ᠨᠢᠩᠴᠧᠩ ᠰᠢᠶᠠᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠠᠷᠠᠳ ᠤᠨ ᠡᠶᠡᠳᠡᠭᠦᠯᠬᠦ ᠠᠵᠢᠯ ᠤᠨ ᠰᠢᠨ᠎ᠡ ᠪᠠᠶᠢᠷᠢᠰᠢᠯ ᠢ ᠪᠦᠬᠦ ᠲᠠᠯ᠎ᠠ ᠪᠠᠷ ᠪᠤᠢ ᠪᠣᠯᠭᠠᠪᠠ
ᠨᠡᠶᠢᠲᠡᠯᠡᠭᠰᠡᠨ ᠴᠠᠭ᠄
2022/6/21
 ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢ ᠡᠭᠦᠳᠦᠨ ᠪᠠᠶᠢᠭᠤᠯᠬᠤ ᠠᠵᠢᠯ ᠡᠬᠢᠯᠡᠭᠰᠡᠨ ᠠᠴᠠ ᠨᠠᠰᠢ ᠨᠢᠩᠴᠧᠩ ᠰᠢᠶᠠᠨ ᠤ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠵᠠᠩᠭᠢᠯᠠᠭ᠎ᠠ ᠶᠢ ᠡᠵᠡᠮᠳᠡᠬᠦ᠂ ᠭᠤᠣᠯᠳᠠᠯᠭ᠎ᠠ ᠶᠢ ᠠᠳᠬᠤᠬᠤ ᠶᠢ ᠢᠮᠠᠭᠲᠠ ᠪᠠᠷᠢᠮᠲᠠᠯᠠᠵᠤ᠂ ᠠᠷᠠᠳ ᠤᠨ ᠡᠶᠡᠳᠡᠭᠦᠯᠦᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂︽ᠭᠤᠷᠪᠠᠨ ᠠᠯᠬᠤᠮ ᠢᠶᠠᠷ ᠶᠠᠪᠤᠬᠤ︾ ᠪᠠᠷ ᠠᠷᠠᠳ ᠤᠨ ᠡᠶᠡᠳᠡᠭᠦᠯᠦᠭᠴᠢ ᠶᠢᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠦᠨᠡᠨᠬᠦ ᠠᠬᠢᠭᠤᠯᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠨᠡᠩ ᠰᠠᠶᠢᠲᠤᠷ ᠨᠠᠮᠳᠠᠭᠤᠯᠵᠤ᠂ ᠬᠠᠤᠯᠢᠵᠢᠯ ᠤᠨ ᠡᠵᠡᠩᠨᠡᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠳᠤ ᠪᠠᠲᠤ ᠪᠠᠬᠢ ᠡᠶᠡᠳᠡᠭᠦᠯᠬᠦ ᠡᠩᠨᠡᠭᠡ ᠶᠢᠨ ᠪᠠᠲᠤᠯᠠᠭ᠎ᠠ ᠬᠠᠩᠭᠠᠪᠠ᠃  ᠡᠶᠡᠳᠡᠭᠦᠯᠭᠡ ᠶᠢᠨ ᠰᠠᠭᠤᠷᠢ ᠶᠢ ᠪᠠᠲᠤ ᠪᠠᠬᠢ ᠲᠠᠯᠪᠢᠵᠤ᠂ ᠡᠩᠨᠡᠭᠡ ᠶᠢ ᠰᠢᠢᠳᠪᠦᠷᠢᠯᠡᠬᠦ ᠶᠢ ᠴᠢᠬᠤᠯᠠᠴᠢᠯᠠᠪᠠ᠃ᠠᠷᠠᠳ ᠤᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠦᠷᠢᠨᠰᠢᠭᠦᠯᠦᠨ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ ᠠᠷᠠᠳ ᠤᠨ ᠡᠶᠡᠳᠡᠭᠦᠯᠦᠭᠴᠢ ᠶᠢᠨ ᠡᠩᠨᠡᠭᠡ ᠶᠢ ᠲᠠᠰᠤᠷᠠᠯᠲᠠ ᠦᠭᠡᠢ ᠲᠣᠬᠢᠷᠠᠭᠤᠯᠤᠨ ᠲᠡᠭᠦᠯᠳᠡᠷᠵᠢᠭᠦᠯᠵᠦ᠂ ᠣᠨᠣᠪᠴᠢᠲᠠᠶ ᠰᠣᠩᠭᠤᠨ ᠴᠢᠩᠭ᠎ᠠ ᠲᠤᠬᠢᠷᠠᠭᠤᠯᠪᠠ᠃ᠣᠳᠣᠬᠠᠨ ᠳᠤ ᠨᠢᠭᠡᠳᠦᠭᠡᠷ ᠳᠡᠰ ᠤᠨ ᠬᠠᠤᠯᠢ ᠶᠢᠨ ᠶᠠᠪᠤᠳᠠᠯ ᠤᠨ ᠲᠠᠰᠤᠭ ᠲᠤ ᠲᠣᠰᠬᠤᠨ ᠤ ᠳᠡᠰ ᠤᠨ ᠡᠶᠡᠳᠡᠭᠦᠯᠦᠭᠴᠢ 72 ᠬᠥᠮᠥᠨ᠂ ᠰᠢᠨ᠎ᠡ ᠪᠠᠷ ᠤᠷᠢᠭᠰᠠᠨ ᠪᠠᠯᠭᠠᠰᠤ ᠰᠢᠶᠠᠩ ᠵᠡᠭᠡᠯᠢ ᠶᠢᠨ ᠲᠤᠰᠬᠠᠢ ᠡᠶᠡᠳᠡᠭᠦᠯᠦᠭᠴᠢ 36 ᠬᠥᠮᠥᠨ᠂ ᠰᠢᠶᠠᠨ ᠤ ᠱᠠᠲᠤᠨ ᠤ ᠲᠤᠰᠬᠠᠢ ᠠᠵᠢᠯ ᠲᠥᠷᠥᠯ ᠤᠨ ᠲᠤᠰᠬᠠᠢ ᠡᠶᠡᠳᠡᠭᠦᠯᠦᠭᠴᠢ 17 ᠬᠥᠮᠥᠨ᠂ ᠡᠯ᠎ᠡ ᠲᠥᠷᠥᠯ ᠤᠨ ᠡᠶᠡᠳᠡᠭᠦᠯᠬᠦ ᠲᠤᠰᠬᠠᠢ ᠮᠡᠷᠭᠡᠵᠢᠯᠲᠡᠨ 150 ᠬᠥᠮᠥᠨ᠂ ᠡᠶᠡᠳᠡᠭᠦᠯᠭᠡ ᠶᠢᠨ ᠵᠢᠭᠠᠨ ᠵᠢᠯᠣᠭᠤᠳᠤᠭᠴᠢ 27 ᠬᠥᠮᠥᠨ᠂ ᠡᠶᠡᠳᠡᠭᠦᠯᠭᠡ ᠶᠢᠨ ᠬᠢᠨᠠᠯᠲᠠ ᠲᠠᠯᠪᠢᠭᠴᠢ 50 ᠬᠥᠮᠥᠨ ᠪᠠᠶᠢᠨ᠎ᠠ᠃ᠡᠶᠡᠳᠡᠭᠦᠯᠦᠭᠴᠢ ᠶᠢᠨ ᠡᠩᠨᠡᠭᠡ ᠶᠢᠨ ᠨᠠᠰᠤᠨ ᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠵᠠᠯᠠᠭᠤ ᠡᠶᠡᠳᠡᠭᠦᠯᠦᠭᠴᠢ ᠶᠢ ᠶᠡᠭᠡ ᠪᠠᠷ ᠬᠥᠮᠥᠵᠢᠭᠦᠯᠵᠦ᠂ ᠪᠡᠯᠡᠳᠬᠡᠯ ᠬᠦᠴᠦᠨ ᠢ ᠬᠠᠳᠠᠭᠠᠯᠠᠪᠠ᠃  ᠰᠤᠷᠤᠯᠴᠠᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠪᠡ᠃ᠠᠷᠠᠳ ᠤᠨ ᠡᠶᠡᠳᠡᠭᠦᠯᠭᠡ ᠶᠢᠨ ᠪᠣᠯᠪᠠᠰᠤᠷᠠᠭᠤᠯᠤᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ  ᠶᠢ ᠪᠠᠲᠤᠯᠠᠬᠤ ᠶᠢᠨ ᠲᠥᠯᠥᠭᠡ᠂ ᠪᠣᠯᠪᠠᠰᠤᠷᠠᠭᠤᠯᠤᠯ ᠨᠢ ᠡᠶᠡᠳᠡᠭᠦᠯᠦᠭᠴᠢ ᠶᠢᠨ ᠣᠳᠣᠬᠠᠨ ᠤ ᠪᠠᠶᠢᠳᠠᠯ ᠵᠢᠴᠢ ᠬᠡᠷᠡᠭᠴᠡᠭᠡ  ᠶᠢ ᠥᠷᠭᠡᠨ ᠢᠶᠠᠷ ᠣᠶᠢᠯᠠᠭᠠᠬᠤ ᠪᠠᠷ ᠳᠡᠮᠵᠢᠨ᠂ ᠬᠠᠨᠳᠤᠯᠭᠠᠲᠤ ᠴᠢᠨᠠᠷ ᠲᠠᠢ ᠪᠠᠷ ᠬᠢᠴᠢᠶᠡᠯ ᠪᠡᠯᠡᠳᠬᠡᠵᠦ᠂ ᠲᠤᠰᠬᠠᠢ ᠠᠵᠢᠯ ᠲᠦᠷᠦᠯ᠂ ᠪᠠᠯᠭᠠᠰᠤ ᠰᠢᠶᠠᠩ ᠵᠡᠭᠡᠯᠢ ᠶᠢᠨ ᠡᠶᠡᠳᠡᠭᠦᠯᠦᠭᠴᠢ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠭᠤᠣᠯᠯᠠᠭᠴᠢ ᠠᠷᠠᠳ ᠤᠨ ᠡᠶᠡᠳᠡᠭᠦᠯᠦᠭᠴᠢ ᠶᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠨᠢᠭᠡᠳᠦᠯᠲᠡᠢ ᠪᠣᠯᠪᠠᠰᠤᠷᠠᠭᠤᠯᠵᠤ᠂ ᠪᠤᠰᠤᠳ ᠡᠶᠡᠳᠡᠭᠦᠯᠦᠭᠴᠢ ᠶᠢ ᠪᠠᠯᠭᠠᠰᠤ ᠰᠢᠶᠠᠩ ᠵᠡᠭᠡᠯᠢ ᠶᠢᠨ ᠬᠠᠤᠯᠢ ᠴᠠᠭᠠᠵᠠ ᠶᠢᠨ ᠭᠠᠵᠠᠷ ᠠᠴᠠ ᠨᠢᠭᠡᠳᠦᠯᠲᠡᠢ ᠪᠣᠯᠪᠠᠰᠤᠷᠠᠭᠤᠯᠵᠤ᠂ ︽ᠬᠡᠪ ᠵᠠᠭᠪᠤᠷ ᠤᠨ ᠮᠠᠶ᠋ᠢᠭ ᠤᠨ ᠪᠣᠯᠪᠠᠰᠤᠷᠠᠭᠤᠯᠤᠯ᠂ ᠳᠠᠭᠠᠵᠤ ᠣᠷᠣᠬᠤ ᠮᠠᠶ᠋ᠢᠭ ᠤᠨ ᠵᠢᠯᠣᠭᠤᠳᠤᠯᠭ᠎ᠠ᠂ ᠠᠰᠠᠷᠠᠭᠴᠢ ᠮᠠᠶ᠋ᠢᠭ ᠤᠨ ᠦᠢᠯᠡᠴᠢᠯᠡᠭᠡ᠂ ᠵᠡᠭᠦᠦ ᠲᠥᠭᠡᠨᠡᠯᠭᠡ ᠶᠢᠨ ᠮᠠᠶ᠋ᠢᠭ ᠤᠨ ᠬᠢᠨᠠᠨ ᠰᠢᠯᠭᠠᠯᠲᠠ︾ ᠶᠢᠨ ᠠᠵᠢᠯ ᠤᠨ ᠵᠠᠭᠪᠤᠷ ᠢ ᠬᠡᠷᠡᠭᠵᠢᠭᠦᠯᠵᠦ᠂ ᠠᠷᠠᠳ ᠤᠨ ᠡᠶᠡᠳᠡᠭᠦᠯᠦᠭᠴᠢ ᠶᠢᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠬᠢᠷᠢ ᠬᠡᠮᠵᠢᠶ᠎ᠡ ᠪᠠ ᠪᠣᠳᠠᠲᠠᠢ ᠠᠵᠢᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃  ᠵᠣᠬᠢᠶᠠᠨ ᠪᠠᠶᠢᠭᠤᠯᠵᠤ ᠲᠣᠬᠢᠷᠠᠭᠤᠯᠬᠤ ᠶᠢ ᠨᠢᠭᠡᠳᠦᠯᠲᠡᠢ ᠲᠥᠯᠥᠪᠯᠡᠵᠦ᠂ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠪᠠ᠃ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠶᠢ ᠵᠣᠯᠭᠠᠭᠤᠯᠬᠤ ᠠᠵᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠶᠠᠨ ᠤ ᠰᠢᠭᠦᠬᠦ ᠬᠤᠷᠢᠶ᠎ᠠ ᠲᠠᠢ ᠬᠤᠯᠪᠤᠭᠠᠯᠠᠨ ᠵᠠᠭᠠᠯᠳᠤᠬᠤ ᠠᠴᠠ ᠡᠮᠦᠨ᠎ᠡ ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠵᠤ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠶᠠᠨ ᠤ ᠰᠢᠭᠦᠬᠦ ᠬᠤᠷᠢᠶ᠎ᠠ ᠲᠠᠢ ᠬᠤᠯᠪᠤᠭᠠᠯᠠᠨ ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠡᠶᠡᠳᠡᠭᠦᠯᠬᠦ ᠺᠣᠮᠢᠰ ᠢ ᠪᠠᠶᠢᠭᠤᠯᠵᠤ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ ᠰᠢᠶᠠᠨ ᠤ ᠰᠢᠭᠦᠬᠦ ᠬᠤᠷᠢᠶ᠎ᠠ ᠲᠠᠢ ᠬᠤᠯᠪᠤᠭᠠᠯᠠᠨ ᠠᠵᠢᠯᠴᠢᠨ ᠬᠥᠷᠥᠩᠭᠡᠲᠡᠨ ᠤ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠵᠤ᠂ ᠠᠵᠢᠯᠯᠠᠬᠤ ᠭᠠᠵᠠᠷ ᠢ ᠴᠥᠮ ᠰᠢᠶᠠᠨ ᠤ ᠰᠢᠭᠦᠬᠦ ᠬᠤᠷᠢᠶ᠎ᠠ ᠳᠤ ᠲᠣᠬᠢᠷᠠᠭᠤᠯᠪᠠ᠃ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠪᠠ ᠬᠠᠤᠯᠢ ᠴᠠᠭᠠᠵᠠ ᠶᠢᠨ ᠨᠤᠲᠠᠯᠠᠯᠲᠠ ᠬᠢᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠠᠭᠠᠯᠳᠤᠬᠤ ᠠᠴᠠ ᠡᠮᠦᠨ᠎ᠡ ᠠᠷᠠᠳ ᠤᠨ ᠡᠶᠡᠳᠡᠭᠦᠯᠭᠡ ᠬᠢᠬᠦ ᠪᠠ ᠵᠠᠭᠠᠯᠳᠤᠭᠰᠠᠨ ᠤ ᠲᠠᠷᠠᠭ᠎ᠠ ᠬᠠᠮᠵᠢᠯᠴᠠᠨ ᠡᠶᠡᠳᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠪᠠ ᠬᠠᠤᠯᠢ ᠴᠠᠭᠠᠵᠠ ᠶᠢᠨ ᠠᠷᠠᠳ ᠲᠤ ᠲᠦᠭᠦᠮ ᠦᠵᠡᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠪᠠ᠃ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ᠂ ᠳᠠᠩᠰᠠᠯᠠᠬᠤ᠂ ᠰᠢᠯᠵᠢᠭᠦᠯᠦᠨ ᠲᠤᠰᠢᠶᠠᠬᠤ᠂ ᠡᠶᠡᠳᠡᠭᠦᠯᠦᠨ ᠰᠢᠢᠳᠪᠦᠷᠢᠯᠡᠵᠦ ᠬᠠᠷᠢᠭᠤ ᠲᠤᠰᠬᠠᠬᠤ ᠵᠡᠷᠭᠡ ᠳᠦᠷᠢᠮ ᠢ ᠪᠠᠶᠢᠭᠤᠯᠵᠤ᠂ ᠠᠵᠢᠯ ᠤᠨ ᠶᠠᠪᠤᠴᠠ ᠪᠣᠯᠣᠨ ᠵᠣᠯᠭᠠᠭᠤᠯᠬᠤ ᠳᠡᠰ ᠳᠠᠷᠠᠭ᠎ᠠ ᠶᠢ ᠲᠣᠳᠣᠷᠬᠠᠶᠢᠯᠠᠵᠤ᠂ ᠵᠢᠯᠣᠭᠤᠳᠤᠨ ᠪᠣᠯᠪᠠᠰᠤᠷᠠᠭᠤᠯᠬᠤ᠂ ᠬᠢᠨᠠᠨ ᠰᠢᠯᠭᠠᠬᠤ᠂ ᠬᠡᠷᠡᠭ ᠢ ᠮᠡᠳᠡᠭᠳᠡᠬᠦ᠂ ᠬᠠᠮᠲᠤᠷᠠᠭᠰᠠᠨ ᠬᠤᠷᠠᠯ ᠵᠡᠷᠭᠡ ᠲᠣᠭᠲᠠᠴᠠ  ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠵᠤ᠂ ᠲᠤᠬᠠᠢ ᠶᠢᠨ ᠬᠥᠮᠥᠨ ᠢ ᠬᠥᠲᠥᠯᠥᠨ ᠵᠢᠯᠤᠭᠤᠳᠴᠤ ᠪᠠᠶᠢᠭᠠᠳ ᠡᠶᠡᠳᠡᠭᠦᠯᠬᠦ ᠠᠷᠭ᠎ᠠ ᠮᠠᠶ᠋ᠢᠭ ᠢ ᠤᠷᠢᠳᠠᠪᠠᠷ ᠰᠣᠩᠭᠤᠨ ᠵᠢᠭᠤᠷᠠᠯᠳᠤᠭᠠᠨ ᠢ ᠰᠢᠢᠳᠪᠦᠷᠢᠯᠡᠵᠦ᠂ ︽ᠵᠥᠷᠢᠴᠡᠯ ᠢ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠭᠡᠶᠢᠯᠡᠬᠦ᠂ ᠵᠢᠭᠤᠷᠠᠯᠳᠤᠭᠠᠨ ᠢ ᠭᠥᠯᠢᠶᠡᠨ ᠠᠪᠴᠤ ᠰᠢᠢᠳᠪᠦᠷᠢᠯᠡᠬᠦ᠂ ᠬᠡᠷᠡᠭ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ᠂ ᠬᠡᠷᠡᠭ ᠢ ᠮᠥᠷᠳᠡᠨ ᠰᠢᠮᠳᠠᠭᠤᠯᠤᠨ ᠰᠢᠢᠳᠪᠦᠷᠢᠯᠡᠬᠦ︾ ᠴᠢᠳᠠᠮᠵᠢ ᠶᠢ ᠭᠦᠢᠴᠡᠳ ᠪᠠᠳᠠᠷᠠᠭᠤᠯᠵᠤ᠂ ᠡᠶᠡᠳᠡᠭᠦᠯᠦᠭᠴᠢ ᠶᠢᠨ ᠡᠩᠨᠡᠭᠡ ᠨᠢ ᠠᠭᠤᠯᠠ ᠰᠢᠭᠤᠢ ᠭᠠᠵᠠᠷ ᠰᠢᠷᠣᠢ᠂ ᠦᠢᠯᠡᠳᠪᠦᠷᠢᠯᠡᠯ ᠡᠵᠡᠩᠨᠡᠯᠲᠡ᠂ ᠡᠮᠴᠢᠯᠡᠭᠡ᠂ ᠠᠳᠠᠯ ᠠᠬᠤᠢ ᠶᠢᠨ ᠬᠦᠷᠢᠶ᠎ᠡ ᠵᠡᠷᠭᠡ ᠨᠡᠶᠢᠭᠡᠮ ᠤᠨ ᠬᠠᠯᠠᠮᠰᠢᠯ ᠴᠡᠭ᠂ ᠬᠦᠴᠢᠷ ᠲᠦᠪᠡᠭᠲᠡᠢ ᠵᠢᠭᠤᠷᠠᠯᠳᠤᠭᠠᠨ ᠢ ᠡᠶᠡᠳᠡᠭᠦᠯᠬᠦ ᠳᠤ ᠢᠳᠡᠪᠬᠢᠲᠡᠢ ᠣᠷᠣᠯᠴᠠᠵᠤ᠂ ᠵᠥᠷᠢᠴᠡᠯ ᠵᠢᠭᠤᠷᠠᠯᠳᠤᠭᠠᠨ ᠢ ᠠᠷᠠᠳ ᠤᠨ ᠡᠶᠡᠳᠡᠭᠦᠯᠭᠡ᠂ ᠬᠥᠨᠳᠡᠯᠡᠨ ᠠᠴᠠ ᠲᠠᠰᠤᠯᠬᠤ᠂ ᠬᠠᠤᠯᠢ ᠴᠠᠭᠠᠵᠠ ᠶᠢᠨ ᠡᠶᠡᠳᠡᠭᠦᠯᠭᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠴᠠᠭ ᠲᠤᠬᠠᠢ ᠳᠤᠨᠢ ᠰᠢᠢᠳᠪᠦᠷᠢᠯᠡᠬᠦ ᠶᠢ ᠦᠨᠡᠨᠬᠦ ᠪᠠᠲᠤᠯᠠᠪᠠ᠃   ᠡᠨᠡ ᠵᠢᠯ ᠠᠴᠠ ᠨᠠᠰᠢ᠂ ᠪᠥᠬᠦ ᠰᠢᠶᠠᠨ ᠤ ᠡᠯ᠎ᠡ ᠱᠠᠲᠤᠨ ᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠨᠡᠶᠢᠲᠡ 2528 ᠬᠤᠪᠢ ᠡᠶᠡᠳᠡᠭᠦᠯᠦᠨ ᠰᠢᠢᠳᠪᠦᠷᠢᠯᠡᠵᠦ᠂ 2518 ᠬᠤᠪᠢ ᠶᠢ ᠨᠢ ᠡᠶᠡᠳᠡᠭᠦᠯᠦᠭᠡᠳ ᠠᠮᠵᠢᠯᠲᠠ ᠣᠯᠵᠤ᠂ 2518 ᠬᠤᠪᠢ ᠶᠢ ᠨᠢ ᠭᠦᠢᠴᠡᠳᠬᠡᠵᠦ᠂ ᠡᠶᠡᠳᠡᠭᠦᠯᠦᠭᠡᠳ ᠠᠮᠵᠢᠯᠲᠠ ᠣᠯᠣᠭᠰᠠᠨ ᠨᠣᠷᠮ᠎ᠠ ᠨᠢ 99% ᠳᠤ ᠬᠦᠷᠴᠡᠢ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号