| 2020 ᠣᠨ ᠠᠴᠠ ᠨᠠᠰᠢ᠂ ᠨᠢᠩᠴᠧᠩ ᠰᠢᠶᠠᠨ ᠤᠯᠠᠨ ᠲᠠᠯ᠎ᠠ ᠪᠠᠷ ᠬᠦᠴᠦᠯᠡᠵᠦ᠂ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠵᠦ᠂ | ᠵᠠᠰᠠᠭ ᠤᠨ ᠣᠷᠳᠣᠨ ᠤ ᠦᠢᠯᠡᠳᠦᠯ ᠴᠢᠳᠠᠪᠬᠢ ᠶᠢ ᠲᠠᠰᠤᠷᠠᠯᠳᠡ ᠦᠭᠡᠢ ᠳᠡᠭᠡᠭᠰᠢᠯᠡᠭᠦᠯᠵᠡᠢ᠃ | ᠨᠢᠭᠡ ᠳᠤ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠶᠢ ᠯᠠᠪᠳᠠᠭᠤᠨ ᠢᠶᠠᠷ ᠲᠦᠯᠬᠢᠨ | ᠠᠬᠢᠭᠤᠯᠪᠠ᠃ ᠶᠡᠭᠡ ᠲᠢᠩᠬᠢᠮ ᠳᠤ 40 ᠰᠠᠯᠠᠭ᠎ᠠ ᠮᠥᠴᠢᠷ ᠤᠷᠤᠵᠦ ᠰᠠᠭᠤᠨ᠂ 1677 ᠵᠦᠢᠯ ᠤᠨ ᠵᠦᠢᠯᠡᠰ ᠢ | ᠭᠦᠢᠴᠳᠭᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠲᠠᠪᠴᠠᠩ ᠤᠨ ᠵᠦᠢᠯᠡᠰ ᠢ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 35 ᠰᠠᠯᠠᠭ᠎ᠠ ᠮᠥᠴᠢᠷ ᠤᠨ | 1672 ᠵᠦᠢᠯ ᠤᠨ ᠵᠦᠢᠯᠡᠰ ᠢ ᠭᠦᠢᠴᠡᠳᠬᠡᠬᠦ ᠴᠤᠪᠤᠷᠠᠯ ᠤᠨ ︽ᠳᠥᠷᠪᠡ ᠶᠢ ᠬᠠᠰᠤᠵᠤ ᠨᠢᠭᠡ ᠶᠢ ᠰᠢᠯᠢᠳᠡᠭᠵᠢᠭᠦᠯᠬᠦ︾ | ᠠᠵᠢᠯ ᠢ ᠪᠡᠶᠡᠯᠡᠭᠦᠯᠪᠡ᠃ | ᠬᠤᠶᠠᠷ ᠲᠤ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠪᠠ᠃ ᠪᠥᠬᠦ ᠰᠢᠶᠠᠨ ᠢᠶᠠᠷ ᠢᠶᠠᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢ 18᠂ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ 327 ᠪᠠᠶᠢᠭᠤᠯᠵᠤ᠂ ᠪᠠᠯᠭᠠᠰᠤ ᠬᠥᠳᠡᠭᠡ | ᠲᠣᠰᠬᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ | ᠭᠤᠷᠪᠠᠨ ᠱᠠᠲᠤ ᠶᠢ ᠨᠢᠭᠡ ᠴᠣᠭᠴᠠᠵᠢᠭᠤᠯᠤᠭᠰᠠᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠶᠠᠪᠤᠳᠠᠯ ᠢ | 110 ᠡᠮᠬᠢᠯᠡᠨ ᠳᠢᠭᠯᠡᠵᠦ᠂ 99 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠠᠤᠯᠢ ᠬᠡᠷᠡᠭᠵᠢᠭᠦᠯᠬᠦ | ᠬᠢᠨᠠᠯᠲᠠ ᠬᠠᠮᠢᠶᠠᠷᠤᠯᠲᠠ ᠶᠢᠨ ᠶᠠᠪᠤᠳᠠᠯ ᠢ ᠰᠢᠶᠠᠩ ᠪᠠᠯᠭᠠᠰᠤᠨ ᠳᠤ ᠪᠠᠭᠤᠯᠭᠠᠬᠤ ᠶᠢ ᠲᠦᠯᠬᠢᠨ ᠠᠬᠢᠭᠤᠯᠪᠠ᠃ | ᠭᠤᠷᠪᠠ ᠳᠤ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠲᠠᠰᠤᠷᠠᠯᠳᠠ ᠦᠭᠡᠢ | ᠭᠦᠨᠵᠡᠭᠡᠶᠢᠷᠡᠭᠦᠯᠪᠡ᠃ ᠲᠥᠪ ᠤᠨ ᠪᠠ ᠣᠷᠣᠨ ᠨᠤᠲᠤᠭ ᠤᠨ ᠲᠣᠭᠲᠠᠭᠠᠭᠰᠠᠨ ᠠᠵᠤ ᠠᠬᠤᠶᠢᠯᠠᠯ ᠤᠨ | ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠤᠨ ᠥᠭᠡᠷᠡᠴᠢᠯᠡᠯᠲᠡ ᠶᠢᠨ 72 ᠵᠦᠢᠯ ᠢ ᠪᠡᠶᠡᠯᠡᠭᠦᠯᠵᠦ᠂ | ᠬᠢᠨᠠᠨ ᠵᠥᠪᠰᠢᠶᠡᠷᠡᠬᠦ ᠴᠠᠭ ᠢ ᠳᠤᠮᠳᠠᠴᠢ ᠪᠠᠷ 1/3 ᠪᠠᠷ ᠪᠣᠭᠤᠨᠢᠰᠬᠠᠵᠤ᠂ ᠠᠵᠤ ᠠᠬᠤᠶᠢᠯᠠᠯ ᠢ ᠪᠠᠶᠢᠭᠤᠯᠤᠨ | ᠡᠷᠬᠢᠯᠡᠬᠦ ᠶᠢ 1 ᠠᠵᠢᠯᠯᠠᠬᠤ ᠡᠳᠦᠷ ᠤᠨ ᠳᠣᠲᠣᠷ᠎ᠠ ᠪᠠᠭᠠᠰᠬᠠᠵᠤ᠂ ᠳᠠᠩᠰᠠᠯᠠᠭᠤᠯᠤᠭᠰᠠᠨ ᠵᠦᠢᠯᠡᠰ ᠢ ᠪᠦᠬᠦᠨ ᠢ ᠲᠡᠷᠡ | ᠳᠠᠷᠤᠢ ᠳᠤᠨᠢ ᠰᠢᠢᠳᠪᠦᠷᠢᠯᠡᠵᠦ ᠳᠠᠭᠤᠰᠬᠠᠪᠠ᠃ | ᠳᠥᠷᠪᠡ ᠳᠤ᠂ ︽ᠮᠥᠩᠬᠡ ᠰᠤᠪᠠᠭ · ᠳᠥᠷᠪᠡ ᠶᠢ ᠭᠦᠢᠴᠡᠳᠭᠡᠬᠦ︾ ᠦᠢᠯᠡᠴᠢᠯᠡᠭᠡᠨ ᠤ ᠵᠠᠭᠪᠤᠷ ᠢ ᠪᠠᠬᠢᠵᠢᠭᠦᠯᠪᠡ᠃ | ︽ᠨᠢᠭᠡ ᠰᠦᠯᠵᠢᠶ᠎ᠡ ᠪᠠᠷ ᠭᠦᠢᠴᠡᠳᠭᠡᠬᠦ︾ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ | ᠂ 129 ᠵᠦᠢᠯ ᠤᠨ ᠵᠦᠢᠯᠡᠰ ᠲᠤ ︽ᠨᠢᠭᠡ ᠯᠡ ᠤᠳᠠᠭ᠎ᠠ ᠳᠤ ᠭᠦᠢᠴᠡᠳᠭᠡᠬᠦ︾ ᠬᠤᠷᠠᠮᠠᠯ ᠦᠢᠯᠡᠴᠢᠯᠡᠭᠡ ᠶᠢ | ᠪᠡᠶᠡᠯᠡᠭᠦᠯᠵᠦ᠂ ︽ᠮᠥᠩᠬᠡ ᠰᠤᠪᠠᠭ︾ ᠤᠨ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽ᠨᠢᠭᠡ | ᠥᠷᠲᠡᠭᠡ ᠮᠠᠶ᠋ᠢᠭ︾ ᠤᠨ ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠬᠦ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠦᠢᠯᠡᠳᠦᠯ ᠢ ᠲᠣᠪᠣᠶᠢᠮ᠎ᠠ ᠪᠣᠯᠭᠠᠵᠤ᠂ ︽ᠶᠡᠷᠦᠩᠬᠡᠶᠢᠯᠡᠭᠰᠡᠨ ᠴᠣᠩᠬᠤ︾ | ᠶᠢᠨ ᠦᠢᠯᠡᠴᠢᠯᠡᠭᠡᠨ ᠤ ᠵᠠᠭᠪᠤᠷ ᠢ ᠤᠯᠠᠮ ᠨᠢᠭᠡ ᠠᠯᠬᠤᠮ ᠥᠷᠭᠡᠳᠬᠡᠪᠡ᠃ | ᠲᠠᠪᠤ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠵᠥᠪᠰᠢᠶᠡᠷᠡᠯ ᠪᠠ ᠬᠢᠨᠠᠨ ᠵᠥᠪᠰᠢᠶᠡᠷᠡᠯ ᠢ | ᠰᠢᠯᠢᠳᠡᠭᠵᠢᠭᠦᠯᠪᠡ᠃ ᠲᠤᠰᠬᠠᠢ ᠣᠷᠣᠨ ᠭᠠᠷᠭᠠᠵᠤ᠂ ︽ᠶᠡᠷᠦᠩᠬᠡᠶᠢᠯᠡᠭᠰᠡᠨ ᠴᠣᠩᠬᠤ︾ ᠪᠠᠷ ᠭᠥᠯᠢᠶᠡᠨ ᠠᠪᠴᠤ | ᠰᠢᠢᠳᠪᠦᠷᠢᠯᠡᠬᠦ ᠶᠢ ᠬᠡᠷᠡᠭᠵᠢᠭᠦᠯᠦᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ 7 ᠶᠡᠭᠡ ᠲᠥᠷᠥᠯ ᠤᠨ ᠬᠢᠨᠠᠨ | ᠵᠥᠪᠰᠢᠶᠡᠷᠡᠬᠦ ᠵᠦᠢᠯᠡᠰ ᠤᠨ ᠴᠤᠪᠤᠷᠠᠯ ᠤᠨ ᠴᠠᠭ ᠤᠨ ᠬᠢᠵᠠᠭᠠᠷ ᠢ 120 ᠠᠵᠢᠯᠯᠠᠬᠤ ᠡᠳᠦᠷ ᠪᠠᠶᠢᠭᠰᠠᠨ ᠠᠴᠠ 12 | ︱ 77 ᠡᠳᠦᠷ ᠪᠣᠯᠭᠠᠨ ᠪᠠᠭᠠᠰᠬᠠᠪᠠ᠃ | ᠵᠢᠷᠭᠤᠭ᠎ᠠ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠠᠯᠤᠰ ᠠᠴᠠ ᠣᠨᠳᠣᠣ ᠭᠠᠵᠠᠷ ᠲᠤ | ᠳᠠᠭᠠᠭᠠᠴᠢᠯᠠᠯᠲᠠ ᠦᠨᠡᠯᠡᠬᠦ ᠶᠢ ᠠᠬᠢᠭᠤᠯᠪᠠ᠃ ᠬᠤᠲᠠ᠂ ᠰᠢᠶᠠᠨ ᠤ ᠬᠤᠭᠤᠷᠣᠨᠳᠣᠬᠢ ᠠᠯᠤᠰ ᠠᠴᠠ ᠣᠨᠳᠣᠣ | ᠭᠠᠵᠠᠷ ᠤᠨ ᠲᠤᠰᠬᠠᠢ ᠮᠡᠷᠭᠡᠵᠢᠯᠲᠡᠨ ᠤ ᠳᠠᠭᠠᠭᠠᠴᠢᠯᠠᠯᠲᠠ ᠦᠨᠡᠯᠡᠬᠦ ᠰᠢᠰᠲ᠋ᠧᠮ ᠲᠠᠢ ᠬᠤᠯᠪᠣᠭᠠᠯᠠᠵᠤ᠂ | ᠡᠯᠧᠺᠲᠷᠣᠨ ᠢᠶᠠᠷ ᠳᠠᠭᠠᠭᠠᠴᠢᠯᠠᠯᠲᠠ ᠨᠡᠶᠢᠲᠡᠯᠡᠬᠦ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠪᠡ᠃ | ᠲᠤᠯᠤᠭ᠎ᠠ ᠳᠤ ︽ᠬᠤᠶᠠᠷ ᠢ ᠰᠤᠭᠤᠴᠢᠵᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ | ᠭᠦᠨᠵᠡᠭᠡᠶᠢᠷᠡᠭᠦᠯᠪᠡ᠃ 33 ᠰᠠᠯᠠᠭ᠎ᠠ ᠮᠥᠴᠢᠷ ᠨᠢ ᠬᠡᠷᠡᠭᠯᠡᠭᠡᠨ ᠤ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢ | ᠨᠡᠭᠡᠭᠡᠵᠦ᠂ 22 ᠰᠠᠯᠠᠭ᠎ᠠ ᠮᠥᠴᠢᠷ ︽ᠨᠢᠭᠡ ᠬᠠᠭᠤᠳᠠᠰᠤ ᠬᠤᠶᠠᠷ ᠬᠥᠮᠥᠷᠭᠡ︾ ᠶᠢ ᠲᠣᠭᠲᠠᠭᠠᠵᠤ᠂ ᠰᠠᠯᠠᠭ᠎ᠠ | ᠮᠥᠴᠢᠷ ᠠᠯᠤᠰᠯᠠᠨ ᠬᠠᠮᠲᠤᠷᠠᠨ ᠪᠠᠶᠢᠴᠠᠭᠠᠬᠤ ᠶᠢ ᠬᠡᠷᠡᠭᠵᠢᠭᠦᠯᠪᠡ᠃ |