ᠦᠨᠳᠦᠰᠦᠲᠡᠨ ᠤ ᠪᠦᠯᠬᠦᠮᠳᠡᠯ ᠤᠨ ᠴᠡᠴᠡᠭ ᠡᠭᠦᠷᠢᠳᠡ ᠳᠡᠯᠭᠡᠷᠡᠨ᠎ᠡ
ᠨᠡᠶᠢᠲᠡᠯᠡᠭᠰᠡᠨ ᠴᠠᠭ᠄
2022/8/15
ᠦᠨᠳᠦᠰᠦᠲᠡᠨ ᠤ ᠪᠦᠯᠬᠦᠮᠳᠡᠯ ᠤᠨ ᠴᠡᠴᠡᠭ ᠡᠭᠦᠷᠢᠳᠡ ᠳᠡᠯᠭᠡᠷᠡᠨ᠎ᠡ ︱ ᠥᠪᠥᠷ ᠮᠣᠩᠭᠤᠯ ᠤᠨ ᠤᠯᠠᠭᠠᠨᠬᠠᠳᠠ ᠬᠤᠳᠠ ᠶᠢᠨ ᠨᠢᠩᠴᠧᠩ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠪᠣᠳᠠᠲᠤ ᠲᠡᠮᠳᠡᠭᠯᠡᠯ  ᠨᠢᠩᠴᠧᠩ ᠰᠢᠶᠠᠨ ᠪᠣᠯ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠡᠮᠦᠨᠡᠲᠦ ᠬᠡᠰᠡᠭ ᠲᠤ ᠪᠠᠶᠢᠷᠢᠯᠠᠵᠤ᠂ ᠥᠨᠢ ᠤᠳᠠᠭᠠᠨ ᠲᠡᠦᠬᠡ ᠲᠠᠢ᠂ ᠥᠩᠭᠡ ᠦᠵᠡᠮᠵᠢ ᠭᠤᠶᠣ ᠰᠠᠶᠢᠬᠠᠨ᠂ ᠯᠢᠶᠣᠤ ᠤᠯᠤᠰ ᠤᠨ ᠳᠤᠮᠳᠠᠴᠢ᠂ ᠰᠡᠭᠦᠯᠴᠢ ᠶᠢᠨ ᠬᠤᠭᠤᠴᠠᠭᠠᠨ ᠤ ᠤᠯᠤᠰ ᠤᠨ ᠨᠡᠶᠢᠰᠯᠡᠯ ᠳᠤᠮᠳᠠᠳᠤ ᠨᠡᠶᠢᠰᠯᠡᠯ ᠤᠨ ᠳ᠋ᠠᠲ᠋ᠢᠩ ᠹᠦ᠋ ︵ᠣᠳᠣ ᠶᠢᠨ ᠰᠢᠶᠠᠨ ᠤ ᠳᠣᠲᠣᠷᠠᠬᠢ ᠳ᠋ᠠᠮᠢᠩ ᠬᠤᠲᠠ︶ ᠠᠳᠡ ᠪᠠᠶᠢᠭᠤᠯᠤᠭᠳᠠᠵᠤ᠂ ︽ᠮᠢᠩᠭᠠᠨ ᠣᠨ ᠤ ᠡᠷᠲᠡᠨ ᠤ ᠨᠡᠶᠢᠰᠯᠡᠯ᠂ ᠦᠵᠡᠮᠵᠢᠲᠦ ᠰᠠᠶᠢᠬᠠᠨ ᠨᠢᠩᠴᠧᠩ︾ ᠭᠡᠰᠡᠨ ᠠᠯᠳᠠᠷᠲᠠᠢ ᠶᠤᠮ᠃ ᠪᠥᠬᠦ ᠰᠢᠶᠠᠨ ᠤ ᠶᠡᠷᠦᠩᠬᠡᠢ ᠲᠠᠯᠠᠪᠠᠶ ᠨᠢ 4305 ᠲᠡᠭᠰᠢ ᠳᠥᠷᠪᠡᠯᠵᠢᠨ ᠺᠢᠯᠣᠮᠧᠲᠷ᠂ 13 ᠪᠠᠯᠭᠠᠰᠤ᠂ 2 ᠰᠢᠶᠠᠩ᠂ 3 ᠵᠡᠭᠡᠯᠢ ᠭᠤᠳᠤᠮᠵᠢ᠂ 305 ᠵᠠᠰᠠᠭ ᠵᠠᠬᠢᠷᠭᠠᠨ ᠤ ᠲᠣᠰᠬᠤᠨ᠂ 21 ᠨᠡᠶᠢᠭᠡᠮ ᠲᠣᠭᠤᠷᠢᠭ ᠢ ᠬᠠᠷᠢᠶᠠᠯᠠᠨ᠎ᠠ᠃ ᠪᠥᠬᠦ ᠰᠢᠶᠠᠨ ᠤ ᠪᠥᠬᠦ ᠬᠥᠮᠥᠨ ᠠᠮᠠ 60.2 ᠲᠦᠮᠡ ᠪᠠᠶᠢᠵᠤ᠂ ᠡᠭᠦᠨ ᠤ ᠳᠣᠲᠣᠷ᠎ᠠ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ 8.9 ᠲᠦᠮᠡ ᠪᠠᠶᠢᠵᠤ᠂ ᠮᠣᠩᠭᠤᠯ᠂ ᠬᠢᠲᠠᠳ᠂ ᠬᠤᠲᠣᠩ᠂ ᠮᠠᠨᠵᠤ ᠵᠡᠷᠭᠡ 25 ᠦᠨᠳᠦᠰᠦᠲᠡᠨ ᠡᠨᠡ ᠬᠦ ᠬᠠᠯᠠᠭᠤᠨ ᠬᠥᠷᠥᠰᠥᠨ ᠳᠤ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠪᠠᠶᠢᠨ᠎ᠠ᠃ ᠨᠢᠩᠴᠧᠩ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠢ ᠦᠨᠳᠦᠰᠦᠲᠡᠨ ᠤ ᠪᠦᠯᠬᠦᠮᠳᠡᠯ ᠲᠠᠢ ᠨᠢᠭᠲᠠ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠦᠭᠰᠡᠨ ᠢᠶᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢᠯᠡᠳᠲᠡ ᠠᠮᠵᠢᠯᠲᠠ ᠣᠯᠵᠠᠢ᠃  ︽ᠨᠠᠮ ᠤᠨ ᠪᠠᠶᠢᠭᠤᠯᠤᠯᠲᠠ + ᠦᠨᠳᠦᠰᠦᠲᠡᠨ ᠤ ᠪᠦᠯᠬᠦᠮᠳᠡᠯ ᠳᠠᠪᠰᠢᠯᠲᠠ︾ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠢ ᠠᠬᠢᠭᠤᠯᠪᠠ᠃ ᠨᠢᠩᠴᠧᠩ ᠰᠢᠶᠠᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠶᠢ ᠰᠢᠶᠠᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠤᠨ ᠭᠤᠣᠯ ᠤᠳᠤᠷᠢᠳᠬᠤ ᠳᠤᠭᠤᠶᠢᠯᠠᠩ ᠤᠨ ᠰᠤᠷᠤᠯᠴᠠᠬᠤ ᠭᠤᠣᠯᠳᠠᠯᠭ᠎ᠠ ᠲᠠᠢ ᠠᠭᠤᠯᠭ᠎ᠠ ᠪᠠ ᠡᠯ᠎ᠡ ᠱᠠᠲᠤᠨ ᠤ ᠡᠯ᠎ᠡ ᠲᠦᠷᠦᠯ ᠤᠨ ᠪᠣᠯᠪᠠᠰᠤᠷᠠᠯ ᠤᠨ ᠵᠠᠪᠠᠯ ᠰᠤᠷᠬᠤ ᠬᠢᠴᠢᠶᠡᠯ ᠪᠣᠯᠤᠭᠰᠠᠨ ᠤ ᠬᠤᠪᠢ ᠳᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ︾ ᠠᠵᠢᠯᠯᠠᠭ᠎ᠠ ᠶᠢ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠶᠡᠬᠡᠪᠡᠷ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠲᠠᠪᠤᠨ  ᠮᠡᠳᠡᠷᠡᠬᠦᠢ︾ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠦᠵᠡᠯ ᠰᠠᠨᠠᠭᠠᠨ ᠤ ᠦᠨᠳᠦᠰᠦ ᠶᠢ ᠪᠠᠲᠤᠳᠬᠠᠬᠤ ᠶᠢ ᠠᠬᠢᠭᠤᠯᠪᠠ᠃ ᠨᠢᠩᠴᠧᠩ ᠰᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠨᠢᠩᠴᠧᠩ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠳᠠᠷᠤᠭ᠎ᠠ ᠪᠠᠷ ᠬᠤᠣᠰ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠦᠨᠳᠦᠰᠦᠲᠡᠨ ᠤ ᠬᠡᠷᠩ ᠡᠷᠬᠢᠯᠡᠬᠦ ᠵᠦᠪᠯᠡᠯ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠦᠨ ᠨᠢᠭᠡᠴᠢ ᠪᠣᠯᠭᠠᠭᠰᠠᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠵᠠᠷᠤᠳᠠᠯ ᠢ ᠰᠢᠶᠠᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠪᠠ᠃ ᠨᠢᠩᠴᠧᠩ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠨᠢᠩᠴᠧᠩ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠦᠪᠵᠢᠭᠦᠯᠭᠡ ︵2021 ︱ 2025 ᠣᠨ︶︾ ᠶᠢ ᠨᠠᠶᠢᠷᠠᠭᠤᠯᠤᠨ ᠵᠣᠬᠢᠶᠠᠪᠠ᠃ ᠨᠢᠩᠴᠧᠩ ᠰᠢᠶᠠᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ᠂ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠵᠡᠷᠭᠡ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠠᠨᠢᠯᠲᠠ ᠪᠠᠨ ᠪᠣᠳᠠᠲᠠᠶᠢᠵᠢᠭᠤᠯᠬᠤ᠂ ᠵᠣᠬᠢᠶᠠᠨ ᠪᠠᠶᠢᠭᠤᠯᠤᠯᠲᠠ ᠪᠠᠨ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠬᠤ᠂ ᠠᠵᠢᠯ ᠢᠶᠠᠨ ᠪᠣᠳᠠᠲᠠᠶᠢᠵᠢᠭᠤᠯᠬᠤ ᠶᠢ ᠦᠨᠡᠨ ᠬᠦ ᠪᠡᠶᠡᠯᠡᠭᠦᠯᠵᠦ᠂ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠪᠠ᠃ 2021 ᠣᠨ ᠳᠤ᠂ ᠨᠢᠩᠴᠧᠩ ᠰᠢᠶᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠪᠣᠯᠭᠠᠨ ᠪᠠᠶᠢᠭᠤᠯᠪᠠ᠃ ᠨᠢᠩᠴᠧᠩ ᠰᠢᠶᠠᠨ ᠡᠯ᠎ᠡ ᠰᠢᠶᠠᠩ ᠪᠠᠯᠭᠠᠰᠤ᠂ ᠰᠤᠷᠭᠠᠭᠤᠯᠢ᠂ ᠠᠵᠤ ᠠᠬᠤᠶᠢᠯᠠᠯ᠂ ᠪᠠᠶᠢᠭᠤᠯᠭ᠎ᠠ ᠵᠡᠷᠭᠡ ᠨᠢᠭᠡᠴᠢ ᠳᠤ ︽ᠮᠢᠨᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ︾ ᠤᠨ ᠲᠣᠭᠤᠷᠢᠨ ᠶᠠᠷᠢᠶ᠎ᠠ ᠲᠠᠯᠪᠢᠬᠤ ᠠᠵᠢᠯᠯᠠᠭ᠎ᠠ ᠶᠢ 350 ᠭᠠᠷᠤᠢ ᠤᠳᠠᠭ᠎ᠠ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠥᠨᠢᠷ ᠥᠳᠬᠡᠨ ᠠᠭᠤᠷ ᠠᠮᠢᠰᠬᠤᠯ ᠢ ᠪᠤᠢ ᠪᠣᠯᠭᠠᠪᠠ᠃ ᠨᠢᠩᠴᠧᠩ ᠰᠢᠶᠠᠨ ᠤ ᠬᠢᠨ ᠺᠠᠳ᠋ᠷ ᠢ ᠬᠥᠮᠥᠵᠢᠭᠦᠯᠦᠨ ᠬᠡᠷᠡᠭᠯᠡᠬᠦ᠂ ᠰᠢᠯᠢᠨ ᠰᠣᠩᠭᠤᠬᠤ ᠲᠠᠯ᠎ᠠ ᠪᠠᠷ ︽ᠵᠥᠪ ᠪᠤᠷᠤᠭᠤ ᠶᠢ ᠢᠯᠭᠠᠨ ᠲᠠᠨᠢᠬᠤ ᠵᠣᠭᠰᠣᠯᠲᠠ ᠣᠨᠴᠠᠭᠠᠢ ᠰᠡᠷᠭᠡᠭ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠠᠵᠢᠯᠯᠠᠭ᠎ᠠ ᠣᠨᠴᠠᠭᠠᠢ ᠡᠷᠡᠰ ᠪᠠᠲᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠠᠶᠢᠷᠠᠯᠠᠬᠤ ᠰᠡᠳᠬᠢᠯᠭᠡ ᠣᠨᠴᠠᠭᠠᠢ ᠦᠨᠡᠨᠴᠢ ᠪᠠᠶᠢᠬᠤ︾ ᠤᠯᠤᠰ ᠲᠦᠷᠦ ᠶᠢᠨ ᠪᠠᠷᠢᠮᠵᠢᠶ᠎ᠠ ᠶᠢ ᠲᠤᠪᠤᠶᠢᠯᠭᠠᠵᠦ᠂ ᠨᠢᠭᠡ ᠪᠦᠯᠦᠭ ᠰᠢᠯᠢᠳᠡᠭ ᠺᠠᠳ᠋ᠷ ᠢ ᠬᠥᠮᠥᠵᠢᠭᠦᠯᠵᠡᠢ᠃  ︽ᠰᠣᠶᠣᠯ + ᠦᠨᠳᠦᠰᠦᠲᠡᠨ ᠤ ᠪᠦᠯᠬᠦᠮᠳᠡᠯ ᠳᠠᠪᠰᠢᠯᠲᠠ︾ ᠪᠠᠷ ᠦᠨᠳᠦᠰᠦᠲᠡᠨ ᠤ ᠪᠦᠯᠬᠦᠮᠳᠡᠯ ᠤᠨ ᠰᠠᠭᠤᠷᠢ ᠪᠣᠯᠬᠤ ᠰᠣᠶᠣᠯ ᠤᠨ ᠬᠠᠮᠲᠤ ᠶᠢᠨ ᠲᠠᠨᠢᠯᠲᠠ ᠶᠢ ᠪᠣᠶᠢᠵᠢᠭᠤᠯᠬᠤ ᠪᠣᠯ ᠬᠠᠮᠤᠭ ᠤᠨ ᠭᠦᠨ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠪᠣᠯᠣᠨ᠎ᠠ᠃ ᠨᠢᠩᠴᠧᠩ ᠰᠢᠶᠠᠨ ᠤ ᠬᠢᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠠᠵᠠᠷ ᠣᠷᠣᠨ ᠤ ᠰᠣᠶᠣᠯ᠂ ᠦᠨᠳᠦᠰᠦᠲᠡᠨ ᠤ ᠣᠨᠴᠠᠯᠢᠭ ᠲᠠᠢ ᠣᠷᠭᠠᠨᠢᠭ ᠢᠶᠠᠷ ᠤᠶᠠᠯᠳᠤᠭᠤᠯᠵᠤ᠂ ᠯᠢᠶᠤᠤ ᠶᠢᠨ ᠳᠤᠮᠳᠠᠳᠤ ᠨᠡᠶᠢᠰᠯᠡᠯ ᠤᠨ ᠰᠣᠶᠣᠯ᠂  ᠮᠤᠷᠳᠠᠭᠤᠯ ᠤᠨ ᠮᠠᠨᠳᠠᠷᠠᠸ᠎ᠠ ᠶᠢᠨ ᠰᠣᠶᠣᠯ ᠵᠡᠷᠭᠡ ᠣᠨᠴᠠᠯᠢᠭ ᠲᠠᠢ ᠲᠡᠦᠬᠡ ᠰᠣᠶᠣᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠪᠠᠲᠤ ᠪᠠᠬᠢ ᠦᠨᠳᠦᠰᠦ ᠰᠠᠭᠤᠷᠢ ᠲᠠᠢ ᠲᠡᠦᠬᠡ ᠶᠢᠨ ᠡᠬᠢ ᠰᠤᠷᠪᠤᠯᠵᠢ ᠶᠢ ᠠᠭᠤᠳᠠᠯᠤᠭᠰᠠᠨ ᠪᠠᠶᠢᠨ᠎ᠠ᠃ ᠴᠡᠩᠭᠡᠯᠲᠡᠢ ᠶᠢᠨ ᠮᠣᠩᠭᠤᠯ ᠬᠡᠯᠡ ᠰᠣᠶᠣᠯ ᠤᠨ ᠰᠤᠳᠤᠯᠭᠠᠨ ᠤ ᠲᠥᠪ᠂ ᠦᠨᠳᠦᠰᠦᠲᠡᠨ ᠤ ᠵᠠᠩ ᠦᠢᠯᠡ ᠶᠢᠨ ᠳᠡᠯᠡᠳᠦᠭᠦᠷ ᠬᠥᠭᠵᠢᠮ ᠤᠨ ᠰᠤᠳᠤᠯᠭᠠᠨ ᠤ ᠨᠡᠶᠢᠭᠡᠮᠯᠢᠭ᠂ ᠬᠢᠳᠠᠨ ᠤ ᠣᠷᠳᠣᠨ ᠤ ᠬᠠᠳᠬᠤᠮᠠᠯ ᠵᠡᠷᠭᠡ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ  ᠶᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠭᠤᠯᠬᠤᠨ ᠢ ᠪᠠᠳᠠᠷᠠᠭᠤᠯᠤᠨ ᠳᠡᠯᠭᠡᠷᠡᠭᠦᠯᠵᠡᠢ᠃ ︽ᠨᠠᠭᠠᠳᠤᠮ︾ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠡᠷᠭᠢᠯᠡᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠪᠠ᠃ ᠤᠯᠠᠭᠠᠨᠮᠥ᠋ᠴᠢᠷ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ ᠵᠡᠷᠭᠡ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ᠂ ᠬᠤᠪᠢᠰᠬᠠᠯ ᠤᠨ ᠦᠯᠢᠭᠡᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠫᠷᠣᠭ᠍ᠷᠠᠮ ᠳᠤ ᠠᠭᠤᠰᠤᠯᠴᠠᠭᠤᠯᠵᠤ᠂ ᠤᠷᠢᠳ ᠬᠤᠵᠢᠳ ᠣᠳᠣ ᠦᠶ᠎ᠡ ᠶᠢᠨ ᠫᠢᠩᠵᠢᠦᠶ ᠵᠦᠴᠦᠭᠡ ︽ᠦᠨᠡᠨᠴᠢ ᠰᠢᠳᠤᠷᠭᠤ︾᠂ ᠳᠠᠭᠤᠤ ︽ ᠬᠤᠪᠢᠰᠬᠠᠯᠲᠦ ᠨᠢᠩᠴᠧᠩ︾ ᠵᠡᠷᠭᠡ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠤᠨ ᠲᠠᠪᠴᠠᠩ ᠪᠠᠶᠢᠭᠤᠯᠤᠨ ᠥᠭᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠤ ᠰᠣᠶᠣᠯ ᠤᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃  ︽ᠠᠵᠤ ᠦᠢᠯᠡᠰ + ᠦᠨᠳᠦᠰᠦᠲᠡᠨ ᠤ ᠪᠦᠯᠬᠦᠮᠳᠡᠯ ᠳᠠᠪᠰᠢᠯᠲᠠ︾ ᠪᠠᠷ ᠦᠨᠳᠦᠰᠦᠲᠡᠨ ᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠵᠤ᠂ ᠨᠢᠩᠴᠧᠩ ᠰᠢᠶᠠᠨ ᠤ ᠰᠢᠶᠠᠨ ᠤ ᠬᠡᠪᠴᠢᠶᠡᠨ ᠤ ᠣᠨᠴᠠᠯᠢᠭᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠶᠡᠬᠡᠪᠡᠷ ᠲᠦᠯᠬᠢᠨ  ᠠᠬᠢᠭᠤᠯᠪᠠ  ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠲᠡᠮᠡᠴᠡᠨ ᠣᠯᠵᠤ᠂ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠦᠨᠳᠦᠰᠦᠲᠡᠨ ᠤ ᠪᠦᠯᠬᠦᠮᠳᠡᠯ ᠪᠠ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠥᠬᠦᠭᠡᠷᠦᠮᠵᠢᠲᠦ ᠲᠠᠷᠢᠶᠠᠯᠠᠩ᠂ ᠤᠢ ᠵᠢᠮᠢᠰ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠭᠤᠷᠪᠠᠨ ᠶᠡᠭᠡ ᠭᠤᠣᠯᠯᠠᠬᠤ ᠠᠵᠤ ᠦᠢᠯᠡᠰ ᠢ ᠬᠥᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠭᠠᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠤᠶᠢᠯ ᠤᠨ ᠶᠡᠭᠡ ᠪᠠᠷ ᠰᠠᠶᠢᠵᠢᠷᠠᠭᠤᠯᠪᠠ᠃ ᠣᠳᠣᠬᠠᠨ ᠳᠤ᠂ ᠨᠢᠩᠴᠧᠩ ᠰᠢᠶᠠᠨ ᠤ ᠲᠥᠬᠦᠭᠡᠷᠦᠮᠵᠢᠲᠦ ᠲᠠᠷᠢᠶᠠᠯᠠᠩ ᠤᠨ ᠶᠡᠷᠦᠩᠬᠡᠢ ᠲᠠᠯᠠᠪᠠᠢ ᠨᠢᠭᠡᠨᠲᠡ 51.5 ᠲᠦᠮᠡᠨ ᠮᠦ ᠳᠤ ᠬᠦᠷᠴᠦ᠂ ᠵᠢᠮᠢᠰ ᠤᠨ ᠮᠣᠳᠣᠨ ᠤ ᠠᠵᠤ ᠠᠬᠤᠢ ᠶᠢᠨ ᠤᠢ ᠶᠢᠨ ᠲᠠᠯᠠᠪᠠᠢ 25 ᠲᠦᠮᠡᠨ ᠮᠦ ᠳᠤ ᠬᠦᠷᠴᠦ᠂ ᠠᠯᠠᠰᠢᠨ ᠦᠬᠡᠷ ᠤᠨ ᠲᠤᠭ᠎ᠠ 45 ᠲᠦᠮᠡ ᠳᠤ ᠬᠦᠷᠴᠦ᠂ ᠠᠵᠤ ᠠᠬᠤᠢ ᠶᠢᠨ ᠬᠥᠭᠵᠢᠯᠲᠡ ᠪᠣᠯᠣᠨ ᠦᠨᠳᠦᠰᠦᠲᠡᠨ ᠤ ᠪᠦᠯᠬᠦᠮᠳᠡᠯ ᠢ ᠬᠦᠴᠦᠲᠡᠢ ᠠᠬᠢᠭᠤᠯᠤᠭᠰᠠᠨ ᠪᠠᠶᠢᠨ᠎ᠠ᠃ ᠠᠵᠤ ᠦᠢᠯᠡᠰ ᠤᠨ ᠬᠥᠭᠵᠢᠯᠲᠡ ᠠᠴᠠ ᠣᠯᠣᠭᠰᠠᠨ ᠠᠰᠢᠭ ᠲᠤᠰᠠ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ ᠣᠯᠭᠤᠭᠰᠠᠨ ᠪᠥᠭᠡᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠯᠤᠲᠤ ᠶᠡᠭᠡ ᠬᠦᠴᠦᠨ ᠢ ᠮᠡᠳᠡᠷᠡᠭᠦᠯᠵᠦ᠂ ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠵᠦ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠰᠢ ᠬᠠᠮᠲᠤ ᠪᠠᠷ ᠤᠷᠤᠭᠰᠢᠯᠠᠬᠤ ᠶᠢ ᠲᠦᠯᠬᠢᠨ ᠠᠬᠢᠭᠤᠯᠤᠭᠰᠠᠨ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ  ᠲᠡᠷᠭᠡᠯᠰᠢᠭᠦᠯᠪᠡ᠃ ᠰᠢᠨ᠎ᠡ ᠠᠶᠠᠨ ᠳᠤ᠂ ᠨᠢᠩᠴᠧᠩ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠤᠬᠠᠭᠠᠨ ᠪᠣᠯᠣᠨ ᠬᠦᠴᠦᠨ ᠴᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠥᠬᠦᠷᠡᠰᠢ ᠦᠭᠡᠢ ᠲᠡᠮᠡᠴᠡᠵᠦ᠂ ᠰᠢᠨ᠎ᠡ ᠴᠠᠭ ᠦᠶ᠎ᠡ ᠶᠢᠨ ᠨᠢᠩᠴᠧᠩ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠭᠰᠡᠨ ᠪᠠᠶᠢᠨ᠎ᠠ᠃ᠢᠷᠡᠯᠲᠡ᠄ ᠳᠤᠮᠳᠠᠳᠤ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠰᠣᠨᠢᠨ
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号