| ᠨᠢᠭᠡ ᠳᠤ ᠲᠦᠭᠡᠮᠡᠯ ᠬᠠᠷᠠᠭᠠᠯᠵᠠᠯ ᠦᠵᠡᠭᠦᠯᠬᠦ ᠪᠠᠷ ᠭᠤᠣᠯ ᠰᠢᠵᠢᠮ ᠪᠣᠯᠭᠠᠵᠤ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠬᠥᠭᠵᠢᠯᠲᠡ ᠶᠢ ᠲᠦᠯᠬᠢᠨ ᠠᠬᠢᠭᠤᠯᠪᠠ᠃ ᠬᠡᠦᠬᠡᠳ ᠤᠨ ᠰᠤᠷᠭᠠᠨ ᠬᠥᠮᠦᠵᠢᠯ ᠤᠨ | ᠬᠤᠯᠪᠣᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠢᠩᠴᠧᠩ ᠰᠢᠶᠠᠨ ᠤ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠵᠢᠯᠤᠭᠤᠳᠬᠤ ᠺᠣᠮᠢᠰ ᠢ ᠪᠠᠶᠢᠭᠤᠯᠵᠤ᠂ ᠬᠦᠴᠦᠷᠬᠡᠭ ᠢᠶᠠᠷ ᠪᠠᠭᠤᠷᠠᠢ ᠶᠢ ᠲᠠᠶᠢᠴᠢᠯᠠᠨ᠂ | ᠬᠠᠮᠲᠤ ᠪᠠᠷ ᠳᠡᠭᠡᠭᠰᠢᠯᠡᠭᠦᠯᠪᠡ᠃ ᠴᠡᠴᠡᠷᠯᠢᠭ ᠪᠠᠭ᠎ᠠ ᠰᠤᠷᠭᠠᠭᠤᠯᠢ ᠶᠢ ᠵᠣᠯᠭᠠᠭᠤᠯᠬᠤ ᠶᠢ ᠡᠮᠬᠢ ᠵᠢᠷᠤᠮ ᠲᠠᠢ ᠪᠠᠷ | ᠲᠦᠯᠬᠢᠨ ᠠᠬᠢᠭᠤᠯᠵᠤ᠂ ︽ᠨᠢᠩᠴᠧᠩ ᠰᠢᠶᠠᠨ ᠤ ᠴᠡᠴᠡᠷᠯᠢᠭ ᠪᠠᠭ᠎ᠠ ᠰᠤᠷᠭᠠᠭᠤᠯᠢ ᠶᠢ ᠵᠣᠯᠭᠠᠭᠤᠯᠬᠤ ᠠᠵᠢᠯ ᠤᠨ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠤᠬᠠᠭᠤᠯᠭ᠎ᠠ ᠶᠢᠨ ᠰᠠᠷ᠎ᠠ ᠶᠢᠨ ︽ᠴᠡᠴᠡᠷᠯᠢᠭ ᠪᠠᠭ᠎ᠠ ᠰᠤᠷᠭᠠᠭᠤᠯᠢ ᠶᠢ ᠵᠣᠯᠭᠠᠭᠤᠯᠬᠤ ᠳᠤ ᠪᠢᠳᠡ ᠠᠵᠢᠯᠯᠠᠭ᠎ᠠ ᠠᠪᠴᠤ | ᠪᠠᠶᠢᠨ᠎ᠠ︾ ᠭᠡᠬᠦ ᠠᠵᠢᠯᠯᠠᠭ᠎ᠠ ᠶᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ | ᠬᠦᠷᠢᠶᠡᠯᠡᠩ ᠢ ᠦᠷᠭᠦᠯᠵᠢᠯᠡᠨ ᠪᠠᠶᠢᠭᠤᠯᠵᠤ᠂ ᠪᠥᠬᠦ ᠰᠢᠶᠠᠨ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠬᠦᠷᠢᠶᠡᠯᠡᠩ | ᠂ ᠬᠤᠲᠠ ᠶᠢᠨ ᠲᠠᠰ ᠤᠨ ᠨᠢᠭᠡᠳᠦᠭᠡᠷ ᠲᠥᠷᠥᠯ ᠤᠨ ᠬᠦᠷᠢᠶᠡᠯᠡᠩ ᠤᠨ ᠳᠠᠬᠢᠨ ᠪᠠᠶᠢᠴᠠᠭᠠᠬᠤ ᠠᠵᠢᠯ ᠢ ᠰᠠᠶᠢᠲᠤᠷ ᠬᠢᠵᠦ | ᠪᠤᠢ᠃ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ | ᠬᠤᠲᠠ ᠲᠣᠭᠤᠷᠢᠭ ᠤᠨ ᠬᠡᠦᠬᠡᠳ ᠤᠨ ᠴᠡᠴᠡᠷᠯᠢᠭ ᠤᠨ ᠢᠯᠡ ᠪᠠᠷ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ | ᠴᠢᠩᠭ᠎ᠠ ᠬᠡᠷᠡᠭᠵᠢᠭᠦᠯᠦᠨ᠂ 4 ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠵᠦ᠂ | ᠬᠤᠲᠠ ᠲᠣᠭᠤᠷᠢᠭ ᠤᠨ ᠰᠤᠷᠬᠤ ᠨᠠᠰᠤᠨ ᠤ ᠬᠡᠦᠬᠡᠳ ᠤᠨ ᠴᠡᠴᠡᠷᠯᠢᠭ ᠲᠤ ᠤᠷᠤᠬᠤ ᠳᠤ ᠬᠦᠴᠢᠷ ᠠᠰᠠᠭᠤᠳᠠᠯ ᠢ | ᠰᠢᠢᠳᠪᠤᠷᠢᠯᠡᠪᠡ᠃ | ᠬᠤᠶᠠᠷ ᠲᠤ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠪᠠᠶᠢᠯᠭᠠᠬᠤ ᠪᠠᠷ ᠭᠤᠣᠯ ᠰᠢᠵᠢᠮ ᠪᠣᠯᠭᠠᠵᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠬᠤᠲᠠ ᠬᠥᠳᠡᠭᠡ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ | ᠰᠤᠷᠭᠠᠭᠤᠯᠢ ᠡᠷᠭᠢᠯᠡᠬᠦ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠹᠦ᠋ ᠵᠢᠶᠠ ᠪᠠᠭ᠎ᠠ ᠰᠤᠷᠭᠠᠭᠤᠯᠢ ᠶᠢᠨ | ᠵᠢᠭᠠᠨ ᠰᠤᠷᠭᠠᠬᠤ ᠠᠰᠠᠷ ᠢ ᠥᠷᠭᠡᠳᠬᠡᠨ ᠪᠠᠶᠢᠭᠤᠯᠬᠤ᠂ ᠬᠤᠶᠠᠳᠤᠭᠠᠷ ᠪᠠᠭ᠎ᠠ ᠰᠤᠷᠭᠠᠭᠤᠯᠢ ᠶᠢ ᠨᠡᠭᠦᠯᠭᠡᠨ | ᠪᠠᠶᠢᠭᠤᠯᠬᠤ ᠲᠥᠷᠥᠯ ᠵᠦᠢᠯ ᠢ ᠠᠬᠢᠭᠤᠯᠵᠤ᠂ ᠲᠠᠪᠤᠳᠤᠭᠠᠷ ᠪᠠᠭ᠎ᠠ ᠰᠤᠷᠭᠠᠭᠤᠯᠢ᠂ ᠵᠢᠷᠭᠤᠳᠤᠭᠠᠷ ᠪᠠᠭ᠎ᠠ ᠰᠤᠷᠭᠠᠭᠤᠯᠢ | ᠂ ᠲᠠᠪᠤᠳᠤᠭᠠᠷ ᠳᠤᠮᠳᠠᠳᠤ ᠰᠤᠷᠭᠠᠭᠤᠯᠢ᠂ ᠵᠢᠷᠭᠤᠳᠤᠭᠠᠷ ᠳᠤᠮᠳᠠᠳᠤ ᠰᠤᠷᠭᠠᠭᠤᠯᠢ ᠵᠡᠷᠭᠡ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠲᠦᠷᠭᠡᠳᠬᠡᠨ᠂ ᠬᠤᠲᠠ | ᠪᠠᠯᠭᠠᠰᠤ ᠶᠢᠨ ᠮᠠᠷᠭᠡᠵᠢᠯ ᠤᠨ ᠴᠣᠯᠠ ᠶᠢᠨ ᠬᠠᠩᠭᠠᠯᠭ᠎ᠠ ᠶᠢ ᠡᠮᠬᠢ ᠵᠢᠷᠤᠮ ᠲᠠᠢ ᠪᠠᠷ ᠦᠷᠭᠡᠳᠭᠡᠪᠡ᠃ ︽ᠬᠤᠶᠠᠷ ᠢ | ᠬᠥᠩᠭᠡᠷᠡᠭᠦᠯᠬᠦ︾ ᠠᠵᠢᠯ ᠢ ᠦᠷᠭᠦᠯᠵᠢᠯᠡᠨ ᠲᠣᠪᠣᠶᠢᠮ᠎ᠠ ᠪᠠᠶᠢᠷᠢᠨ ᠳᠤ ᠲᠠᠯᠪᠢᠵᠤ᠂ ︽ᠳᠤᠮᠳᠠᠳᠤ ᠪᠠᠭ᠎ᠠ | ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠤᠨ ᠵᠢᠯᠤᠭᠤᠳᠬᠤ ᠰᠠᠨᠠᠯ︾ ᠢ | ᠨᠠᠶᠢᠳᠠᠪᠤᠷᠢᠵᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ | ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠵᠠᠰᠠᠯᠲᠠ᠂ ᠰᠣᠷᠣᠭᠴᠢ ᠶᠢᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠳᠠᠷᠤᠭᠠᠰᠤ ᠶᠢ ᠭᠦᠨᠵᠡᠭᠡᠶᠢᠷᠡᠭᠦᠯᠦᠨ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠠᠷᠤᠯᠭ᠎ᠠ | ᠪᠠ ᠭᠡᠷ ᠤᠨ ᠠᠬᠠᠮᠠᠳ ᠤᠨ ᠵᠣᠬᠢᠬᠤ ᠣᠶᠤᠨ ᠴᠢᠳᠠᠯ ᠤᠨ ᠳᠠᠷᠤᠭᠠᠰᠤ ᠶᠢ ᠪᠦᠲᠦᠮᠵᠢᠲᠡᠶ ᠪᠠᠷ ᠬᠦᠩᠭᠡᠷᠡᠭᠦᠯᠪᠡ᠃ | ᠭᠤᠷᠪᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠭᠤᠣᠯ ᠰᠢᠵᠢᠮ ᠪᠣᠯᠭᠠᠵᠤ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠪᠠ᠃ ︽ᠪᠥᠬᠦ | ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠭᠤᠷᠪᠠᠨ ᠲᠥᠷᠥᠯ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠪᠥᠬᠦ ᠲᠠᠯ᠎ᠠ ᠪᠠᠷ | ᠴᠢᠩᠭᠠᠳᠬᠠᠬᠤ ᠬᠡᠷᠡᠭᠵᠢᠭᠦᠯᠬᠦ ᠲᠥᠰᠥᠯ︾ ᠢ ᠨᠠᠶᠢᠳᠠᠪᠤᠷᠢᠵᠢᠭᠤᠯᠵᠤ᠂ ᠭᠤᠷᠪᠠᠨ ᠲᠥᠷᠥᠯ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠯᠠᠪᠳᠠᠭᠤᠨ ᠢᠶᠠᠷ ᠠᠬᠢᠭᠤᠯᠵᠤ᠂ ︽ᠰᠤᠷᠬᠤ ᠨᠠᠰᠤᠨ | ᠠᠴᠠ ᠡᠮᠦᠨ᠎ᠡ ᠨᠡᠶᠢᠲᠡᠯᠢᠭ ᠬᠡᠯᠡ ᠶᠢ ᠰᠤᠷᠴᠤ ᠡᠵᠡᠮᠰᠢᠬᠦ︾ ᠶᠢ ᠢᠳᠡᠪᠬᠢᠲᠡᠢ ᠠᠬᠢᠭᠤᠯᠪᠠ᠃ᠦᠨᠳᠦᠰᠦᠲᠡᠨ ᠤ | ᠰᠤᠷᠭᠠᠭᠤᠯᠢ ᠶᠢᠨ ᠳᠣᠲᠣᠭᠠᠳᠤ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠵᠢᠭᠠᠨ ᠰᠤᠳᠤᠯᠬᠤ ᠠᠵᠢᠯᠯᠠᠭ᠎ᠠ ᠶᠢ | ᠵᠢᠷᠤᠮᠵᠢᠭᠤᠯᠤᠨ᠂ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠤᠨ | ᠴᠠᠭ ᠪᠠ ᠪᠠᠭᠰᠢ ᠶᠢ ᠭᠦᠢᠴᠡᠳ ᠪᠠᠲᠤᠯᠠᠵᠤ᠂ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠲᠤᠰᠢᠶᠠᠯ | ᠬᠠᠪᠰᠤᠷᠭᠠᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠳᠤᠯᠤᠭᠴᠢ 3 ᠨᠡᠷᠡᠰ ᠲᠣᠬᠢᠷᠠᠭᠤᠯᠤᠨ᠂ ᠴᠢᠳᠠᠪᠤᠷᠢ ᠶᠢ | ᠳᠡᠭᠡᠭᠰᠢᠯᠡᠭᠦᠯᠬᠦ ᠲᠤᠰᠬᠠᠢ ᠲᠥᠷᠥᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠦᠨᠳᠦᠰᠦᠲᠡᠨ ᠤ ᠰᠤᠷᠭᠠᠨ ᠬᠥᠮᠦᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ | ᠳᠥᠷᠪᠡ ᠳᠤ ᠵᠡᠮᠳᠡᠭ ᠬᠡᠦᠬᠡᠳ ᠤᠨ ᠰᠤᠷᠭᠠᠭᠤᠯᠢ ᠳᠤ ᠣᠷᠣᠬᠤ ᠨᠣᠷᠮ᠎ᠠ ᠶᠢ ᠳᠡᠭᠡᠭᠰᠢᠯᠡᠭᠦᠯᠬᠦ ᠪᠠᠷ ᠭᠤᠣᠯ ᠰᠢᠵᠢᠮ | ᠪᠣᠯᠭᠠᠵᠤ ᠣᠨᠴᠠᠭᠠᠶ ᠰᠤᠷᠭᠠᠨ ᠬᠥᠮᠦᠵᠢᠯ ᠤᠨ ᠬᠥᠭᠵᠢᠯᠲᠡ ᠶᠢ ᠲᠦᠯᠬᠢᠨ ᠠᠬᠢᠭᠤᠯᠪᠠ᠃ ᠣᠨᠴᠠᠭᠠᠶ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ | 2023 ᠣᠨ ᠳᠤ 3683 ᠲᠡᠭᠰᠢ ᠳᠥᠷᠪᠡᠯᠵᠢᠨ ᠮᠧᠲᠷ ᠤᠨ ᠬᠢᠴᠢᠶᠡᠯ ᠬᠥᠮᠦᠵᠢᠯ ᠤᠨ ᠠᠰᠠᠷ ᠢ ᠰᠢᠨ᠎ᠡ ᠪᠠᠷ | ᠪᠠᠶᠢᠭᠤᠯᠬᠤ ᠪᠠᠷ ᠲᠥᠯᠥᠪᠯᠡᠵᠦ᠂ ᠨᠡᠶᠢᠲᠡ 1260 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ᠃ ᠰᠣᠷᠣᠭᠴᠢ | ᠪᠦᠷᠢ ᠳᠤ ᠳᠤᠮᠳᠠᠴᠢ ᠪᠠᠷ 6000 ᠲᠥᠭᠦᠷᠢᠭ ᠢᠶᠠᠷ ᠰᠠᠯᠭᠠᠨ ᠥᠭᠭᠦᠭᠰᠡᠨ ᠵᠠᠷᠤᠳᠠᠯ ᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠩ ᠤᠨ ᠰᠤᠷᠭᠠᠭᠤᠯᠢ ᠪᠣᠯᠣᠨ ᠣᠨᠴᠣᠭᠤᠢ ᠰᠤᠷᠭᠠᠨ ᠬᠥᠮᠦᠵᠢᠯ ᠤᠨ | ᠰᠤᠷᠭᠠᠭᠤᠯᠢ᠂ ᠵᠡᠮᠳᠡᠭ ᠬᠡᠦᠬᠡᠳ ᠬᠢᠭᠡᠳ ᠡᠩ ᠤᠨ ᠬᠡᠦᠬᠡᠳ ᠤᠨ ᠰᠣᠯᠢᠯᠴᠠᠨ ᠬᠥᠳᠡᠯᠦᠯᠴᠡᠬᠦ ᠠᠵᠢᠯᠯᠠᠭ᠎ᠠ ᠶᠢ | ᠥᠷᠨᠢᠭᠦᠯᠵᠦ᠂ ᠵᠡᠮᠳᠡᠭ ᠬᠡᠦᠬᠡᠳ ᠲᠤ ᠨᠠᠩ ᠣᠯᠠᠨ ᠰᠣᠯᠢᠯᠴᠠᠬᠤ᠂ ᠬᠠᠮᠲᠤᠷᠠᠯᠴᠠᠬᠤ᠂ ᠰᠤᠷᠤᠯᠴᠠᠬᠤ ᠪᠠ | ᠨᠡᠶᠢᠭᠡᠮ ᠳᠤ ᠠᠭᠤᠰᠤᠯᠴᠠᠬᠤ ᠠᠵᠠ ᠲᠣᠬᠢᠶᠠᠯ ᠢ ᠬᠠᠩᠭᠠᠵᠤ ᠪᠤᠢ᠃ | |