ᠨᠢᠩᠴᠧᠩ ᠰᠢᠶᠠᠨ ᠬᠥᠳᠡᠭᠡ ᠲᠣᠰᠬᠤᠨ ᠤ ᠴᠢᠳᠠᠪᠤᠷᠢᠲᠠᠨ ᠢ ᠴᠤᠭᠯᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/7/26
 ᠡᠯ᠎ᠡ ᠲᠦᠷᠦᠯ ᠤᠨ︽ᠨᠤᠲᠤᠭ ᠤᠨ ᠲᠤᠰᠬᠠᠢ ᠮᠡᠷᠭᠡᠵᠢᠯᠲᠡᠨ︾᠂︽ᠬᠥᠳᠡᠭᠡ ᠲᠣᠰᠬᠤᠨ ᠤ ᠴᠢᠳᠠᠪᠤᠷᠢᠲᠠᠨ︾ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠨᠢᠩᠴᠧᠩ ᠰᠢᠶᠠᠨ ᠤ ᠶᠡᠭᠡ ᠵᠦᠩ ᠰᠢᠶᠠᠩ ᠤᠯᠠᠨ ᠵᠦᠢᠯ ᠤᠨ ᠬᠡᠯᠪᠡᠷᠢ ᠪᠠᠷ ᠨᠤᠲᠤᠭ ᠤᠨ ᠴᠢᠳᠠᠪᠤᠷᠢᠲᠠᠨ ᠢ ᠢᠯᠡᠷᠡᠭᠦᠯᠵᠦ᠂ ᠬᠥᠳᠡᠭᠡ ᠲᠣᠰᠬᠤᠨ ᠤ ᠴᠢᠳᠠᠪᠤᠷᠢᠲᠠᠨ ᠤ︽ᠳᠤᠲᠠᠭᠤᠳᠠᠯ︾︾ ᠢ ᠨᠥᠬᠦᠪᠦᠷᠢᠯᠡᠵᠦ᠂ ᠴᠢᠳᠠᠪᠤᠷᠢᠲᠠᠨ ᠤ︽ᠠᠰᠢᠭ︾︾ ᠢ ᠪᠠᠳᠠᠷᠠᠭᠤᠯᠵᠤ᠂ ︽ᠨᠢᠭᠡ ᠭᠠᠵᠠᠷ ᠤᠨ ᠠᠷᠠᠳ ᠲᠦᠮᠡᠨ ᠢ ᠳᠠᠶᠢᠴᠢᠯᠠᠵᠤ᠂ ᠨᠢᠭᠡ ᠬᠡᠰᠡᠭ ᠠᠵᠤ ᠠᠬᠤᠢ ᠶᠢ ᠠᠮᠢᠳᠤᠯᠢᠭ ᠢᠶᠠᠷ ᠡᠷᠬᠢᠯᠡᠵᠦ᠂ ᠨᠢᠭᠡ ᠰᠢᠶᠠᠩ ᠬᠥᠳᠡᠭᠡ ᠲᠣᠰᠬᠤᠨ ᠢ ᠴᠢᠨᠡᠭᠡᠯᠢᠭᠵᠢᠭᠦᠯᠬᠦ︾ᠴᠢᠳᠠᠪᠤᠷᠢᠲᠠᠨ ᠤ ᠦᠢᠯᠡᠳᠦᠯ ᠢ ᠴᠢᠷᠮᠠᠶᠢᠨ ᠪᠡᠶᠡᠯᠡᠭᠦᠯᠵᠡᠢ᠃  ᠨᠤᠲᠤᠭ ᠤᠨ ᠴᠢᠳᠠᠪᠤᠷᠢᠲᠠᠨ ᠢ ︽ᠠᠭᠤᠳᠠᠯᠪᠠ︾᠃ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠲᠤᠰ ᠭᠠᠵᠠᠷ ᠣᠷᠣᠨ ᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ᠂ ᠬᠥᠳᠡᠭᠡ ᠲᠣᠰᠬᠤᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠪᠠᠶᠠᠵᠢᠯ ᠤᠨ ᠳᠠᠭᠠᠭᠤᠯᠤᠭᠴᠢ᠂ ᠲᠠᠷᠢᠶᠠᠴᠢᠨ ᠵᠠᠭᠤᠴᠢᠯᠠᠭᠴᠢ᠂ ᠰᠢᠯᠢᠳᠡᠭ ᠠᠵᠤ ᠠᠬᠤᠶᠢᠯᠠᠯᠲᠠᠨ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠵᠡᠷᠭᠡ 100 ᠭᠠᠷᠤᠢ ᠬᠥᠮᠥᠨ ᠳᠤ ᠨᠠᠷᠢᠨ ᠲᠣᠳᠣᠷᠬᠠᠢ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠣᠷᠣᠨ ᠨᠤᠲᠤᠭ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠪᠠ᠃ᠭᠡᠷ ᠲᠤᠨᠢ ᠬᠦᠷᠴᠦ ᠠᠶᠢᠯᠴᠢᠯᠠᠬᠤ᠂ ᠤᠲᠠᠰᠤ ᠪᠠᠷ ᠬᠠᠷᠢᠯᠴᠠᠬᠤ᠂ ᠸᠢᠴᠠᠲ ᠢᠶᠠᠷ ᠬᠠᠷᠢᠯᠴᠠᠬᠤ᠂ ᠶᠠᠷᠢᠯᠴᠠᠨ ᠨᠥᠬᠦᠷᠯᠡᠬᠦ᠂ ᠲᠥᠷᠥ ᠶᠢᠨ ᠪᠣᠳᠣᠯᠭ᠎ᠠ ᠶᠢ ᠤᠬᠠᠭᠤᠯᠬᠤ ᠵᠡᠷᠭᠡ ᠠᠷᠭ᠎ᠠ ᠬᠡᠯᠪᠡᠷᠢ ᠶᠢ ᠠᠪᠴᠤ᠂ ᠬᠥᠳᠡᠭᠡ ᠲᠣᠰᠬᠤᠨ ᠤ ᠣᠷᠣᠨ ᠨᠤᠲᠤᠭ ᠤᠨ ᠴᠢᠳᠠᠪᠤᠷᠢᠲᠠᠨ ᠳᠤ ︽ᠴᠡᠭ ᠠᠴᠠ ᠴᠡᠭ ᠲᠤ ᠬᠦᠷᠬᠦ︾ ᠳᠠᠶᠢᠴᠢᠯᠠᠯᠲᠠ ᠬᠢᠵᠦ᠂ ᠲᠡᠳᠡᠨ ᠤ ᠨᠤᠲᠤᠭ ᠤᠰᠤᠨ ᠳᠠᠭᠠᠨ ᠬᠠᠷᠢᠶᠠᠯᠠᠭᠳᠠᠬᠤ ᠰᠡᠳᠬᠢᠯᠭᠡ ᠪᠠ ᠮᠡᠳᠡᠷᠡᠬᠦ ᠰᠡᠳᠬᠢᠯᠭᠡ ᠶᠢ ᠨᠡᠮᠡᠭᠳᠡᠭᠦᠯᠬᠦ ᠶᠢᠨ ᠬᠠᠮᠲᠤ ᠬᠥᠮᠥᠨ ᠤ ᠬᠠᠷᠢᠴᠠᠭᠠᠨ ᠤ ᠳᠠᠪᠠᠭᠤᠯᠢᠭ᠂ ᠪᠡᠯᠡ ᠮᠥᠩᠭᠦᠨ ᠤ ᠳᠠᠪᠠᠭᠤᠯᠢᠭ᠂ ᠬᠠᠮᠢᠶᠠᠷᠤᠯᠲᠠ ᠶᠢᠨ ᠳᠠᠪᠠᠭᠤᠯᠢᠭ᠂ ᠮᠡᠳᠡᠭᠡ ᠵᠠᠩᠭᠢ ᠶᠢᠨ ᠠᠷᠭ᠎ᠠ ᠵᠠᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠨᠤᠲᠤᠭ ᠲᠠᠭᠠᠨ ᠪᠤᠴᠠᠬᠤ᠂ ᠪᠡᠯᠡ ᠮᠥᠩᠭᠦ ᠪᠤᠴᠠᠵᠤ ᠢᠷᠡᠬᠦ᠂ ᠲᠥᠷᠥᠯ ᠵᠦᠢᠯ ᠪᠤᠴᠠᠵᠤ ᠢᠷᠡᠬᠦ ᠰᠠᠶᠢᠨ ᠰᠠᠶᠢᠬᠠᠨ ᠪᠠᠶᠢᠳᠠᠯ ᠢ ᠡᠭᠦᠳᠦᠨ ᠪᠠᠶᠢᠭᠤᠯᠵᠤ᠂ ᠣᠷᠣᠨ ᠨᠤᠲᠤᠭ ᠤᠨ ᠴᠢᠳᠠᠪᠤᠷᠢᠲᠠᠨ ᠤ ᠠᠵᠢᠯ ᠢ ᠬᠥᠳᠡᠭᠡ ᠲᠣᠰᠬᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠠᠳᠠᠯᠢ ᠳᠠᠪᠲᠠᠮᠵᠢ ᠪᠠᠷ ᠠᠬᠢᠭᠤᠯᠵᠤ᠂ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠭᠤᠯᠬᠤ ᠶᠢ ᠪᠡᠶᠡᠯᠡᠭᠦᠯᠪᠡ᠃   ᠣᠷᠣᠨ ᠨᠤᠲᠤᠭ ᠤᠨ ᠴᠢᠳᠠᠪᠤᠷᠢᠲᠠᠨ ᠢ ︽ᠳᠠᠭᠠᠭᠤᠯᠪᠠ︾᠃ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠶᠢ ᠴᠢᠩᠭᠠᠳᠬᠠᠵᠤ᠂ ᠣᠷᠣᠨ ᠨᠤᠲᠤᠭ ᠤᠨ ᠴᠢᠳᠠᠪᠤᠷᠢᠲᠠᠨ ᠢ ᠤᠯᠤᠰ ᠲᠥᠷᠥ ᠪᠠᠷ ᠬᠥᠲᠥᠯᠥᠨ ᠳᠠᠭᠠᠭᠤᠯᠬᠤ ᠪᠠ ᠰᠢᠩᠭᠡᠬᠡᠨ ᠠᠪᠬᠤ ᠠᠵᠢᠯ ᠢ ᠰᠠᠶᠢᠲᠤᠷ ᠬᠢᠵᠦ᠂ ︽ᠨᠠᠮ ᠤᠨ ᠡᠭᠦᠷ + ᠠᠵᠤ ᠦᠢᠯᠡᠰ + ᠴᠢᠳᠠᠪᠤᠷᠢᠲᠠᠨ︾ ᠤ ᠠᠷᠭ᠎ᠠ ᠵᠠᠮ ᠢ ᠥᠷᠭᠡᠳᠬᠡᠬᠦ ᠪᠠᠷ ᠳᠠᠮᠵᠢᠭᠤᠯᠤᠨ᠂ ᠵᠣᠬᠢᠬᠤ ᠲᠣᠭᠠᠨ ᠤ ᠣᠷᠣᠨ ᠨᠤᠲᠤᠭ ᠤᠨ ᠴᠢᠳᠠᠪᠤᠷᠢᠲᠠᠨ ᠤ ᠦᠨᠳᠦᠰᠦᠨ ᠱᠠᠲᠤᠨ ᠳᠤ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠭᠤᠣᠯᠳᠠᠯᠭ᠎ᠠ ᠲᠠᠢ ᠬᠥᠲᠥᠯᠥᠨ ᠵᠢᠯᠤᠭᠤᠳᠴᠤ᠂ ᠲᠤᠰᠬᠠᠢ ᠮᠡᠷᠭᠡᠵᠢᠯ ᠢᠶᠠᠷ ᠴᠢᠩᠭ᠎ᠠ᠂ ᠡᠵᠡᠩᠨᠡᠯᠲᠡ ᠶᠢᠨ ᠲᠠᠷᠢᠬᠢ ᠲᠣᠯᠣᠭᠠᠢ ᠪᠠᠷ ᠴᠢᠩᠭ᠎ᠠ᠂ ᠰᠢᠨ᠎ᠡ ᠶᠢ ᠡᠭᠦᠳᠬᠦ ᠤᠬᠠᠮᠰᠠᠷ ᠢᠶᠠᠷ ᠴᠢᠩᠭ᠎ᠠ ᠣᠷᠣᠨ ᠨᠤᠲᠤᠭ ᠤᠨ ᠴᠢᠳᠠᠪᠤᠷᠢᠲᠠᠨ ᠤ ᠦᠢᠯᠡᠴᠢᠯᠡᠭᠡᠨ ᠤ ᠡᠩᠨᠡᠭᠡ ᠶᠢ  ᠪᠠᠶᠢᠭᠤᠯᠪᠠ᠃ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠥᠳᠡᠭᠡ ᠲᠣᠰᠬᠤᠨ ᠤ ᠴᠢᠳᠠᠪᠤᠷᠢᠲᠠᠨ ᠢ ᠵᠣᠬᠢᠶᠠᠨ ᠪᠠᠶᠢᠭᠤᠯᠤᠨ ᠲᠦᠮᠡᠨ ᠮᠦ ᠬᠠᠰᠢ ᠶᠢᠨ ᠬᠦᠷᠢᠶᠡᠯᠡᠩ ᠲᠣᠭᠤᠷᠢᠭ᠂ ᠬᠤᠶ ᠴᠧᠩ ᠨᠢᠶᠠᠨ ᠤ 5000 ᠲᠦᠮᠡᠨ ᠰᠠᠭᠤᠷᠢ ᠴᠢᠬᠢ ᠪᠣᠶᠢᠵᠢᠭᠤᠯᠬᠤ ᠣᠳᠣᠬᠢᠴᠢᠯᠠᠭᠰᠠᠨ ᠴᠢᠬᠢ ᠪᠣᠶᠢᠵᠢᠭᠤᠯᠬᠤ ᠰᠠᠭᠤᠷᠢᠨ ᠭᠠᠵᠠᠷ᠂ 5000 ᠮᠦ ᠵᠢᠩᠬᠢᠨᠢ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ᠂ ᠸᠧᠨ ᠣᠪᠣᠭᠲᠤ ᠶᠢᠨ ᠸᠠᠨ ᠶᠢᠩᠽᠢ ᠶᠢᠨ 24 ᠲᠦᠮᠡᠨ ᠲᠤᠷᠤᠢ ᠶᠢᠨ ᠲᠠᠯᠠᠪᠠᠶ ᠳᠤ ᠰᠤᠷᠤᠯᠴᠠᠭᠤᠯᠤᠨ ᠲᠣᠭᠤᠷᠢᠨ ᠦᠵᠡᠭᠦᠯᠵᠦ᠂ ᠰᠡᠳᠬᠢᠴᠡ ᠶᠢ ᠨᠢ ᠦᠷᠭᠡᠳᠭᠡᠪᠡ︔ᠮᠠᠤ ᠵᠢᠶᠠ ᠸᠧ ᠫᠦ᠋ ᠶᠢᠨ ᠨᠤᠲᠤᠭ ᠤᠨ ᠴᠢᠳᠠᠪᠤᠷᠢᠲᠠᠨ ᠤ ᠪᠣᠳᠠᠲᠠᠢ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠠᠯᠤᠰ ᠠᠴᠠ ᠵᠢᠭᠠᠬᠤ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠲᠣᠣᠷ ᠰᠦᠯᠵᠢᠶ᠎ᠡ ᠶᠢ ᠭᠦᠢᠴᠡᠳ ᠠᠰᠢᠭᠯᠠᠨ᠂ ᠬᠥᠳᠡᠭᠡ ᠲᠣᠰᠬᠤᠨ ᠤ ᠨᠤᠲᠤᠭ ᠤᠨ ᠴᠢᠳᠠᠪᠤᠷᠢᠲᠠᠨ ᠢ ᠰᠣᠩᠭᠤᠨ ᠵᠢᠩᠬᠢᠨᠢᠴᠢᠯᠡᠭᠰᠡᠨ᠂ ᠰᠢᠰᠲ᠋ᠧᠮᠵᠢᠭᠦᠯᠦᠭᠰᠡᠨ ᠪᠣᠯᠪᠠᠰᠤᠷᠠᠭᠤᠯᠤᠯ ᠢ 36 ᠬᠤᠭᠤᠴᠠᠭ᠎ᠠ ᠡᠷᠬᠢᠯᠡᠪᠡ︔ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯᠲᠠᠨ ᠢ ᠵᠣᠬᠢᠶᠠᠨ ᠪᠠᠶᠢᠭᠤᠯᠤᠨ 120 ᠭᠠᠷᠤᠢ ᠤᠳᠠᠭ᠎ᠠ ᠭᠡᠷ ᠲᠤᠨᠢ ᠬᠦᠷᠴᠦ ᠦᠢᠯᠡᠴᠢᠯᠡᠬᠦ ᠶᠢ ᠥᠷᠨᠢᠭᠦᠯᠵᠦ᠂ ᠰᠢᠨ᠎ᠡ ᠮᠡᠷᠭᠡᠵᠢᠯ᠂ ᠰᠢᠨ᠎ᠡ ᠮᠡᠳᠡᠯᠭᠡ ᠶᠢ ᠴᠠᠭ ᠲᠤᠨᠢ ᠲᠣᠬᠢᠷᠠᠭᠤᠯᠤᠨ ᠤᠯᠠᠮᠵᠢᠯᠠᠵᠤ ᠂ ᠣᠷᠣᠨ ᠨᠤᠲᠤᠭ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠴᠢᠨᠠᠷ ᠪᠠ ᠣᠯᠠᠨ ᠲᠦᠮᠡᠨ ᠢ ᠬᠥᠲᠥᠯᠥᠨ ᠳᠠᠭᠠᠭᠤᠯᠵᠤ ᠪᠠᠶᠠᠵᠢᠭᠤᠯᠬᠤ ᠴᠢᠳᠠᠪᠤᠷᠢ ᠶᠢ ᠳᠡᠭᠡᠭᠰᠢᠯᠡᠭᠦᠯᠪᠡ᠃  ᠨᠤᠲᠤᠭ ᠤᠨ ᠴᠢᠳᠠᠪᠤᠷᠢᠲᠠᠨ ᠢ ︽ᠬᠡᠷᠩᠯᠡᠪᠡ‌‍ᠤ᠋︾᠃ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ ᠲᠥᠷᠥ ᠶᠢᠨ ᠪᠣᠳᠣᠯᠭ᠎ᠠ ᠪᠣᠯᠣᠨ ᠨᠤᠲᠤᠭ ᠤᠰᠤᠨ ᠤ ᠪᠠᠨ ᠰᠢᠨ᠎ᠡ ᠬᠤᠪᠢᠷᠠᠯᠲᠠ ᠶᠢ ᠲᠣᠭᠲᠠᠮᠠᠯ ᠪᠤᠰᠤ ᠬᠤᠭᠤᠴᠠᠭ᠎ᠠ  ᠲᠠᠢ  ᠪᠠᠷ ᠨᠤᠲᠤᠭ ᠤᠨ ᠴᠢᠳᠠᠪᠤᠷᠢᠲᠠᠨ ᠳᠤ ᠤᠬᠠᠭᠤᠯᠤᠨ ᠲᠠᠨᠢᠯᠴᠠᠭᠤᠯᠵᠤ᠂ ᠣᠷᠣᠨ ᠨᠤᠲᠤᠭ ᠤᠨ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠣᠷᠣᠨ ᠨᠤᠲᠤᠭ ᠤᠨ ᠴᠢᠳᠠᠪᠤᠷᠢᠲᠠᠨ ᠤ ᠬᠥᠳᠡᠭᠡ ᠲᠣᠰᠬᠤᠨ ᠳᠤ ᠦᠨᠳᠦᠰᠦᠯᠡᠵᠦ᠂ ᠣᠨᠴᠠ ᠴᠢᠳᠠᠪᠤᠷᠢ ᠪᠠᠨ ᠪᠠᠳᠠᠷᠠᠭᠤᠯᠤᠨ᠂ ᠠᠵᠤ ᠠᠬᠤᠶᠢᠯᠠᠯ ᠡᠷᠭᠢᠯᠡᠵᠦ᠂ ᠬᠤᠷᠰᠢᠶ᠎ᠠ ᠪᠠᠶᠢᠭᠤᠯᠤᠨ᠂ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠵᠦ᠂ ᠣᠷᠣᠨ ᠨᠤᠲᠤᠭ ᠤᠨ ᠴᠢᠳᠠᠪᠤᠷᠢᠲᠠᠨ ᠳᠤ ᠲᠦᠰᠢᠭᠯᠡᠨ ᠣᠯᠠᠨ ᠲᠦᠮᠡᠨ ᠳᠤ ᠮᠡᠷᠭᠡᠵᠢᠯ ᠤᠨ ᠦᠢᠯᠡᠴᠢᠯᠡᠭᠡᠨ ᠤ ᠳᠡᠮᠵᠢᠯᠭᠡ ᠬᠠᠩᠭᠠᠵᠤ᠂ ᠬᠤᠷᠰᠢᠶ᠎ᠠ ᠳᠤ ᠲᠦᠰᠢᠭᠯᠡᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠪᠠ᠃ᠬᠡᠪ ᠴᠢᠨᠠᠷ ᠢᠶᠠᠷ ᠥᠨᠳᠥᠷ᠂ ᠤᠯᠠᠨ ᠲᠦᠮᠡᠨ ᠳᠤ ᠦᠢᠯᠡᠴᠢᠯᠡᠬᠦ ᠳᠤᠷᠠᠲᠠᠢ ᠭᠠᠳᠠᠨ᠎ᠠ ᠪᠠᠶᠢᠭ᠎ᠠ ᠨᠤᠲᠤᠭ ᠤᠨ ᠴᠢᠳᠠᠪᠤᠷᠢᠲᠠᠨ ᠢ ᠲᠣᠰᠬᠤᠨ ᠤ︽ᠬᠤᠶᠠᠷ ᠵᠥᠪᠯᠡᠯ︾︾ ᠤᠨ ᠪᠠᠭ ᠤᠨ 21 ᠬᠥᠮᠥᠨ ᠢ ᠰᠢᠩᠭᠡᠬᠡᠨ ᠠᠪᠴᠤ᠂ ᠤᠯᠠᠨ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ︽ᠰᠠᠭᠠᠳ ᠦᠭᠡᠢ ᠵᠠᠮ︾  ᠢ ᠤᠯᠠᠨ ᠠᠷᠭ᠎ᠠ ᠵᠠᠮ ᠢᠶᠠᠷ ᠨᠡᠭᠡᠭᠡᠵᠡᠢ᠃ᠣᠳᠣᠬᠠᠨ ᠳᠤ᠂ ᠪᠥᠬᠦ ᠰᠢᠶᠠᠩ ᠳᠤ ︽ᠯᠠᠵᠤᠤ ᠶᠢᠨ ᠸᠠᠩ︾ ᠸᠠᠩ ᠰᠢ ᠴᠢᠤᠸᠠᠨ᠂ ︽ᠲᠡᠵᠢᠭᠡᠨ ᠦᠷᠡᠵᠢᠭᠦᠯᠬᠦ ᠲᠣᠮᠣ ᠡᠷᠦᠬᠡ︾ ᠴᠢᠶᠠᠩ ᠰᠢ ᡁᠢ᠂ ︽ᠢᠳᠡᠰᠢᠨ ᠨᠣᠭᠤᠭᠠᠨ ᠤ ᠠᠵᠤ ᠠᠬᠤᠢ ᠶᠢᠨ ᠬᠥᠮᠥᠨ︾ ᠰᠢᠦᠢ ᠹᠧᠩ ᠶᠦᠨ ᠵᠡᠷᠭᠡ ᠨᠢᠭᠡ ᠪᠦᠯᠦᠭ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠠᠵᠢᠯ ᠤᠨ ᠳᠠᠭᠠᠭᠤᠯᠤᠭᠴᠢ ᠴᠣᠯᠭᠤᠷᠠᠨ ᠭᠠᠷᠴᠤ᠂ ᠪᠥᠬᠦ ᠰᠢᠶᠠᠩ ᠤᠨ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ 5.1 ᠲᠦᠮᠡᠨ ᠮᠦ ᠶᠢ ᠳᠠᠪᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ ᠴᠡᠴᠡᠭᠯᠡᠨ ᠵᠢᠮᠢᠰᠯᠡᠬᠦ᠂ ᠠᠷᠠᠳ ᠲᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠡᠶᠡᠯᠡᠭᠦᠯᠪᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号