| ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠬᠦᠷᠢᠶᠡᠨ ᠤ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠨᠥᠬᠦᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠪᠦᠲᠦᠮᠵᠢᠲᠡᠢ | ᠵᠣᠯᠭᠠᠭᠤᠯᠬᠤ ᠶᠢ ᠠᠬᠢᠭᠤᠯᠬᠤ ᠶᠢᠨ ᠲᠥᠯᠥᠭᠡ᠂ ᠨᠢᠩᠴᠧᠩ ᠰᠢᠶᠠᠨ 2022 ᠣᠨ ᠳᠤ ᠳ᠋ᠢᠶᠠᠨᠽᠢ ᠶᠢᠨ | ᠤᠰᠤᠯᠠᠯᠲᠠ ᠶᠢᠨ ᠣᠷᠣᠨ ᠤ ᠢᠦᠢ ᠱᠦ ᠯᠢᠨ ᠽᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠪᠡ᠃ | ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 682 ᠲᠦᠮᠡᠨ ᠲᠥᠭᠦᠷᠢᠭ ᠲᠤ ᠬᠦᠷᠴᠦ᠂ ︽ᠬᠥᠳᠡᠭᠡ | ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ + | ᠬᠥᠳᠡᠯᠮᠦᠷᠢ ᠦᠢᠯᠡᠴᠢᠯᠡᠭᠡᠨ ᠤ ᠬᠠᠷᠠᠮᠵᠢ ᠣᠯᠭᠤᠬᠤ + ᠠᠵᠢᠯ ᠣᠯᠭᠤᠯᠲᠠ ᠶᠢᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ + ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠣᠬᠢᠷᠠᠭᠤᠯᠤᠯᠲᠠ︾ ᠶᠢᠨ | ᠳᠥᠷᠪᠡ ᠶᠢ ᠨᠢᠭᠡ ᠴᠣᠭᠴᠠᠵᠢᠭᠤᠯᠤᠨ ᠲᠡᠳᠬᠦᠬᠦ ᠵᠠᠭᠪᠤᠷ ᠢ ᠬᠡᠷᠡᠭᠯᠡᠨ᠂ ᠣᠷᠳᠣ ᠨᠢ 220 ᠮᠧᠲᠷ᠂ ᠥᠷᠭᠡᠨ ᠨᠢ 3 | ᠮᠧᠲᠷ ᠤᠨ ᠬᠦᠦᠷᠯᠢᠭ ᠰᠤᠪᠠᠭ ᠢ ᠪᠠᠶᠢᠭᠤᠯᠤᠨ᠎ᠠ᠃ ᠣᠲᠣ ᠪᠣᠯᠲᠠᠯ᠎ᠠ᠂ 450 ᠭᠠᠷᠤᠢ ᠲᠦᠮᠡᠨ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠵᠦ᠂ 22 ᠪᠧᠲ᠋ᠤᠨ ᠤ ᠰᠠᠭᠤᠷᠢ ᠲᠤᠯᠭᠠᠭᠤᠷᠢ ᠶᠢᠨ ᠪᠠᠷᠢᠯᠭ᠎ᠠ ᠶᠢ ᠳᠠᠭᠤᠰᠬᠠᠵᠤ᠂ | 12 ᠦᠷᠦᠭᠡ ᠶᠢᠨ ᠵᠢᠶᠠᠰᠠ ᠶᠢ ᠪᠠᠷᠢᠯᠭ᠎ᠠ ᠡᠬᠢᠯᠡᠭᠦᠯᠵᠦ᠂ ᠪᠥᠬᠦ ᠪᠠᠷᠢᠯᠭ᠎ᠠ ᠶᠢᠨ ᠬᠡᠮᠵᠢᠶ᠎ᠡ ᠶᠢᠨ 70% ᠶᠢ | ᠪᠡᠶᠡᠯᠡᠭᠦᠯᠵᠦ᠂ ᠵᠢᠱᠢᠯᠲᠡ ᠪᠠᠷ 10 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠲᠠᠭᠤᠰᠤᠨ᠎ᠠ᠃ ᠨᠢᠩᠴᠧᠩ ᠰᠢᠶᠠᠨ︽ | ᠲᠣᠭᠲᠠᠴᠠ ᠶᠢ ᠪᠠᠶᠢᠭᠤᠯᠬᠤ᠂ ᠠᠵᠢᠯ ᠣᠯᠭᠤᠯᠲᠠ ᠶᠢ ᠠᠬᠢᠭᠤᠯᠬᠤ᠂ ᠪᠣᠯᠪᠠᠰᠤᠷᠠᠯ ᠢ ᠠᠳᠬᠤᠬᠤ᠂ ᠬᠥᠯᠥᠰᠦ | ᠣᠯᠭᠤᠮᠵᠢ ᠥᠭᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ 5 ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ | ᠂ ︽ᠲᠠᠪᠤᠨ ᠨᠡᠮᠡᠬᠦ ᠠᠷᠭ᠎ᠠ︾ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠪᠠ᠃ | ᠨᠢᠭᠡ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ + ᠲᠣᠭᠲᠠᠴᠠ︾᠂ ᠵᠢᠷᠤᠮᠵᠢᠭᠤᠯᠤᠨ | ᠬᠡᠷᠡᠭᠵᠢᠭᠦᠯᠬᠦ ᠶᠢ ᠪᠠᠲᠤᠯᠠᠪᠠ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠢ | ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ︽ᠲᠡᠳᠬᠦᠬᠦ︾ ᠶᠢᠨ ᠦᠢᠯᠡᠳᠦᠯ ᠢ ᠳᠣᠪᠤᠶᠢᠯᠭᠠᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠨᠢᠩᠴᠧᠩ ᠰᠢᠶᠠᠨ ᠲᠠᠷᠢᠶᠠᠯᠠᠩ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠠᠵᠢᠯ | ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢ ᠢᠳᠡᠪᠬᠢᠲᠡᠢ ᠳᠡᠯᠭᠡᠷᠡᠭᠦᠯᠬᠦ 8 ᠰᠠᠯᠠᠭ᠎ᠠ | ᠮᠥᠴᠢᠷ ᠤᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠭᠰᠠᠨ ᠪᠥᠭᠡᠳ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠵᠢᠯ ᠤᠨ ᠲᠥᠰᠥᠯ︾ ᠢ | ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠨᠢᠩᠴᠧᠩ ᠰᠢᠶᠠᠨ ᠤ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ | ᠠᠵᠢᠯ ᠤᠨ ᠲᠥᠰᠥᠯ︾ ᠢ ᠨᠠᠶᠢᠷᠠᠭᠤᠯᠤᠨ ᠵᠣᠬᠢᠶᠠᠵᠤ᠂ ᠵᠦᠢᠯᠡᠰ ᠤᠨ ᠤᠷᠤᠭᠰᠢᠲᠠᠢ ᠶᠠᠪᠤᠭᠳᠠᠬᠤ ᠶᠢ ᠬᠠᠮᠠᠭᠠᠯᠠᠵᠤ | ᠥᠭᠭᠦᠭᠰᠡᠨ ᠪᠠᠶᠢᠨ᠎ᠠ᠃ | ᠬᠤᠶᠠᠷ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ + ᠠᠵᠢᠯ ᠣᠯᠭᠤᠵᠤ︾᠂ ᠣᠷᠣᠯᠭ᠎ᠠ ᠪᠠᠨ | ᠨᠡᠮᠡᠭᠳᠡᠭᠦᠯᠬᠦ ᠠᠷᠭ᠎ᠠ ᠵᠠᠮ ᠢ ᠦᠷᠭᠡᠳᠭᠡᠪᠡ᠃ ᠲᠦᠷᠦᠯ ᠵᠦᠢᠯ ᠤᠨ ᠲᠣᠭᠤᠷᠢᠭ ᠤᠨ ᠡᠷᠬᠢᠨ ᠲᠣᠭᠤᠷᠢᠨ ᠤ ᠼᠦᠩ | ᠵᠠᠩ ᠽᠢ ᠲᠣᠰᠬᠤᠨ᠂ ᠳ᠋ᠦᠩ ᠸᠠ ᠽᠢ ᠲᠣᠰᠬᠤᠨ᠂ ᠳ᠋ᠠ ᠢᠦᠢ ᠱᠦ ᠯᠢᠨ ᠽᠢ ᠲᠣᠰᠬᠤᠨ᠂ ᠰᠢᠶᠣᠣ ᠢᠦᠢ ᠱᠦ ᠯᠢᠨ | ᠽᠢ ᠲᠣᠰᠬᠤᠨ᠂ ᠰᠢ ᠵᠢᠶᠠᠨ ᠲᠣᠰᠬᠤᠨ ᠵᠡᠷᠭᠡ 5 ᠵᠠᠰᠠᠭ ᠵᠠᠬᠢᠷᠭᠠᠨ ᠤ ᠲᠣᠰᠬᠤᠨ ᠪᠣᠯᠣᠨ ᠮᠠᠩᠨᠤᠳ ᠪᠠᠯᠭᠠᠰᠤᠨ ᠤ | ᠳ᠋ᠦᠩ ᠸᠠ ᠽᠢ ᠲᠣᠰᠬᠤᠨ᠂ ᠵᠠᠯᠠᠨ ᠠᠶᠢᠯ ᠵᠡᠷᠭᠡ 2 ᠲᠥᠪᠯᠡᠷᠡᠭᠦᠯᠦᠨ ᠲᠥᠪᠬᠢᠨᠡᠭᠦᠯᠬᠦ ᠭᠠᠵᠠᠷ ᠲᠤ ᠪᠠᠶᠢᠴᠠᠭᠠᠯᠲᠠ | ᠬᠢᠵᠦ ᠰᠤᠷᠪᠤᠯᠵᠢᠯᠠᠬᠤ ᠪᠠᠷ ᠲᠠᠮᠵᠢᠨ᠂ ᠬᠥᠯᠥᠰᠦᠨ ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠨ᠂ | ᠲᠥᠷᠥᠯ ᠵᠦᠢᠯ ᠤᠨ ᠲᠣᠭᠤᠷᠢᠭ ᠤᠨ ᠡᠷᠭᠢᠨ ᠲᠣᠭᠤᠷᠢᠨ ᠳᠤ ᠣᠷᠣᠯᠭ᠎ᠠ ᠪᠠᠭᠠᠲᠠᠢ ᠬᠥᠮᠥᠨ ᠠᠮᠠ 32 ᠪᠠᠶᠢᠵᠤ᠂ | ᠣᠨᠳᠣᠣ ᠭᠠᠵᠠᠷ ᠲᠤ ᠨᠡᠭᠦᠯᠭᠡᠭᠰᠡᠨ ᠬᠥᠳᠡᠯᠮᠦᠷᠢ ᠬᠦᠴᠦᠨ ᠤ ᠬᠥᠮᠥᠨ ᠠᠮᠠ 105 ᠪᠠᠶᠢᠵᠤ᠂ ᠬᠢᠵᠢᠭ ᠤᠨ | ᠨᠥᠯᠥᠭᠡ ᠠᠴᠠ ᠪᠣᠯᠵᠤ ᠭᠡᠷ ᠲᠡᠭᠡᠨ ᠬᠤᠴᠣᠷᠤᠭᠰᠠᠨ ᠬᠥᠮᠥᠨ 106 ᠪᠠᠶᠢᠬᠤ ᠶᠢ ᠪᠦᠷᠢᠳᠭᠡᠪᠡ᠃ 80 ᠭᠠᠷᠤᠢ | ᠬᠥᠮᠥᠨ ︵ᠡᠭᠦᠨ ᠤ ᠳᠣᠲᠣᠷ᠎ᠠ ᠨᠡᠭᠦᠯᠭᠡᠭᠰᠡᠨ ᠤᠯᠠᠨ ᠲᠦᠮᠡᠨ 30 ᠬᠥᠮᠥᠨ ᠪᠤᠢ︶ ᠨᠢ ᠠᠵᠢᠯ ᠬᠢᠬᠦ ᠬᠦᠰᠡᠯ ᠲᠠᠢ | ᠪᠠᠶᠢᠵᠤ᠂ ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠣᠯᠣᠨ ᠪᠠᠷᠢᠯᠭ᠎ᠠ ᠶᠢᠨ ᠨᠢᠭᠡᠴᠢ ᠨᠢ | ᠬᠥᠳᠡᠯᠮᠦᠷᠢ ᠦᠢᠯᠡᠴᠢᠯᠡᠭᠡᠨ ᠤ ᠮᠡᠳᠡᠭᠡ ᠵᠠᠩᠭᠢ ᠶᠢ ᠨᠡᠪᠲᠡᠷᠡᠯᠴᠡᠬᠦ ᠲᠣᠭᠲᠠᠴᠠ ᠪᠠᠷ ᠳᠠᠮᠵᠢᠨ᠂ ᠪᠠᠷᠢᠯᠭ᠎ᠠ ᠶᠢᠨ | ᠠᠵᠢᠯᠴᠢᠨ ᠬᠡᠷᠡᠭᠯᠡᠬᠦ ᠬᠡᠷᠡᠭᠴᠡᠭᠡ ᠲᠠᠢ ᠪᠠᠨ ᠤᠶᠠᠯᠳᠤᠭᠤᠯᠤᠨ᠂ ᠡᠳᠡᠭᠡᠷ 80 ᠭᠠᠷᠤᠢ ᠬᠥᠮᠥᠨ ᠢ ᠴᠠᠭ ᠲᠤᠨᠢ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠶᠢᠨ ᠬᠠᠮᠲᠤ ᠪᠠᠷᠢᠯᠭ᠎ᠠ ᠶᠢᠨ ᠠᠵᠢᠯ ᠳᠤ 2 | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠨᠡᠮᠡᠨ ᠭᠠᠷᠭᠠᠵᠤ᠂ ᠲᠡᠳᠡᠨ ᠤ ᠣᠷᠣᠯᠭ᠎ᠠ ᠪᠠᠨ | ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠣᠶᠢᠷ᠎ᠠ ᠬᠠᠪᠢ ᠳᠠᠭᠠᠨ | ᠲᠤᠬᠠᠢ ᠶᠢᠨ ᠭᠠᠵᠠᠷ ᠲᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠬᠦᠰᠡᠯ ᠢ ᠪᠡᠶᠡᠯᠡᠭᠦᠯᠪᠡ᠃ | ᠭᠤᠷᠪᠠ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ+ ᠪᠤᠯᠪᠠᠰᠤᠷᠠᠯ ᠬᠦᠷᠲᠡᠭᠡᠬᠦ︾᠂ ᠠᠵᠢᠯ | ᠣᠯᠭᠤᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠪᠡ᠃ ᠲᠥᠷᠥᠯ ᠵᠦᠢᠯ ᠳᠤ ᠬᠡᠷᠡᠭ ᠤᠨ ᠵᠢᠱᠢᠶ᠎ᠡ ᠪᠠᠷ ᠵᠢᠭᠠᠨ | ᠰᠤᠷᠭᠠᠬᠤ᠂ ᠢᠨᠵᠧᠨᠧᠷᠢᠩ ᠤᠨ ᠦᠢᠯᠡᠳᠦᠯᠭᠡ ᠶᠢ ᠬᠠᠷᠢᠯᠴᠠᠨ ᠤᠶᠠᠯᠳᠤᠭᠤᠯᠬᠤ ᠵᠠᠭᠪᠤᠷ ᠢ ᠠᠪᠴᠤ᠂ | ᠲᠥᠪᠯᠡᠷᠡᠭᠦᠯᠦᠨ ᠪᠣᠯᠪᠠᠰᠤᠷᠠᠭᠤᠯᠬᠤ ᠶᠢ ᠢᠳᠡᠪᠬᠢᠲᠡᠢ ᠦᠷᠨᠢᠭᠦᠯᠪᠡ᠃ ᠣᠲᠣ ᠪᠣᠯᠲᠠᠯ᠎ᠠ᠂ ᠠᠵᠢᠯ ᠬᠥᠳᠡᠯᠮᠦᠷᠢ ᠬᠢᠵᠦ | ᠪᠠᠶᠢᠭ᠎ᠠ ᠣᠯᠠᠨ ᠲᠦᠮᠡᠨ ᠢ ᠨᠢᠭᠡᠨᠲᠡ 160 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠤ᠂ ᠲᠣᠰ ᠲᠣᠰ ᠪᠠᠷᠢᠯᠭ᠎ᠠ | ᠪᠠᠷᠢᠬᠤ ᠠᠴᠠ ᠡᠮᠦᠨᠡᠬᠢ ᠠᠵᠢᠯ ᠮᠡᠷᠭᠡᠵᠢᠯ ᠤᠨ ᠤᠷ᠎ᠠ ᠴᠢᠳᠠᠪᠤᠷᠢ᠂ ᠪᠠᠷᠢᠯᠭ᠎ᠠ ᠪᠠᠷᠢᠬᠤ ᠮᠡᠷᠭᠡᠵᠢᠯ᠂ ᠵᠠᠮ ᠰᠤᠪᠠᠭ ᠢ | ᠠᠷᠠᠴᠢᠯᠠᠨ ᠬᠠᠮᠠᠭᠠᠯᠠᠬᠤ ᠦᠨᠳᠦᠰᠦᠨ ᠮᠡᠳᠡᠯᠭᠡ ᠶᠢᠨ ᠲᠠᠯ᠎ᠠ ᠪᠠᠷ ᠤᠷ᠎ᠠ ᠴᠢᠳᠠᠪᠤᠷᠢ ᠶᠢᠨ ᠪᠤᠯᠪᠠᠰᠤᠷᠠᠯ ᠥᠷᠨᠢᠭᠦᠯᠵᠦ᠂ | ᠠᠵᠢᠯ ᠬᠥᠳᠡᠯᠮᠦᠷᠢ ᠬᠢᠵᠦ ᠪᠠᠶᠢᠭ᠎ᠠ ᠣᠯᠠᠨ ᠲᠦᠮᠡᠨ ᠨᠢᠭᠡᠪᠦᠷᠢ ᠳᠤ ᠨᠢᠭᠡ ᠵᠦᠢᠯ ᠤᠨ ᠮᠡᠷᠭᠡᠵᠢᠯ ᠡᠵᠡᠮᠰᠢᠭᠦᠯᠬᠦ ᠶᠢ | ᠦᠨᠡᠨ ᠬᠦ ᠪᠠᠲᠤᠯᠠᠵᠤ᠂ ᠰᠢᠯᠵᠢᠭᠦᠯᠵᠦ ᠠᠵᠢᠯ ᠤᠯᠭᠤᠬᠤ ᠶᠢ ᠠᠬᠢᠭᠤᠯᠤᠨ᠂ ᠠᠵᠢᠯ ᠣᠯᠬᠤ ᠴᠢᠳᠠᠪᠤᠷᠢ ᠪᠠ ᠤᠷ᠎ᠠ | ᠴᠢᠳᠠᠪᠤᠷᠢ ᠶᠢ ᠡᠵᠡᠮᠰᠢᠭᠦᠯᠪᠡ᠃ | ᠳᠥᠷᠪᠡ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ + ᠬᠥᠯᠥᠰᠦ ᠣᠯᠭᠤᠮᠵᠢ︾ ᠶᠢ | ᠬᠡᠷᠡᠭᠵᠢᠭᠦᠯᠵᠦ᠂ ᠠᠵᠢᠯ ᠬᠥᠳᠡᠯᠮᠦᠷᠢ ᠬᠢᠬᠦ ᠣᠷᠣᠯᠭ᠎ᠠ ᠶᠢ ᠨᠡᠮᠡᠭᠳᠡᠭᠦᠯᠪᠡ᠃ ᠪᠠᠷᠢᠯᠭ᠎ᠠ ᠶᠢᠨ ᠲᠦᠷᠦᠯ ᠵᠤᠶᠢᠯ ᠤᠨ | ᠪᠠᠷᠢᠯᠭ᠎ᠠ ᠶᠢᠨ ᠨᠢᠭᠡᠴᠢ ᠨᠢ ᠬᠥᠯᠥᠰᠦᠨ ᠠᠵᠢᠯ ᠬᠢᠵᠦ ᠪᠠᠶᠢᠭ᠎ᠠ ᠤᠯᠠᠨ ᠲᠦᠮᠡᠨ ᠲᠠᠢ ︽ᠬᠥᠳᠡᠯᠮᠦᠷᠢ | ᠦᠢᠯᠡᠴᠢᠯᠡᠭᠡᠨ ᠤ ᠠᠵᠢᠯᠴᠢᠨ ᠬᠡᠷᠡᠭᠯᠡᠬᠦ ᠬᠡᠯᠡᠯᠴᠡᠭᠡᠷ︾ ᠢ ᠲᠣᠭᠲᠠᠭᠠᠵᠤ᠂ ᠬᠥᠯᠥᠰᠦ ᠣᠯᠭᠤᠮᠵᠢ ᠶᠢ ᠪᠤᠳᠤᠬᠤ ᠠᠷᠭ᠎ᠠ | ᠮᠠᠶ᠋ᠢᠭ ᠪᠠ ᠣᠯᠭᠤᠬᠤ ᠴᠠᠭ ᠢ ᠲᠣᠳᠣᠷᠬᠠᠶᠢᠯᠠᠵᠤ᠂ ᠪᠠᠷᠢᠯᠭ᠎ᠠ ᠶᠢᠨ ᠨᠢᠭᠡᠴᠢ ᠠᠴᠠ ᠴᠠᠯᠢᠩ ᠣᠯᠭᠤᠬᠤ | ᠬᠦᠰᠦᠨᠦᠭᠲᠦ ᠶᠢ ᠲᠣᠭᠲᠠᠭᠠᠵᠤ᠂ ᠰᠢᠶᠠᠨ᠂ ᠪᠠᠯᠭᠠᠰᠤ᠂ ᠭᠠᠴᠠᠭ᠎ᠠ ᠭᠤᠷᠪᠠᠨ ᠱᠠᠲᠤᠨ ᠠᠴᠠ ᠣᠯᠭᠤᠬᠤ ᠡᠬᠡ | ᠲᠠᠩᠰᠠ ᠶᠢ ᠱᠠᠲᠤ ᠳᠠᠷᠠᠭᠠᠯᠠᠨ ᠬᠢᠨᠠᠨ ᠲᠣᠭᠲᠠᠭᠠᠬᠤ ᠶᠢᠨ ᠬᠠᠮᠲᠤ ᠭᠠᠷ ᠤᠨ ᠦᠰᠦᠭ ᠵᠢᠷᠤᠵᠤ ᠨᠤᠲᠠᠯᠠᠭᠠᠳ᠂ | ᠭᠠᠴᠠᠭᠠᠨ ᠤ ᠶᠠᠪᠤᠳᠠᠯ ᠤᠨ ᠵᠠᠷ ᠤᠨ ᠪᠤᠯᠤᠩ ᠳᠤ ᠵᠠᠷᠯᠠᠭᠠᠳ ᠣᠨᠳᠣᠣ ᠰᠠᠨᠠᠯ ᠦᠭᠡᠢ ᠪᠣᠯᠤᠭᠰᠠᠨ ᠤ ᠲᠠᠷᠠᠭ᠎ᠠ | ᠬᠥᠯᠥᠰᠦᠨ ᠠᠵᠢᠯ ᠬᠢᠵᠦ ᠪᠠᠶᠢᠭ᠎ᠠ ᠤᠯᠠᠨ ᠲᠦᠮᠡᠨ ᠤ ᠲᠤᠰ ᠬᠥᠮᠥᠨ ᠤ ᠪᠠᠩᠬᠢ ᠶᠢᠨ ᠺᠠᠷᠲ ᠢᠶᠠᠷ ᠳᠠᠮᠵᠢᠭᠤᠯᠤᠨ | ᠰᠠᠷ᠎ᠠ ᠪᠦᠷᠢ ᠶᠢᠨ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢ ᠤᠯᠭᠤᠪᠠ᠃ ᠣᠲᠣ ᠪᠣᠯᠲᠠᠯ᠎ᠠ᠂ | ᠬᠥᠯᠥᠰᠦᠨ ᠠᠵᠢᠯ ᠬᠢᠵᠦ ᠪᠠᠶᠢᠭ᠎ᠠ ᠣᠯᠠᠨ ᠲᠦᠮᠡᠨ ᠳᠤ 3 ᠤᠳᠠᠭ᠎ᠠ᠂ 65 ᠲᠦᠮᠡᠨ ᠲᠥᠭᠦᠷᠢᠭ ᠤᠨ ᠬᠥᠳᠡᠯᠮᠦᠷᠢ | ᠦᠢᠯᠡᠴᠢᠯᠡᠭᠡᠨ ᠤ ᠬᠠᠷᠠᠮᠵᠢ ᠤᠯᠭᠤᠪᠠ᠃ | ᠲᠠᠪᠤ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ+ ᠬᠢᠨᠠᠨ ᠬᠠᠮᠢᠶᠠᠷᠬᠤ︾᠂ ᠠᠮᠵᠢᠯᠲᠠ | ᠪᠦᠲᠦᠮᠵᠢ ᠶᠢᠨ ᠬᠠᠷᠠᠯᠲᠠ ᠶᠢ ᠨᠠᠶᠢᠳᠠᠪᠤᠷᠢᠵᠢᠭᠤᠯᠪᠠ᠃ ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠨᠢ | ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭᠠᠲᠤ ᠨᠢᠭᠡᠴᠡ ᠪᠣᠯᠤᠭᠰᠠᠨ ᠤ | ᠬᠤᠪᠢ ᠳᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠢ ᠲᠣᠭᠲᠠᠮᠠᠯ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠵᠤ ᠲᠥᠷᠥᠯ ᠵᠦᠢᠯ ᠤᠨ ᠠᠬᠢᠴᠠ᠂ ᠪᠠᠷᠢᠯᠭ᠎ᠠ ᠶᠢᠨ ᠶᠠᠰᠤ ᠴᠢᠨᠠᠷ᠂ ᠤᠷ᠎ᠠ ᠴᠢᠳᠠᠪᠤᠷᠢ ᠶᠢᠨ | ᠪᠤᠯᠪᠠᠰᠤᠷᠠᠯ ᠬᠢᠬᠦ᠂ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠣᠯᠭᠤᠬᠤ᠂ ᠲᠥᠷᠥᠯ ᠵᠦᠢᠯ ᠢ ᠵᠠᠷᠯᠠᠨ | ᠨᠡᠶᠢᠲᠡᠯᠡᠬᠦ ᠵᠡᠷᠭᠡ ᠪᠠᠶᠢᠳᠠᠯ ᠢ ᠲᠣᠭᠤᠷᠢᠨ ᠬᠢᠨᠠᠨ ᠵᠢᠯᠤᠭᠤᠳᠴᠤ ᠪᠠᠶᠢᠴᠠᠭᠠᠪᠠ᠃ ᠰᠢᠶᠠᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠬᠢᠨᠠᠨ ᠬᠠᠮᠢᠶᠠᠷᠤᠯᠲᠠ ᠶᠢᠨ | ᠠᠵᠢᠯ ᠤᠨ ᠲᠤᠰᠬᠠᠢ ᠠᠩᠭᠢ ᠪᠠᠶᠢᠭᠤᠯᠵᠤ᠂ ᠬᠢᠨᠠᠨ ᠬᠠᠮᠢᠶᠠᠷᠬᠤ ᠲᠣᠭᠲᠠᠴᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠤᠨ ᠬᠢᠨᠠᠨ ᠬᠠᠮᠢᠶᠠᠷᠬᠤ | ᠠᠵᠢᠯ ᠢ ᠦᠨᠡᠨᠬᠦ ᠰᠠᠶᠢᠲᠤᠷ ᠠᠳᠬᠤᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠨᠢᠭᠡᠴᠡ ᠪᠠ ᠪᠠᠷᠢᠯᠭ᠎ᠠ ᠪᠠᠷᠢᠬᠤ ᠨᠢᠭᠡᠴᠡ ᠯᠦᠭᠡ ᠨᠡᠪᠲᠡᠷᠡᠯᠴᠡᠵᠦ᠂ ᠵᠠᠷᠯᠢᠭᠳᠠᠵᠤ | ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠣᠯᠠᠨ ᠲᠦᠮᠡᠨ ᠤ ᠬᠢᠨᠠᠯᠲᠠ ᠶᠢ | ᠬᠦᠯᠢᠶᠡᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ︽ᠲᠡᠳᠬᠦᠮᠵᠢ︾ ᠶᠢᠨ ᠦᠢᠯᠡᠳᠦᠯ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠨ | ᠪᠥᠭᠡᠳ ᠥᠨᠳᠥᠷ ᠦᠷ᠎ᠡ ᠪᠦᠲᠦᠮᠵᠢᠲᠡᠶ ᠪᠠᠶᠢᠯᠭᠠᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ | ᠠᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ |