ᠨᠢᠩᠴᠧᠩ ᠰᠢᠶᠠᠨ ︽ᠭᠤᠷᠪᠠ ᠶᠢ ᠤᠶᠠᠯᠳᠤᠭᠤᠯᠬᠤ︾ ᠶᠢ ᠨᠢᠭᠡᠳᠦᠯᠲᠡᠢ ᠲᠥᠯᠥᠪᠯᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠥᠬᠦ ᠲᠠᠯ᠎ᠠ ᠪᠠᠷ ᠪᠠᠲᠤᠳᠬᠠᠵᠤ ᠪᠤᠢ
ᠨᠡᠶᠢᠲᠡᠯᠡᠭᠰᠡᠨ ᠴᠠᠭ᠄
2022/8/30
 ᠨᠢᠭᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ  ᠪᠠᠲᠤᠳᠬᠠᠬᠤ ᠤᠬᠠᠮᠰᠠᠷ ᠢ ᠰᠤᠷᠭᠠᠨ ᠬᠥᠮᠦᠵᠢᠯ ᠤᠨ ᠠᠵᠢᠯ ᠲᠠᠢ ᠤᠶᠠᠯᠳᠤᠭᠤᠯᠬᠤ ᠶᠢ  ᠪᠠᠷᠢᠮᠲᠠᠯᠠᠪᠠ᠃ ᠰᠢᠨ᠎ᠡ ᠴᠠᠭ ᠦᠶ᠎ᠡ ᠶᠢᠨ ᠭᠡᠷ ᠪᠦᠯᠢ᠂ ᠰᠤᠷᠭᠠᠭᠤᠯᠢ᠂ ᠨᠡᠶᠢᠭᠡᠮ᠂ ᠠᠩᠭᠢ ᠪᠣᠯᠣᠨ ᠪᠠᠭᠰᠢ ᠰᠤᠷᠤᠭᠴᠢᠳ ᠤᠨ ︽ᠳᠦᠷᠪᠡᠨ ᠬᠥᠮᠥᠨ ᠬᠤᠣᠰ ᠭᠤᠣᠯ ᠴᠣᠭᠴᠠ︾ ᠶᠢᠨ ᠶᠣᠰᠣ ᠰᠤᠷᠲᠠᠬᠤᠨ ᠤ ᠬᠥᠮᠦᠵᠢᠯ ᠤᠨ ᠢᠨᠵᠧᠨᠧᠷᠢᠩ ᠢ ᠬᠡᠷᠡᠭᠵᠢᠭᠦᠯᠵᠦ᠂ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠰᠬᠠᠢ ᠰᠡᠳᠦᠪᠲᠦ ᠬᠢᠴᠢᠶᠡᠯ ᠨᠡᠭᠡᠭᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢᠨ ᠵᠢᠯᠤᠭᠤᠳᠬᠤ ᠳᠤᠭᠤᠶᠢᠯᠠᠩ ᠪᠣᠯᠣᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠢᠴᠢᠶᠡᠯ ᠤᠨ ᠬᠤᠯᠪᠣᠭ᠎ᠠ ᠶᠢ ᠪᠠᠶᠢᠭᠤᠯᠵᠤ᠂ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠪᠠᠭᠰᠢ ᠰᠤᠷᠤᠭᠴᠢᠳ ᠤᠨ ᠲᠠᠷᠢᠬᠢ ᠲᠣᠯᠣᠭᠠᠢ ᠳᠤ ᠣᠷᠣᠭᠤᠯᠬᠤ ᠶᠢ ᠪᠡᠶᠡᠯᠡᠭᠦᠯᠪᠡ᠃ ᠬᠤᠶᠠᠷ ᠲᠤ ᠲᠤᠰᠬᠠᠢ ᠰᠡᠳᠦᠪᠲᠦ ᠬᠥᠮᠦᠵᠢᠯ ᠢ ᠡᠳᠦᠷ ᠲᠤᠳᠤᠮ ᠤᠨ ᠬᠥᠮᠦᠵᠢᠯ ᠲᠠᠢ ᠤᠶᠠᠯᠳᠤᠭᠤᠯᠬᠤ ᠶᠢ ᠪᠠᠷᠢᠮᠲᠠᠯᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠲᠤᠰᠬᠠᠢ ᠰᠡᠳᠦᠪᠲᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠤᠷᠭᠠᠭᠤᠯᠢ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠤᠬᠠᠭᠤᠯᠭ᠎ᠠ ᠶᠢᠨ ᠭᠠᠷ ᠳᠡᠪᠲᠡᠷ ᠢ 7200 ᠳᠡᠪᠲᠡᠷ ᠨᠠᠶᠢᠷᠠᠭᠤᠯᠤᠨ ᠳᠠᠷᠤᠮᠠᠯᠯᠠᠵᠤ ᠲᠠᠷᠬᠠᠭᠠᠨ᠂ ᠵᠢᠭᠠᠨ ᠰᠤᠷᠭᠠᠯᠲᠠ ᠶᠢᠨ ᠨᠠᠷᠠᠲᠤ ᠪᠠᠭᠰᠢ ᠶᠢᠨ ᠬᠢᠴᠢᠶᠡᠯ ᠢ ᠵᠣᠬᠢᠶᠠᠨ ᠪᠠᠶᠢᠭᠤᠯᠵᠤ᠂ ᠱᠦᠵᠢ ᠰᠤᠷᠭᠠᠭᠤᠯᠢ ᠶᠢᠨ ᠵᠠᠬᠢᠷᠤᠯ ᠤᠨ ︽ᠶᠡᠭᠡ ᠬᠢᠴᠢᠶᠡᠯ ᠣᠷᠣᠬᠤ᠂ ᠶᠡᠭᠡ ᠬᠠᠨᠳᠤᠰᠢ ᠶᠢ ᠶᠠᠷᠢᠬᠤ᠂ ᠶᠡᠭᠡ ᠶᠣᠰᠣ ᠶᠢ ᠤᠯᠠᠮᠵᠢᠯᠠᠬᠤ︾ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ︽ᠭᠤᠷᠪᠠᠨ ᠰᠠᠯᠵᠤ ᠴᠢᠳᠠᠬᠤ ᠦᠭᠡᠢ︾ ︽ᠲᠠᠪᠤᠨ ᠮᠡᠳᠡᠷᠡᠬᠦᠢ︾ ᠦᠵᠡᠯ ᠰᠠᠨᠠᠭ᠎ᠠ ᠶᠢ ᠪᠠᠲᠤᠳᠬᠠᠪᠠ᠃ ᠡᠳᠦᠷ ᠲᠤᠲᠤᠮ ᠤᠨ ᠠᠮᠢᠳᠤᠷᠠᠯ ᠢ ᠬᠥᠲᠥᠯᠥᠨ ᠵᠢᠯᠤᠭᠤᠳᠬᠤ ᠬᠥᠮᠦᠵᠢᠯ ᠢ ᠴᠢᠬᠤᠯᠠᠴᠢᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠷᠢ ᠳᠤ ᠣᠷᠣᠭᠤᠯᠬᠤ᠂ ᠠᠩᠭᠢ ᠳᠤ ᠣᠷᠣᠭᠤᠯᠬᠤ᠂ ᠨᠡᠶᠢᠭᠡᠮ ᠤᠨ ᠪᠦᠯᠬᠦᠮ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠰᠤᠷᠤᠭᠴᠢᠳ ᠤᠨ ᠡᠳᠦᠷ ᠲᠤᠲᠤᠮ ᠤᠨ ᠠᠮᠢᠳᠤᠷᠠᠯ ᠤᠨ ᠵᠢᠵᠢᠭ ᠰᠠᠵᠢᠭ ᠵᠦᠢᠯ ᠳᠤ ᠲᠠᠰᠤᠷᠠᠯᠲᠠ ᠦᠭᠡᠢ  ᠠᠭᠤᠰᠤᠯᠴᠠᠭᠤᠯᠪᠠ᠃  ᠭᠤᠷᠪᠠ ᠳᠤ ᠪᠠᠭᠰᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠ ᠦᠨᠡᠯᠡᠬᠦ ᠳᠦᠷᠢᠮ ᠢ ᠲᠡᠭᠦᠯᠳᠡᠷᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠪᠠ᠃ ︽ᠨᠢᠩᠴᠧᠩ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠴᠣᠭᠴᠠᠯᠠᠨ ᠪᠠᠶᠢᠭᠤᠯᠬᠤ ᠤᠬᠠᠮᠰᠠᠷ ᠤᠨ ᠪᠣᠯᠪᠠᠰᠤᠷᠠᠭᠤᠯᠤᠯ ᠬᠥᠮᠦᠵᠢᠯ ᠢ ᠥᠷᠨᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠪᠠᠭᠰᠢ ᠠᠵᠢᠯᠲᠠᠨ ᠢ ᠵᠣᠬᠢᠶᠠᠨ ᠪᠠᠶᠢᠭᠤᠯᠤᠨ ᠤᠷᠤᠨ ᠬᠤᠲᠠ ᠶᠢᠨ ᠱᠠᠲᠤᠨ ᠤ ᠲᠤᠰᠬᠠᠢ ᠰᠡᠳᠦᠪᠲᠦ ᠪᠣᠯᠪᠠᠰᠤᠷᠠᠭᠤᠯᠤᠯ ᠳᠤ 107 ᠬᠥᠮᠥᠨ ᠤᠳᠠᠭ᠎ᠠ ᠣᠷᠣᠯᠴᠠᠭᠤᠯᠵᠤ᠂ ᠰᠢᠶᠠᠨ ᠤ ᠱᠠᠲᠤᠨ ᠤ ᠲᠥᠪᠯᠡᠷᠡᠭᠦᠯᠦᠨ ᠵᠢᠱᠢᠶ᠎ᠡ ᠦᠵᠡᠭᠦᠯᠬᠦ ᠪᠣᠯᠪᠠᠰᠤᠷᠠᠭᠤᠯᠤᠯ ᠳᠤ ᠡᠯ᠎ᠡ ᠰᠤᠷᠭᠠᠭᠤᠯᠢ ︵ᠬᠡᠦᠬᠡᠳ ᠤᠨ ᠴᠡᠴᠡᠷᠯᠢᠭ᠂ ᠣᠨᠴᠠᠭᠠᠶ ᠰᠤᠷᠭᠠᠭᠤᠯᠢ︶ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ᠶᠢᠨ ᠵᠠᠬᠢᠷᠤᠯ᠂ ᠪᠥᠬᠦ ᠰᠢᠶᠠᠨ ᠤ 7 ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠤᠳᠤᠷᠢᠳᠬᠤ ᠪᠠᠭ ᠤᠨ ᠪᠦᠷᠢᠯᠳᠦᠭᠦᠨ ᠪᠠ ᠰᠤᠷᠭᠠᠨ ᠬᠥᠮᠦᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠪᠥᠬᠦ ᠺᠠᠳ᠋ᠷᠴᠤᠳ ᠢ ᠬᠠᠮᠤᠷᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠬᠤ ᠲᠠᠯ᠎ᠠ ᠶᠢᠨ ᠠᠭᠤᠯᠭ᠎ᠠ ᠶᠢ ᠰᠤᠷᠭᠠᠭᠤᠯᠢ ᠪᠠ ᠪᠠᠭᠰᠢ ᠶᠢᠨ ᠬᠢᠨᠠᠨ ᠰᠢᠯᠭᠠᠬᠤ ᠭᠦᠢᠴᠡᠳᠬᠡᠯ ᠲᠣᠭᠠᠨ ᠤ ᠰᠢᠰᠲ᠋ᠧᠮ ᠳᠤ ᠣᠷᠣᠭᠤᠯᠬᠤ ᠶᠢᠨ ᠬᠠᠮᠲᠤ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠪᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号