ᠨᠢᠩᠴᠧᠩ ᠰᠢᠶᠠᠨ ᠤ ︽ᠳᠥᠷᠪᠡᠨ ᠠᠷᠭ᠎ᠠ ᠬᠡᠮᠵᠢᠶ᠎ᠡ︾ ᠪᠠᠷ ᠤᠶᠤᠳᠠᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2022/7/15
 ᠨᠢᠭᠡ ᠳᠤ ᠠᠳᠠᠯ ᠦᠢᠯᠡᠰ ᠴᠣᠭᠴᠠᠯᠠᠬᠤ ᠨᠥᠬᠦᠪᠦᠷᠢ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠲᠡᠭᠦᠰᠦᠭᠡᠳ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠤᠶᠤᠳᠠᠳ ᠠᠩᠬ᠎ᠠ ᠤᠳᠠᠭ᠎ᠠ ᠪᠡᠶ᠎ᠡ ᠪᠠᠨ ᠳᠠᠭᠠᠭᠠᠵᠤ ᠠᠮᠵᠢᠯᠳᠠᠳᠠᠢ ᠪᠠᠷ ᠠᠳᠠᠯ ᠦᠢᠯᠡᠰ ᠴᠣᠭᠴᠠᠯᠠᠭᠠᠳ 1 ᠵᠢᠯ ᠠᠴᠠ ᠳᠡᠭᠡᠭᠰᠢ ᠪᠣᠯᠤᠭᠰᠠᠨ ᠪᠦᠭᠡᠳ ᠬᠡᠪ ᠤᠨ ᠶᠣᠰᠣᠭᠠᠷ ᠮᠡᠳᠡᠭᠦᠯᠵᠦ ᠭᠠᠶᠢᠯᠢ ᠲᠤᠰᠢᠶᠠᠭᠰᠠᠨ ᠪᠣᠯ ᠬᠠᠮᠤᠭ ᠪᠠᠭ᠎ᠠ ᠳᠠᠭᠠᠨ 5000 ᠲᠥᠭᠦᠷᠢᠭ ᠤᠨ ᠠᠳᠠᠯ ᠦᠢᠯᠡᠰ ᠴᠣᠭᠴᠠᠯᠠᠬᠤ ᠨᠥᠬᠦᠪᠦᠷᠢ ᠤᠯᠭᠤᠪᠠ᠃  ᠬᠤᠶᠠᠷ ᠲᠤ ᠠᠳᠠᠯ ᠦᠢᠯᠡᠰ ᠴᠣᠭᠴᠠᠯᠠᠬᠤ ᠳᠠᠮ ᠬᠦᠦ ᠲᠠᠢ ᠵᠢᠭᠡᠯᠡᠯᠭᠡ ᠶᠢᠨ ᠲᠡᠳᠬᠦᠨ ᠳᠡᠮᠵᠢᠬᠦ ᠦᠢᠯᠡᠳᠦᠯ ᠢ  ᠪᠠᠳᠠᠷᠠᠭᠤᠯᠪᠠ᠃ ᠨᠥᠬᠦᠴᠡᠯ ᠳᠤ ᠨᠡᠶᠢᠴᠡᠬᠦ ᠤᠶᠤᠳᠠᠳ 20 ᠲᠦᠮᠡᠨ ᠲᠥᠭᠦᠷᠢᠭ  ᠤᠨ ᠲᠤᠳᠤᠷ᠎ᠠ ᠨᠢᠭᠡ ᠤᠳᠠᠭ᠎ᠠ ᠶᠢᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ᠂ ᠡᠳ᠋ ᠤᠨ ᠵᠠᠰᠠᠭ ᠤᠨ ᠳᠠᠮ ᠬᠦᠦ ᠶᠢ ᠭᠥᠷᠳᠡᠨ᠎ᠡ᠃6 ᠰᠠᠷ᠎ᠠ ᠪᠣᠯᠲᠠᠯ᠎ᠠ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠨᠡᠶᠢᠲᠡ 250 ᠲᠦᠮᠡᠨ ᠲᠥᠭᠦᠷᠢᠭ ᠲᠠᠷᠬᠠᠭᠠᠵᠤ᠂ ᠨᠡᠶᠢᠲᠡ 53 ᠬᠥᠮᠥᠨ ᠤ ᠠᠵᠢᠯ ᠣᠯᠭᠤᠯᠲᠠ ᠶᠢ ᠳᠠᠶᠢᠴᠢᠯᠠᠪᠠ᠃  ᠭᠤᠷᠪᠠ ᠳᠤ ︽ᠨᠢᠩᠴᠧᠩ ᠰᠢᠶᠠᠨ ᠤ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠲᠠᠪᠴᠠᠩ︾ ᠢ ᠪᠠᠶᠢᠭᠤᠯᠪᠠ᠃120 ᠲᠦᠮᠡᠨ ᠲᠥᠭᠦᠷᠢᠭ ᠤᠨ ᠪᠡᠯᠡ ᠣᠷᠣᠭᠤᠯᠵᠤ ᠰᠢᠶᠠᠨ ᠰᠢᠶᠠᠩ ᠲᠣᠰᠬᠤᠨ ᠤ ᠭᠤᠷᠪᠠᠨ ᠳᠡᠰ ᠢ ᠪᠦᠷᠬᠦᠭᠰᠡᠨ᠂ ᠬᠤᠯᠪᠣᠭᠠᠯᠠᠭᠰᠠᠨ ᠪᠡᠭᠡᠵᠢᠩ ᠲᠢᠶᠠᠨᠵᠢᠨ ᠾᠧᠪᠸᠢ ᠪᠣᠯᠣᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠠᠵᠢᠯᠴᠢᠨ ᠬᠡᠷᠡᠭᠯᠡᠬᠦ ᠨᠢᠭᠡᠴᠡ᠂ ᠡᠭᠦᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠣᠯᠣᠨ ᠠᠮᠢᠳᠤᠯᠢᠭ ᠢᠶᠠᠷ ᠠᠵᠢᠯ ᠣᠯᠬᠤ ᠣᠶᠤᠨᠴᠢ ᠠᠵᠢᠯ ᠣᠯᠭᠤᠯᠲᠠ ᠶᠢᠨ ᠲᠠᠪᠴᠠᠩ  ᠪᠤᠯᠤᠨ᠎ᠠ᠃ᠣᠲᠣ ᠪᠣᠯᠲᠠᠯ᠎ᠠ᠂ ᠲᠣᠰ ᠲᠠᠪᠴᠠᠩ ᠨᠢ ︽ᠴᠢᠨ ᠹᠧᠩ ᠬᠡᠢ ᠪᠡᠶᠡᠲᠦ︾ ︽ᠵᠦᠩ ᠲᠠᠩ ᠣᠨᠴᠠᠭᠠᠶ ᠪᠣᠯᠣᠳ ᠲᠡᠮᠦᠷ︾ ᠤᠨ ᠺᠣᠮᠫᠠᠨᠢ ᠶᠢ ᠬᠠᠪᠰᠤᠷᠤᠨ 222 ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠡᠯᠰᠡᠪᠡ᠃  ᠳᠥᠷᠪᠡ ᠳᠤ᠂ ᠠᠵᠢᠯ ᠣᠯᠭᠤᠬᠤ ᠦᠢᠯᠡᠰ ᠪᠣᠰᠬᠠᠬᠤ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠪᠡ᠃ᠠᠳᠠᠯᠢ ᠪᠤᠰᠤ ᠠᠳᠠᠯ ᠦᠢᠯᠡᠰ ᠴᠣᠭᠴᠠᠯᠠᠬᠤ ᠱᠠᠲᠤᠨ ᠳᠤ ᠬᠠᠨᠳᠤᠯᠭ᠎ᠠ ᠲᠠᠢ ᠪᠠᠷ SYB ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠪᠠ IYB ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠥᠷᠨᠢᠭᠦᠯᠵᠦ᠂ 2022 ᠣᠨ ᠳᠤ ᠪᠥᠬᠦ ᠰᠢᠶᠠᠨ ᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ 150 ᠬᠥᠮᠥᠨ ᠢ ᠪᠣᠯᠪᠠᠰᠤᠷᠠᠭᠤᠯᠬᠤ ᠪᠠᠷ ᠵᠢᠱᠢᠵᠦ᠂ ᠣᠳᠣᠬᠠᠨ ᠳᠤ ᠨᠢᠭᠡᠨᠲᠡ ᠬᠤᠶᠠᠷ ᠬᠤᠭᠤᠴᠠᠭᠠᠨ ᠤ SYB ᠪᠣᠯᠪᠠᠰᠤᠷᠠᠭᠤᠯᠤᠯ ᠤᠨ ᠠᠩᠭᠢ ᠶᠢ ᠥᠷᠨᠢᠭᠦᠯᠵᠦ᠂ 42 ᠰᠣᠷᠣᠭᠴᠢ ᠤᠷᠤᠯᠴᠠᠪᠠ᠃ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠡᠬᠢ ᠪᠠᠶᠠᠯᠢᠭ ᠤᠨ ᠬᠥᠮᠥᠷᠭᠡ ᠶᠢ ᠵᠣᠬᠢᠶᠠᠨ ᠪᠠᠶᠢᠭᠤᠯᠵᠤ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠤᠨ ᠣᠯᠠᠨ ᠨᠡᠶᠢᠲᠡ ᠶᠢᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠠᠪᠴᠠᠩ ᠢ ᠵᠡᠷᠭᠡ  ᠳᠤᠨᠢ ᠬᠤᠯᠪᠣᠵᠤ᠂ ᠨᠡᠶᠢᠭᠡᠮ ᠳᠤ ᠬᠠᠨᠳᠤᠭᠤᠯᠤᠨ ᠨᠡᠶᠢᠲᠡᠯᠡᠵᠦ᠂ ᠡᠯ᠎ᠡ ᠲᠥᠷᠥᠯ ᠤᠨ ᠠᠳᠠᠯ ᠦᠢᠯᠡᠰ ᠴᠣᠭᠴᠠᠯᠠᠬᠤ ᠭᠤᠣᠯ ᠴᠣᠭᠴᠠ ᠳᠤ ᠠᠳᠠᠯ ᠦᠢᠯᠡᠰ ᠴᠣᠭᠴᠠᠯᠠᠬᠤ ᠰᠣᠩᠭᠤᠯᠲᠠ ᠬᠠᠩᠭᠠᠪᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号