︽ᠨᠢᠩᠴᠧᠩ ᠤᠨ ᠲᠥᠪᠡᠳ ᠬᠠᠰᠢ︾ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠭᠤᠯᠵᠤ ᠪᠣᠢ
ᠨᠡᠶᠢᠲᠡᠯᠡᠭᠰᠡᠨ ᠴᠠᠭ᠄
2022/8/1
 ᠨᠢᠩᠴᠧᠩ ᠰᠢᠶᠠᠨ ᠤ  ᠳᠡᠭᠡᠷ᠎ᠡ ᠬᠤᠷᠤᠭ᠎ᠠ ᠪᠠᠯᠭᠠᠰᠤᠨ ᠤ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠲᠠᠷᠢᠶᠠᠨ ᠭᠠᠵᠠᠷ ᠪᠠᠭ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠨᠥᠬᠦᠴᠡᠯ ᠲᠤᠶᠢᠯ ᠤᠨ ᠪᠠᠭᠤᠷᠠᠢ ᠪᠠᠶᠢᠳᠠᠭ᠃ᠭᠡᠪᠡᠴᠦ ᠡᠭᠦᠨ ᠠᠴᠠ ᠪᠣᠯᠵᠤ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠨᠠᠷᠢᠯᠢᠭ ᠲᠠᠷᠢᠵᠤ ᠨᠢᠮᠪᠠᠢ ᠠᠷᠠᠴᠢᠯᠠᠬᠤ ᠦᠢᠯᠡᠳᠪᠦᠷᠢᠯᠡᠯ ᠤᠨ ᠳᠠᠳᠬᠠᠯ ᠲᠠᠢ ᠪᠣᠯᠵᠤ᠂ ᠶᠡᠭᠡ ᠲᠠᠷᠢᠶᠠᠨ ᠤ ᠠᠵᠢᠯ ᠢ ᠲᠥᠬᠦᠭᠡᠷᠦᠮᠵᠢᠲᠦ ᠲᠠᠷᠢᠶᠠᠯᠠᠩ ᠪᠣᠯᠭᠠᠨ ᠬᠤᠪᠢᠷᠠᠭᠤᠯᠬᠤ ᠳᠤ ᠨᠡᠩ ᠬᠢᠯᠪᠠᠷ ᠪᠣᠯᠤᠭᠰᠠᠨ ᠪᠠᠶᠢᠨ᠎ᠠ᠃  ᠣᠶᠢᠷ᠎ᠠ ᠶᠢᠨ ᠵᠢᠯ ᠠᠴᠠ᠂ ᠨᠢᠩᠴᠧᠩ ᠰᠢᠶᠠᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠡᠪᠴᠢᠶᠡᠵᠢᠭᠰᠡᠨ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠵᠣᠷᠢᠭᠵᠢᠭᠤᠯᠵᠤ᠂ ᠬᠥᠭᠵᠢᠯᠲᠡ ᠶᠢᠨ ᠬᠡᠪᠴᠢᠶ᠎ᠡ᠂ ᠱᠠᠩᠨᠠᠯ ᠨᠥᠬᠦᠪᠦᠷᠢ ᠶᠢᠨ ᠪᠡᠯᠡ ᠮᠥᠩᠭᠦ᠂ ᠬᠢᠨᠠᠨ ᠰᠢᠯᠭᠠᠯᠲᠠ ᠶᠢᠨ ᠬᠤᠪᠢ ᠶᠢᠨ ᠦᠷᠳᠡᠭ︽ᠭᠤᠷᠪᠠ ᠳᠤ ᠳᠡᠭᠡᠳᠦ ᠬᠢᠵᠠᠭᠠᠷ ᠭᠠᠷᠭᠠᠬᠤ ᠦᠭᠡᠢ︾ᠲᠦᠷᠦ ᠶᠢᠨ ᠪᠣᠳᠣᠯᠭ᠎ᠠ ᠶᠢ ᠨᠡᠶᠢᠲᠡᠯᠡᠪᠡ᠃ᠪᠠᠷᠢᠮᠵᠢᠶ᠎ᠠ ᠳᠤ ᠬᠦᠷᠦᠭᠰᠡᠨ ᠰᠢᠨ᠎ᠡ ᠪᠠᠷ ᠪᠠᠶᠢᠭᠤᠯᠤᠭᠰᠠᠨ ᠨᠡᠷᠡᠨ ᠬᠡᠷᠡᠯ ᠤᠨ ᠬᠦᠯᠡᠮᠵᠢ ᠪᠠ ᠬᠠᠭᠤᠴᠢᠷᠠᠭᠰᠠᠨ ᠨᠡᠷᠡᠨ ᠬᠡᠷᠡᠯ ᠤᠨ ᠬᠦᠯᠡᠮᠵᠢ ᠶᠢᠨ ᠥᠭᠡᠷᠡᠴᠢᠯᠡᠯᠲᠡ ᠶᠢᠨ ᠲᠥᠷᠥᠯ ᠵᠦᠢᠯ ᠳᠤ ᠨᠥᠬᠦᠪᠦᠷᠢ ᠥᠭᠴᠦ᠂ ᠮᠢᠩᠭᠠᠨ ᠮᠦ ᠠᠴᠠ ᠳᠡᠭᠡᠭᠰᠢᠬᠢ ᠨᠡᠷᠡᠨ ᠬᠡᠷᠡᠯ ᠤᠨ ᠬᠦᠯᠡᠮᠵᠢ ᠶᠢᠨ ᠬᠦᠷᠢᠶᠡᠯᠡᠩ ᠲᠣᠭᠤᠷᠢᠭ᠂ ᠬᠦᠢᠲᠡᠨ ᠰᠠᠷᠠᠪᠴᠢ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠵᠤ᠂ ᠵᠢᠯ ᠤᠨ ᠴᠢᠬᠢ ᠪᠣᠶᠢᠵᠢᠭᠤᠯᠬᠤ ᠴᠢᠳᠠᠪᠤᠷᠢ ᠨᠢ 5000 ᠲᠦᠮᠡᠨ ᠰᠠᠭᠤᠷᠢ  ᠠᠴᠠ ᠳᠡᠭᠡᠭᠰᠢᠬᠢ ᠴᠢᠬᠢ ᠪᠣᠶᠢᠵᠢᠭᠤᠯᠬᠤ ᠦᠢᠯᠡᠳᠪᠦᠷᠢ ᠵᠡᠷᠭᠡ ᠳᠤ ᠴᠥᠮ ︽ᠨᠢᠭᠡ ᠬᠡᠷᠡᠭ ᠢ ᠨᠢᠭᠡ ᠵᠥᠪᠯᠡᠵᠦ︾᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠪᠡ᠃  ᠣᠯᠠᠨ ᠵᠢᠯ ᠤᠨ ᠬᠥᠭᠵᠢᠯᠲᠡ ᠪᠠᠷ ᠳᠡᠮᠵᠢᠨ᠂ ᠪᠡᠯᠡᠳᠭᠡᠮᠵᠢᠳᠤ ᠲᠠᠷᠢᠶᠠᠯᠠᠩ ᠨᠢ ᠨᠢᠭᠡᠨᠲᠡ ᠳᠡᠭᠡᠷ᠎ᠡ ᠬᠤᠷᠤᠭ᠎ᠠ ᠪᠠᠯᠭᠠᠰᠤᠨ ᠤ ᠭᠤᠣᠯᠯᠠᠬᠤ ᠠᠵᠤ ᠦᠢᠯᠡᠰ ᠪᠣᠯᠵᠤ᠂ ᠶᠡᠷᠦᠩᠬᠡᠢ ᠲᠠᠯᠠᠪᠠᠶ ᠨᠢ 3.6 ᠲᠦᠮᠡᠨ ᠮᠦ ᠳᠤ ᠬᠦᠷᠴᠦ᠂ 1 ︽ᠲᠦᠮᠡᠨ ᠮᠦ ᠶᠢᠨ ᠲᠥᠪᠡᠳ ᠬᠠᠰᠢ ᠶᠢᠨ ᠠᠵᠤ ᠦᠢᠯᠡᠰ ᠤᠨ ᠬᠦᠷᠢᠶᠡᠯᠡᠩ︾᠂ 1 ︽ᠣᠶᠤᠨᠲᠤ ᠲᠠᠷᠢᠶᠠᠯᠠᠩ︾ ᠤᠨ ᠵᠢᠱᠢᠶ᠎ᠡ ᠦᠵᠡᠭᠦᠯᠬᠦ ᠬᠦᠷᠢᠶᠡᠯᠡᠩ᠂ 3 ᠲᠥᠪᠡᠳ ᠬᠠᠰᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠵᠤ᠂ ᠳᠠᠩᠰᠠᠯᠠᠭᠤᠯᠤᠭᠰᠠᠨ ᠬᠤᠷᠰᠢᠭᠰᠠᠨ ᠵᠣᠬᠢᠶᠠᠨ ᠪᠠᠶᠢᠭᠤᠯᠤᠯᠲᠠ 32 ᠪᠣᠯᠪᠠ᠃ᠦᠢᠯᠡᠳᠬᠦᠨ ᠨᠢ ᠪᠡᠭᠡᠵᠢᠩ ᠲᠢᠶᠠᠨᠵᠢᠨ ᠾᠧᠪᠧᠢ᠂ ᠵᠡᠭᠦᠨ ᠭᠤᠷᠪᠠᠨ ᠮᠤᠵᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠳᠤ ᠪᠣᠷᠣᠯᠠᠭᠤᠯᠤᠭᠳᠠᠵᠤ ᠪᠠᠶᠢᠨ᠎ᠠ᠃  ︽ᠨᠢᠩᠴᠧᠩ ᠤᠨ ᠲᠥᠪᠡᠳ ᠬᠠᠰᠢ︾ ᠶᠢᠨ ᠪᠣᠷᠤᠯᠠᠭᠤᠯᠭ᠎ᠠ ᠨᠢ ᠵᠠᠰᠠᠭ ᠤᠨ ᠣᠷᠳᠣᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠬᠦᠴᠦᠲᠡᠢ ᠳᠡᠮᠵᠢᠯᠭᠡ ᠠᠴᠠ ᠭᠠᠳᠠᠨ᠎ᠠ ᠪᠠᠰᠠ ᠳᠣᠣᠷᠠᠬᠢ ᠬᠡᠳᠦᠨ ᠰᠢᠯᠲᠠᠭᠠᠨ   ᠠᠴᠠ ᠰᠠᠯᠵᠤ ᠴᠢᠳᠠᠬᠤ ᠦᠭᠡᠢ ᠶᠤᠮ᠃ᠨᠢᠭᠡ ᠳᠤ᠂ ᠴᠢᠨᠠᠷ ᠰᠠᠶᠢᠲᠠᠢ ᠦᠢᠯᠡᠳᠬᠦᠨ᠂ ᠨᠢᠩᠴᠧᠩ ᠣᠷᠣᠨ ᠤ ᠵᠢᠯ ᠤᠨ ᠨᠡᠷᠡᠨ ᠤ ᠲᠤᠰᠤᠯᠲᠠ ᠶᠢᠨ ᠴᠠᠭ ᠨᠢ 3000 ᠰᠢᠬᠠᠮ ᠴᠠᠭ ᠬᠦᠷᠴᠦ᠂ ᠬᠡᠷᠡᠯ ᠤᠨ ᠲᠤᠰᠤᠯᠲᠠ ᠶᠢᠨ ᠴᠠᠭ ᠨᠢ ᠭᠦᠢᠴᠡᠳ᠂ ᠬᠤᠷ᠎ᠠ ᠲᠤᠨᠳᠠᠰᠤᠨ ᠤ ᠬᠡᠮᠵᠢᠶ᠎ᠡ ᠪᠠᠭ᠎ᠠ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠪᠠᠶᠢᠭᠠᠯᠢ ᠶᠢᠨ ᠠᠭᠤᠷ ᠠᠮᠢᠰᠬᠤᠯ ᠤᠨ ᠨᠥᠬᠦᠴᠡᠯ ᠨᠢ ᠲᠥᠬᠦᠭᠡᠷᠦᠮᠵᠢ ᠶᠢᠨ ᠲᠠᠷᠢᠶᠠᠯᠠᠩ ᠢ ᠬᠥᠭᠵᠢᠭᠦᠯᠬᠦ ᠳᠤ ᠣᠨᠴᠠᠭᠠᠶ ᠲᠣᠬᠢᠷᠠᠮᠵᠢᠲᠠᠢ ᠪᠠᠶᠢᠳᠠᠭ᠃ᠲᠤᠬᠠᠢ ᠶᠢᠨ ᠭᠠᠵᠠᠷ ᠤᠨ ᠬᠥᠷᠥᠰᠥ ᠰᠢᠷᠣᠢ ᠶᠢᠨ ᠣᠷᠭᠠᠨᠢᠭ ᠪᠣᠳᠠᠰ ᠤᠨ ᠠᠭᠤᠯᠤᠭᠳᠠᠴᠠ ᠥᠨᠳᠥᠷ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠡᠯᠪᠡᠭ᠂ ᠪᠦᠬᠦᠶᠢᠯᠡ ᠣᠷᠣᠨ ᠪᠦᠰᠡ ᠳᠤ ᠪᠣᠬᠢᠷᠳᠤᠯ ᠦᠭᠡᠢ᠂ ᠤᠰᠤ ᠰᠢᠷᠣᠢ ᠪᠠ ᠠᠭᠤᠷ ᠠᠮᠢᠰᠬᠤᠯ ᠤᠨ ᠨᠥᠬᠦᠴᠡᠯ ᠨᠢ ᠪᠦᠷᠢᠨ ᠲᠡᠭᠦᠯᠳᠡᠷ ᠲᠣᠬᠢᠷᠠᠵᠤ᠂ ᠠᠳᠡ ᠦᠢᠯᠡᠳᠪᠦᠷᠢᠯᠡᠭᠰᠡᠨ ᠲᠥᠪᠡᠳ ᠬᠠᠰᠢ ᠶᠢᠨ ᠵᠢᠮᠢᠰ ᠤᠨ ᠬᠡᠯᠪᠡᠷᠢ ᠨᠢ ᠵᠢᠩᠬᠢᠨᠢ᠂ ᠸᠢᠲ᠋ᠠᠮᠢᠨ C ᠶᠢᠨ ᠠᠭᠤᠯᠤᠭᠳᠠᠴᠠ ᠨᠢ ᠥᠨᠳᠥᠷ᠂ ᠠᠮᠲᠠ ᠨᠢ ᠰᠠᠶᠢᠨ ᠪᠠᠶᠢᠳᠠᠭ᠃ᠬᠤᠶᠠᠷ ᠲᠤ᠂ ᠨᠢᠩᠴᠧᠩ ᠪᠣᠯ ᠥᠨᠳᠥᠷ ᠥᠷᠭᠡᠷᠢᠭ ᠤᠨ ᠣᠷᠣᠨ ᠳᠤ ᠬᠠᠷᠢᠶᠠᠯᠠᠭᠳᠠᠵᠤ᠂ ᠪᠥᠬᠦ ᠤᠯᠤᠰ ᠤᠨ ᠪᠤᠰᠤᠳ ᠲᠥᠪᠡᠳ ᠬᠠᠰᠢ ᠶᠢᠨ ᠭᠤᠣᠯ ᠭᠠᠷᠤᠯᠲᠠ ᠶᠢᠨ ᠣᠷᠣᠨ᠂ ᠵᠢᠱᠢᠶᠡᠯᠡᠪᠡᠯ ᠱᠠᠨᠳᠦ᠋ᠩ᠂ ᠭᠠᠨᠰᠤ᠂ ᠶᠦᠨᠨᠠᠨ ᠵᠡᠷᠭᠡ ᠲᠠᠢ ᠬᠠᠷᠢᠴᠠᠭᠤᠯᠪᠠᠯ᠂ ᠦᠢᠯᠡᠳᠪᠦᠷᠢᠯᠡᠯ ᠤᠨ ᠤᠯᠠᠷᠢᠯ ᠳᠤ ᠭᠤᠤᠷᠰᠤ ᠵᠥᠷᠢᠭᠦᠯᠦᠨ ᠳᠠᠷᠢᠵᠤ᠂ ᠵᠠᠬ᠎ᠠ ᠳᠡᠯᠭᠡᠭᠦᠷ ᠲᠤ ᠭᠠᠷᠭᠠᠬᠤ ᠶᠢ ᠪᠡᠶᠡᠯᠡᠭᠦᠯᠵᠦ᠂ ᠦᠨ᠎ᠡ ᠬᠠᠩᠰᠢ ᠶᠢ ᠢᠮᠠᠭᠲᠠ ᠲᠣᠭᠲᠠᠪᠤᠷᠢᠲᠠᠢ ᠪᠠᠶᠢᠯᠭᠠᠵᠤ ᠪᠣᠯᠣᠨ᠎ᠠ᠃2008 ᠣᠨ ᠠᠴᠠ ᠡᠬᠢᠯᠡᠨ ᠂ ᠳᠡᠭᠡᠷ᠎ᠡ ᠬᠤᠷᠤᠭ᠎ᠠ ᠪᠠᠯᠭᠠᠰᠤᠨ ᠤ ᠲᠠᠷᠢᠶᠠᠴᠢᠨ ᠡᠷᠦᠬᠡ ᠠᠭᠠᠵᠢᠮ ᠢᠶᠠᠷ ᠬᠠᠳᠠᠭᠠᠯᠠᠬᠤ ᠳᠤ ᠲᠡᠰᠪᠦᠷᠢᠲᠡᠢ ᠬᠠᠲᠠᠭᠤ ᠨᠤᠨᠳᠠᠭ ᠲᠠᠢ ᠲᠥᠪᠡᠳ ᠬᠠᠰᠢ ᠳᠠᠷᠢᠪᠠ᠂ ᠡᠨᠡ ᠬᠦ ᠵᠦᠢᠯ ᠤᠨ ᠲᠥᠪᠡᠳ ᠬᠠᠰᠢ ᠨᠢ ᠡᠩ ᠤᠨ ᠳᠤᠯᠠᠭᠠᠨ ᠳᠤ 20 ᠡᠳᠦᠷ ᠲᠠᠯᠪᠢᠪᠠᠯ ᠡᠪᠳᠡᠷᠡᠬᠦ ᠦᠭᠡᠢ ᠬᠠᠳᠠᠭᠠᠯᠠᠵᠤ ᠵᠥᠭᠡᠭᠡᠪᠦᠷᠢᠯᠡᠬᠦ ᠳᠤ ᠲᠡᠰᠪᠦᠷᠢᠲᠡᠢ ᠪᠠᠶᠢᠳᠠᠭ᠂ ᠣᠲᠣ ︽ ᠨᠢᠩᠴᠧᠩ ᠤᠨ ᠲᠥᠪᠡᠳ ᠬᠠᠰᠢ︾ ᠨᠢ ᠨᠢᠭᠡᠨᠲᠡ ᠴᠥᠮ ᠬᠠᠲᠠᠭᠤ ᠨᠤᠨᠳᠠᠭ ᠲᠠᠢ ᠲᠥᠪᠡᠳ ᠬᠠᠰᠢ ᠪᠣᠯᠵᠠᠢ᠂ ᠡᠨᠡ  ᠨᠢ ︽ᠨᠢᠩᠴᠧᠩ ᠤᠨ ᠲᠥᠪᠡᠳ ᠬᠠᠰᠢ︾ ᠶᠢᠨ ᠥᠷᠢᠰᠦᠯᠳᠦᠭᠡᠨ ᠤ ᠳᠠᠪᠠᠭᠤᠯᠢᠭ ᠢ ᠤᠯᠠᠮ ᠶᠡᠬᠡᠰᠬᠡᠭᠰᠡᠨ ᠪᠠᠶᠢᠨ᠎ᠠ᠃ᠭᠤᠷᠪᠠ ᠳᠤ ᠵᠠᠮ ᠬᠠᠷᠢᠯᠴᠠᠭ᠎ᠠ ᠲᠥᠬᠦᠮ᠂ ᠨᠢᠩᠴᠧᠩ ᠰᠢᠶᠠᠨ ᠪᠣᠯ ᠥᠪᠥᠷ ᠮᠣᠩᠭᠤᠯ ᠤᠨ ᠪᠡᠭᠡᠵᠢᠩ ᠳᠤ ᠣᠷᠣᠵᠤ ᠲᠡᠯᠡᠶ ᠳᠤ ᠭᠠᠷᠬᠤ ᠬᠠᠮᠤᠭ ᠤᠨ ᠣᠶᠢᠷ᠎ᠠ ᠭᠠᠵᠠᠷ ᠣᠷᠣᠨ ᠤ ᠨᠢᠭᠡ ᠪᠣᠯᠣᠨ᠎ᠠ᠂ ᠬᠢᠯᠢ ᠶᠢᠨ ᠳᠣᠲᠣᠷᠠᠬᠢ ᠤᠯᠤᠰ ᠤᠨ ᠵᠠᠮ᠂ ᠮᠤᠵᠢ ᠶᠢᠨ ᠵᠠᠮ᠂ ᠰᠢᠶᠠᠨ ᠤ ᠵᠠᠮ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ ᠳᠡᠭᠡᠳᠦ ᠬᠤᠷᠳᠤᠴᠠᠲᠤ ᠲᠡᠮᠦᠷ ᠵᠠᠮ ᠬᠢᠯᠢ ᠪᠠᠷ ᠥᠩᠭᠡᠷᠡᠵᠦ᠂ ︽ᠨᠢᠩᠴᠧᠩ ᠤᠨ ᠲᠥᠪᠡᠳ ᠬᠠᠰᠢ︾ ᠶᠢ ᠭᠠᠳᠠᠭᠰᠢ ᠪᠣᠷᠣᠯᠠᠭᠤᠯᠬᠤ ᠳᠤ ᠲᠤᠶᠢᠯ ᠤᠨ ᠶᠡᠭᠡ ᠲᠥᠬᠦᠮ ᠦᠵᠡᠭᠦᠯᠦᠭᠰᠡᠨ ᠪᠠᠶᠢᠨ᠎ᠠ᠃  ᠣᠯᠠᠨ ᠵᠦᠢᠯ ᠤᠨ ᠳᠠᠪᠠᠭᠤᠯᠢᠭ ᠲᠠᠯ᠎ᠠ ᠳᠠᠪᠬᠤᠴᠠᠵᠤ᠂ ︽ᠨᠢᠩᠴᠧᠩ ᠤᠨ ᠲᠥᠪᠡᠳ ᠬᠠᠰᠢ︾ ᠳᠤ ᠪᠣᠷᠤᠯᠠᠭᠤᠯᠭ᠎ᠠ ᠵᠣᠭᠰᠣᠩᠭᠢᠷᠠᠬᠤ ᠠᠰᠠᠭᠤᠳᠠᠯ ᠣᠷᠣᠰᠢᠬᠤ ᠦᠭᠡᠢ ᠮᠥᠷᠲᠡᠭᠡᠨ ᠵᠢᠩ ᠪᠦᠷᠢ ᠶᠢᠨ ᠬᠤᠳᠠᠯᠳᠤᠨ ᠠᠪᠬᠤ ᠦᠨ᠎ᠡ ᠨᠢ ᠪᠠᠰᠠ ᠪᠤᠰᠤᠳ ᠲᠥᠪᠡᠳ ᠬᠠᠰᠢ ᠠᠴᠠ 0.2 ︱ 0.5 ᠲᠥᠭᠦᠷᠢᠭ ᠥᠨᠳᠥᠷ ᠪᠠᠶᠢᠳᠠᠭ᠃ᠲᠥᠪᠡᠳ ᠬᠠᠰᠢ ᠵᠠᠬ᠎ᠠ ᠳᠡᠯᠭᠡᠭᠦᠷ ᠲᠤ ᠭᠠᠷᠬᠤ ᠪᠦᠷᠢ ᠳᠤ ᠱᠠᠨᠳᠦ᠋ᠩ᠂ ᠱᠠᠩᠬᠠᠢ᠂ ᠪᠡᠭᠡᠵᠢᠩ᠂ ᠯᠢᠶᠣᠤᠨᠢᠩ ᠵᠡᠷᠭᠡ ᠭᠠᠵᠠᠷ  ᠠᠴᠠ ᠢᠷᠡᠭᠰᠡᠨ ᠬᠤᠳᠠᠯᠳᠤᠨ ᠠᠪᠬᠤ ᠬᠤᠳᠠᠯᠳᠤᠭᠠᠴᠢᠨ 200 ᠭᠠᠷᠤᠢ ᠬᠥᠮᠥᠨ ᠴᠥᠮ ︽ᠪᠦᠯᠬᠦᠮ ᠪᠠᠶᠢᠭᠤᠯᠵᠤ︾ ᠬᠤᠳᠠᠯᠳᠤᠨ ᠠᠪᠲᠠᠭ᠃  ᠡᠭᠦᠨ ᠠᠴᠠ ᠭᠠᠳᠠᠨ᠎ᠠ᠂ ᠨᠢᠩᠴᠧᠩ ᠰᠢᠶᠠᠨ ᠪᠠᠰᠠ ᠡᠯ᠎ᠡ ᠲᠣᠮᠣ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ ᠲᠠᠢ ᠢᠳᠡᠪᠬᠢᠲᠡᠢ ᠪᠠᠷ ᠬᠠᠮᠲᠤᠷᠠᠨ ᠠᠵᠢᠯᠯᠠᠵᠤ᠂ ᠱᠧᠦ ᠨᠦᠩ ᠪᠦᠯᠦᠭᠯᠡᠯ᠂ ᠪᠡᠭᠡᠵᠢᠩ ᠤᠨ ᠰᠢᠨ ᠹᠠ ᠳ᠋ᠢ ᠵᠠᠬ᠎ᠠ ᠳᠡᠯᠭᠡᠭᠦᠷ᠂ ᠱᠠᠩᠬᠠᠢ ᠶᠢᠨ ᠵᠢᠶᠠᠩ ᠴᠢᠶᠣᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠬᠢᠵᠦ ᠪᠠᠶᠢᠨ᠎ᠠ᠃ᠣᠳᠣᠬᠠᠨ ᠳᠤ᠂ ᠲᠦᠮᠡᠨ ᠮᠦ ᠲᠥᠪᠡᠳ ᠬᠠᠰᠢ ᠶᠢᠨ ᠬᠦᠷᠢᠶᠡᠯᠡᠩ ᠲᠣᠭᠤᠷᠢᠭ ᠤᠨ ᠲᠥᠪᠡᠳ ᠬᠠᠰᠢ ᠶᠢ ᠨᠢᠭᠡᠨᠲᠡ ᠰᠠᠭᠤᠷᠢᠨ ᠭᠠᠵᠠᠷ ᠲᠤ ᠰᠢᠭᠤᠳ ᠲᠠᠷᠬᠠᠭᠠᠬᠤ ᠶᠢ ᠪᠡᠶᠡᠯᠡᠭᠦᠯᠵᠦ᠂ ᠪᠡᠭᠡᠵᠢᠩ ᠣᠷᠣᠨ ᠳᠤ ᠬᠠᠨᠳᠤᠭᠤᠯᠤᠨ᠂ ᠥᠷᠯᠥᠭᠡ ᠲᠡᠭᠦᠬᠦ᠂ ᠦᠳᠡ ᠶᠢᠨ ᠬᠤᠶᠢᠨ᠎ᠠ ᠲᠡᠷᠭᠡᠨ ᠳᠤ ᠲᠡᠭᠡᠭᠡᠬᠦ᠂ ᠣᠷᠣᠢ ᠳᠠᠭᠠᠨ ᠬᠡᠲᠦ ᠳᠡᠯᠭᠡᠭᠦᠷ ᠤᠨ ᠲᠣᠬᠢᠷᠠᠭᠤᠯᠤᠨ ᠬᠦᠷᠭᠡᠬᠦ ᠲᠥᠪ ᠪᠤᠶᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠬᠦᠷᠭᠡᠬᠦ ᠶᠢ ᠦᠨᠳᠦᠰᠦᠨ ᠳᠡᠭᠡᠨ ᠪᠡᠶᠡᠯᠡᠭᠦᠯᠪᠡ᠃   ᠳᠤᠮᠳᠠᠳᠤ ᠤᠯᠤᠰ ᠤᠨ ᠤᠮᠠᠷᠠᠲᠤ ᠶᠢᠨ ᠬᠠᠮᠤᠭ ᠤᠨ ᠲᠣᠮᠣ ᠥᠨᠳᠦᠷᠯᠢᠭ ᠤᠨ ᠬᠦᠢᠲᠡᠨ ᠭᠠᠵᠠᠷ ᠤᠨ ᠴᠢᠨᠠᠷ ᠰᠠᠶᠢᠲᠠᠢ ᠲᠥᠬᠦᠭᠡᠷᠦᠮᠵᠢ ᠶᠢᠨ ᠲᠥᠪᠡᠳ ᠬᠠᠰᠢ ᠬᠠᠩᠭᠠᠬᠤ ᠰᠠᠭᠤᠷᠢᠨ ᠭᠠᠵᠠᠷ ᠲᠤ ᠲᠦᠰᠢᠭᠯᠡᠨ᠂  ᠳᠡᠭᠡᠷ᠎ᠡ ᠬᠤᠷᠤᠭ᠎ᠠ ᠪᠠᠯᠭᠠᠰᠤ ᠨᠢ ︽ᠪᠣᠭᠤᠮᠲᠠ ᠶᠢᠨ ᠭᠠᠳᠠᠨᠠᠬᠢ ᠲᠥᠪᠡᠳ ᠬᠠᠰᠢ ᠶᠢᠨ ᠨᠢᠭᠡᠳᠦᠭᠡᠷ ᠪᠠᠯᠭᠠᠰᠤ︾ ᠭᠡᠰᠡᠨ ᠰᠠᠶᠢᠬᠠᠨ ᠠᠯᠳᠠᠷ ᠢ ᠬᠦᠷᠲᠡᠵᠦ᠂ ︽ᠨᠢᠩᠴᠧᠩ ᠤᠨ ᠲᠥᠪᠡᠳ ᠬᠠᠰᠢ︾ ᠨᠢ ᠴᠦ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠭᠡᠷᠡᠴᠢᠯᠡᠬᠦ ᠲᠠᠸᠠᠷ ᠤᠨ ᠲᠡᠮᠳᠡᠭ ᠢ ᠢᠷᠠᠭᠤ ᠠᠯᠳᠠᠷᠲᠠᠢ ᠪᠠᠷ ᠭᠥᠷᠳᠡᠭᠰᠡᠨ ᠪᠠᠶᠢᠨ᠎ᠠ᠃ᠣᠳᠣᠬᠠᠨ ᠳᠤ᠂ ᠳᠡᠭᠡᠷ᠎ᠡ ᠬᠤᠷᠤᠭ᠎ᠠ ᠪᠠᠯᠭᠠᠰᠤᠨ ᠤ ᠲᠥᠪᠡᠳ ᠬᠠᠰᠢ ᠳᠠᠷᠢᠵᠤ ᠪᠠᠶᠢᠭ᠎ᠠ ᠬᠥᠮᠥᠨ ᠠᠮᠠ ᠪᠥᠬᠦ ᠪᠠᠯᠭᠠᠰᠤᠨ ᠤ ᠪᠥᠬᠦ ᠬᠥᠮᠥᠨ ᠠᠮᠠ ᠶᠢᠨ 40% ᠶᠢ ᠡᠵᠡᠯᠡᠵᠦ᠂ ᠲᠥᠪᠡᠳ ᠬᠠᠰᠢ ᠶᠢᠨ ᠠᠵᠤ ᠦᠢᠯᠡᠰ ᠤᠨ ᠬᠥᠳᠡᠯᠮᠦᠷᠢ ᠦᠢᠯᠡᠴᠢᠯᠡᠭᠡᠨ ᠤ ᠠᠵᠢᠯᠴᠢᠨ 8000 ᠭᠠᠷᠤᠢ ᠬᠥᠮᠥᠨ ᠳᠤ ᠬᠦᠷᠴᠦ᠂ ᠡᠭᠦᠨ ᠤ ᠳᠣᠲᠣᠷ᠎ᠠ ᠭᠠᠳᠠᠨ᠎ᠠ ᠣᠷᠣᠨ ᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠨ 10% ᠶᠢ ᠡᠵᠡᠯᠡᠵᠦ ᠪᠣᠶ︔ᠵᠢᠵᠢᠭ ᠲᠥᠪᠡᠳ ᠬᠠᠰᠢ ᠵᠢᠯ ᠳᠤ 10 ᠲᠦᠮᠡᠨ ᠲᠣᠨ ᠦᠢᠯᠡᠳᠪᠦᠷᠢᠯᠡᠵᠦ᠂ ᠦᠢᠯᠡᠳᠬᠦᠨ ᠤ ᠥᠷᠲᠡᠭ ᠨᠢ 5 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠬᠤᠷᠤᠭ᠎ᠠ ᠪᠠᠯᠭᠠᠰᠤᠨ ᠤ ᠲᠠᠷᠢᠶᠠᠯᠠᠩ ᠤᠨ ᠦᠢᠯᠡᠳᠬᠦᠨ ᠤ ᠶᠡᠷᠦᠩᠬᠡᠢ ᠥᠷᠲᠡᠭ ᠤᠨ ᠬᠠᠭᠠᠰ ᠠᠴᠠ ᠳᠡᠭᠡᠭᠰᠢ ᠬᠡᠮᠵᠢᠶᠡᠨ ᠳᠤ ᠬᠦᠷᠦᠭᠰᠡᠨ ᠪᠠᠶᠢᠨ᠎ᠠ᠃︽ᠨᠢᠩᠴᠧᠩ ᠤᠨ ᠲᠥᠪᠡᠳ ᠬᠠᠰᠢ︾ ᠨᠢ ᠨᠢᠩᠴᠧᠩ ᠤᠨ ᠲᠠᠷᠢᠶᠠᠯᠠᠩ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠦᠲᠦᠮᠵᠢᠲᠡᠶ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠨᠡᠷ᠎ᠡ ᠨᠢᠳᠡᠷ ᠲᠡᠭᠡᠨ ᠨᠡᠶᠢᠴᠡᠭᠰᠡᠨ ︽ᠪᠠᠶᠠᠵᠢᠯ ᠤᠨ ᠵᠢᠮᠢᠰ︾ ᠪᠣᠯᠤᠭᠰᠠᠨ ᠪᠠᠶᠢᠨ᠎ᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号