠨ ᠲᠥᠪ ᠭᠤᠥᠯᠴᠢ᠂ ᠢᠯᠡ ᠲᠣᠳᠣ᠂ ᠠᠷᠢᠭᠤᠨ ᠴᠢᠬᠡᠴᠢ ᠪᠠᠶᠢᠬᠤ ᠶᠢ | ᠦᠨᠡᠨᠬᠦ ᠪᠠᠲᠤᠯᠠᠪᠠ᠃ᠪᠠᠶᠢᠭᠤᠯᠤᠭᠳᠠᠭᠰᠠᠨ ᠠᠴᠠ ᠨᠠᠰᠢ᠂ ᠣᠯᠠᠨ ᠲᠦᠮᠡᠨ ᠢ ᠨᠡᠶᠢᠲᠡ 1400 ᠭᠠᠷᠤᠢ ᠬᠥᠮᠥᠨ | ᠤᠳᠠᠭ᠎ᠠ ᠭᠥᠯᠢᠶᠡᠨ ᠠᠪᠴᠤ᠂ 2300 ᠭᠠᠷᠤᠢ ᠬᠡᠷᠡᠭ ᠢ ᠭᠥᠯᠢᠶᠡᠨ ᠠᠪᠴᠤ ᠰᠢᠢᠳᠪᠦᠷᠢᠯᠡᠨ᠂ ︽ᠣᠯᠠᠨ ᠨᠡᠶᠢᠲᠡ | ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠲᠤ ᠨᠢᠭᠡ ᠡᠭᠦᠳᠡ ᠪᠠᠷ ᠣᠷᠣᠵᠤ᠂ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠠᠯᠢᠪᠠ ᠶᠠᠪᠤᠳᠠᠯ ᠢ ᠰᠢᠢᠳᠪᠦᠷᠢᠯᠡᠬᠦ︾ ᠦᠢᠯᠡᠴᠢᠯᠡᠭᠡᠨ ᠤ ᠵᠣᠷᠢᠯᠲᠠ ᠶᠢ | ᠪᠡᠶᠡᠯᠡᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠴᠦᠰ ᠤᠨ ᠨᠢᠭᠡ ᠺᠢᠯᠣᠮᠧᠲᠷ ᠢ | ᠪᠦᠲᠦᠮᠵᠢᠲᠡᠶ ᠪᠠᠷ ᠨᠡᠪᠲᠡᠷᠡᠭᠦᠯᠪᠡ᠃ |