| | | | | ᠯᠢᠶᠤᠤ ᠤᠯᠤᠰ ᠤᠨ ᠳᠤᠮᠳᠠᠳᠤ ᠨᠡᠶᠢᠰᠯᠡᠯ ᠤᠨ ᠪᠠᠭᠤᠷᠢ ᠨᠢ ᠨᠢᠩᠴᠧᠩ ᠰᠢᠶᠠᠨ ᠤ ᠳᠤᠮᠳᠠ ᠵᠡᠭᠦᠨ ᠬᠡᠰᠡᠭ᠂ | ᠯᠤᠤᠬ᠎ᠠ ᠶᠢᠨ ᠭᠤᠣᠯ ᠤᠨ ᠬᠤᠶᠢᠲᠤ ᠡᠷᠭᠢ ᠳᠤ ᠪᠠᠶᠢᠷᠢᠯᠠᠵᠤ᠂ 14.7 ᠲᠡᠭᠰᠢ ᠳᠥᠷᠪᠡᠯᠵᠢᠨ ᠺᠢᠯᠣᠮᠧᠲᠷ ᠲᠠᠯᠠᠪᠠᠶ | ᠲᠠᠢ᠂ ᠬᠤᠲᠠ ᠶᠢᠨ ᠪᠠᠭᠤᠷᠢ ᠨᠢ ᠭᠠᠳᠠᠷ ᠬᠤᠲᠠ᠂ ᠳᠣᠲᠣᠷ᠎ᠠ ᠬᠤᠲᠠ ᠪᠠ ᠬᠠᠭᠠᠨ ᠤ ᠬᠤᠲᠠ ᠪᠠᠷ ᠪᠦᠷᠢᠯᠳᠦᠵᠦ᠂ | ᠪᠦᠬᠦ ᠤᠯᠤᠰ ᠤᠨ ᠲᠦᠷᠦᠭᠦᠦ ᠪᠦᠯᠦᠭ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠶᠢᠨ ᠨᠢᠭᠡᠴᠢ ᠪᠣᠯᠤᠭᠰᠠᠨ ᠪᠠᠶᠢᠨ᠎ᠠ᠃ ᠯᠢᠶᠤᠤ ᠤᠯᠤᠰ ᠤᠨ ᠳᠤᠮᠳᠠᠳᠤ ᠨᠡᠶᠢᠰᠯᠡᠯ ᠤᠨ ᠬᠠᠭᠤᠴᠢ | ᠰᠤᠳᠤᠯᠤᠯ ᠤᠨ ᠪᠠᠭᠤᠷᠢ ᠶᠢ ᠬᠠᠮᠠᠭᠠᠯᠠᠨ ᠠᠰᠢᠭᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ 2022 ᠣᠨ ᠤ 7 ᠰᠠᠷ᠎ᠠ ᠳᠤ ᠵᠢᠩᠬᠢᠨᠢ ᠪᠠᠷ ᠡᠬᠢᠯᠡᠭᠦᠯᠵᠦ᠂ ᠲᠦᠷᠦᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ ᠨᠢ ᠪᠠᠷᠤᠭ 2056.38 ᠲᠦᠮᠡᠨ ᠲᠥᠭᠦᠷᠢᠭ ᠲᠤ ᠬᠦᠷᠴᠦ᠂ ᠪᠦᠲᠦᠭᠡᠨ ᠪᠠᠶᠢᠭᠤᠯᠤᠯᠲᠠ ᠶᠢᠨ | ᠠᠭᠤᠯᠭ᠎ᠠ ᠳᠤ ᠭᠤᠣᠯᠳᠠᠭᠤ ᠬᠠᠮᠠᠭᠠᠯᠠᠨ ᠬᠠᠮᠢᠶᠠᠷᠬᠤ ᠲᠥᠬᠦᠭᠡᠷᠦᠮᠵᠢ ᠪᠣᠯᠣᠨ ᠣᠷᠴᠢᠨ ᠲᠣᠭᠤᠷᠢᠨ ᠢ ᠴᠡᠭᠴᠡᠯᠡᠨ | ᠵᠠᠰᠠᠬᠤ᠂ ᠳᠡᠯᠭᠡᠨ ᠦᠵᠡᠭᠦᠯᠵᠦ ᠠᠰᠢᠭᠯᠠᠬᠤ ᠲᠥᠬᠦᠭᠡᠷᠦᠮᠵᠢ᠂ ᠢᠵᠢ ᠪᠦᠷᠢᠳᠦᠭᠰᠡᠨ ᠦᠢᠯᠡᠴᠢᠯᠡᠭᠡᠨ ᠤ | ᠲᠥᠬᠦᠭᠡᠷᠦᠮᠵᠢ ᠵᠡᠷᠭᠡ ᠶᠢ ᠪᠠᠭᠲᠠᠭᠠᠵᠤ᠂ 2023 ᠣᠨ ᠤ 12 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷ | ᠵᠢᠱᠢᠵᠦ ᠪᠤᠢ᠃ |