ᠨᠢᠩᠴᠧᠩ ᠰᠢᠶᠠᠨ ᠪᠦᠬᠦ ᠣᠷᠣᠨ ᠪᠦᠰᠡ ᠶᠢᠨ ᠵᠤᠭᠠᠴᠠᠯ ᠤᠨ ᠪᠦᠲᠦᠭᠡᠨ ᠪᠠᠶᠢᠭᠤᠯᠤᠯᠲᠠ ᠶᠢᠨ  ᠠᠯᠬᠤᠴᠠ ᠪᠠᠨ ᠪᠦᠬᠦ ᠲᠠᠯ᠎ᠠ ᠪᠠᠷ ᠲᠦᠷᠭᠡᠳᠬᠡᠪᠡ
ᠨᠡᠶᠢᠲᠡᠯᠡᠭᠰᠡᠨ ᠴᠠᠭ᠄
2022/7/15
     ᠨᠢᠭᠡ ᠳᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ  ᠠᠬᠢᠭᠤᠯᠵᠤ᠂ ᠽᠢ ᠮᠧᠩ ᠬᠡᠦ ᠨᠠᠭᠤᠷ ᠤᠨ ᠤᠰᠤᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠰᠡᠯᠡᠭᠦᠴᠡᠯ ᠤᠨ  ᠰᠠᠭᠤᠷᠢᠨ ᠭᠠᠵᠠᠷ᠂ ᠤᠯᠠᠭᠠᠨᠬᠠᠳᠠ ᠶᠢᠨ ᠡᠮᠦᠨᠡᠲᠦ ᠬᠡᠰᠡᠭ ᠤᠨ ᠣᠷᠣᠨ ᠪᠦᠰᠡ ᠶᠢᠨ ᠴᠢᠨᠠᠷᠲᠠᠢ ᠵᠢᠭᠤᠯᠴᠢᠯᠠᠯ ᠤᠨ  ᠲᠥᠪᠯᠡᠷᠡᠭᠦᠯᠦᠨ ᠲᠠᠷᠬᠠᠭᠠᠬᠤ ᠦᠢᠯᠡᠴᠢᠯᠡᠭᠡᠨ ᠤ ᠲᠥᠪ᠂ ᠨᠢᠩᠴᠧᠩ ᠰᠢᠶᠠᠨ ᠤ ᠰᠣᠶᠣᠯ ᠵᠢᠭᠤᠯᠴᠢᠯᠠᠯ ᠤᠨ ᠳᠡᠯᠭᠡᠨ  ᠦᠵᠡᠭᠦᠯᠦᠯᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ᠂ ᠤᠯᠠᠭᠠᠨᠬᠠᠳᠠ ᠬᠤᠲᠠ ᠶᠢᠨ ᠵᠥᠩ ᠵᠢᠩ ᠪᠡᠶ᠎ᠡ ᠶᠢᠨ  ᠲᠠᠮᠢᠷ ᠤᠨ ᠴᠡᠴᠡᠷᠯᠢᠭ ᠵᠡᠷᠭᠡ ᠨᠢᠭᠡ ᠪᠦᠯᠦᠭ ᠰᠣᠶᠣᠯ ᠤᠨ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ  ᠠᠬᠢᠴᠠ ᠤᠷᠤᠭᠰᠢᠲᠠᠢ ᠪᠠᠶᠢᠵᠤ᠂ ᠵᠢᠯ ᠤᠨ ᠳᠣᠲᠣᠷ᠎ᠠ 5.4 ᠳ᠋ᠦᠩᠰᠢᠭᠤᠷ ᠲᠥᠭᠦᠷᠢᠭ ᠤᠨ ᠲᠣᠭᠲᠠᠮᠠᠯ  ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ᠬᠤᠶᠠᠷ ᠲᠤ᠂ ᠣᠶᠤᠨᠴᠢ  ᠵᠤᠭᠠᠴᠠᠯ ᠤᠨ ᠰᠢᠰᠲ᠋ᠥᠮ ᠤᠨ ᠪᠠᠶᠢᠭᠤᠯᠤᠯᠲᠠ ᠶᠢ ᠴᠢᠩᠭᠠᠳᠬᠠᠵᠤ᠂︽ᠭᠠᠷ ᠤᠲᠠᠰᠤᠨ ᠤ ᠵᠤᠭᠠᠴᠠᠯ ᠤᠨ ᠬᠤᠳᠠ︾ᠭᠡᠬᠦ  ᠵᠢᠵᠢᠭ ᠫᠷᠣᠭ᠍ᠷᠠᠮ ᠤᠨ ᠲᠠᠪᠴᠠᠩ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠤᠭᠠᠴᠠᠯ ᠤᠨ ᠠᠯᠪᠠᠨ ᠤ ᠲᠠᠯ᠎ᠠ ᠶᠢᠨ  ᠴᠣᠩᠬᠤ ᠪᠠᠷ ᠪᠠᠶᠢᠴᠠᠭᠠᠨ ᠯᠠᠪᠯᠠᠬᠤ᠂ ᠵᠤᠭᠠᠴᠠᠯ ᠤᠨ ᠬᠥᠲᠥᠴᠢ᠂ ᠵᠠᠮᠴᠢᠯᠠᠭᠴᠢ᠂ ᠡᠭᠦᠳᠡᠨ ᠪᠢᠯᠧᠲ ᠤᠨ ᠵᠠᠬᠢᠶᠠᠯᠠᠭ᠎ᠠ ᠪᠠ  ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ ᠴᠢᠳᠠᠪᠬᠢ ᠶᠢ  ᠪᠡᠶᠡᠯᠡᠭᠦᠯᠪᠡ᠃ᠭᠤᠷᠪᠠ ᠳᠤ ᠳ᠋ᠣᠣ ᠰᠢᠦᠢ ᠭᠧᠦ ᠶᠢᠨ 5A  ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ  ᠡᠬᠢᠯᠡᠭᠦᠯᠪᠡ᠃ᠳᠥᠷᠪᠡ ᠳᠤ᠂ ᠰᠢᠩ ᠵᠢᠶᠠ ᠶᠢᠩᠽᠢ ᠲᠣᠰᠬᠤᠨ᠂ ᠯᠢᠦ ᠱᠦ ᠶᠢᠩᠽᠢ ᠲᠣᠰᠬᠤᠨ ᠵᠡᠷᠭᠡ 7  ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ  ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠳᠤ ᠭᠤᠶᠤᠴᠢᠯᠠᠨ ᠮᠡᠳᠡᠭᠦᠯᠬᠦ ᠠᠵᠢᠯ ᠢ ᠪᠡᠶᠡᠯᠡᠭᠦᠯᠵᠦ᠂ ᠳ᠋ᠠ ᠬᠡᠦ ᠱᠢ  ᠲᠣᠰᠬᠤᠨ᠂ ᠰᠢᠩ ᠵᠢᠶᠠ ᠶᠢᠩᠽᠢ ᠲᠣᠰᠬᠤᠨ᠂ ᠳ᠋ᠠ ᠶᠢᠨ ᠭᠧᠦ ᠲᠣᠰᠬᠤᠨ ᠵᠡᠷᠭᠡ ᠬᠥᠳᠡᠭᠡ ᠲᠣᠰᠬᠤᠨ ᠤ  ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠤ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号