ᠨᠢᠩᠴᠧᠩ ᠰᠢᠶᠠᠨ ᠠᠶᠤᠯᠭᠦᠢ ᠦᠢᠯᠡᠳᠪᠦᠷᠢᠯᠡᠯ ᠪᠣᠯᠣᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠦᠨᠡᠨᠬᠦ ᠰᠠᠶᠢᠲᠤᠷ ᠬᠢᠵᠦ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ ᠪᠤᠢ
ᠨᠡᠶᠢᠲᠡᠯᠡᠭᠰᠡᠨ ᠴᠠᠭ᠄
2022/9/30
ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠤᠪᠤᠶᠢᠮ᠎ᠠ ᠠᠳᠬᠤᠪᠠ ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ 3 ᠤᠳᠠᠭ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ 3 ᠤᠳᠠᠭ᠎ᠠ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠵᠠᠰᠠᠭ ᠤᠨ ᠣᠷᠳᠣᠨ ᠠᠴᠠ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠭᠦᠳᠡ ᠬᠤᠷᠠᠯ ᠢ 8 ᠤᠳᠠᠭ᠎ᠠ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠲᠤᠰᠬᠠᠢ ᠰᠡᠳᠦᠪᠲᠦ ᠬᠤᠷᠠᠯ ᠢ 3 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠦᠢᠯ ᠤᠨ ᠠᠷᠭ᠎ᠠ ᠬᠡᠮᠵᠢᠶ᠎ᠡ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠲᠤᠰᠬᠠᠢ ᠴᠡᠭᠴᠡᠯᠡᠨ ᠵᠠᠰᠠᠬᠤ ᠂ ᠬᠤᠳᠠ ᠪᠠᠯᠭᠠᠰᠤᠨ ᠤ ᠰᠢᠲᠠᠮᠠᠬᠠᠢ ᠬᠡᠢ ᠶᠢ ᠴᠡᠭᠴᠡᠯᠡᠨ ᠵᠠᠰᠠᠬᠤ ᠵᠡᠷᠭᠡ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ︽ᠨᠢᠩᠴᠧᠩ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠺᠠᠳ᠋ᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠷᠢᠨ ᠳᠠᠩᠰᠠ︾ ᠪᠠ ︽ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠤᠳᠤᠷᠢᠳᠬᠤ ᠣᠨ ᠤ ᠡᠭᠦᠷᠭᠡ ᠶᠢᠨ ᠨᠠᠷᠢᠨ ᠳᠠᠩᠰᠠ︾ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠶᠢᠵᠢᠭᠤᠯᠪᠠ᠃  ᠬᠤᠶᠠᠷ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠲᠦᠷᠦᠭᠦᠯᠡᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠢ ᠵᠣᠬᠢᠶᠠᠨ ᠪᠠᠶᠢᠭᠤᠯᠤᠨ 2 ᠤᠳᠠᠭ᠎ᠠ ᠲᠤᠰᠬᠠᠢ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠴᠠᠭ ᠲᠤᠬᠠᠢ ᠳᠤᠨᠢ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠪᠦᠷᠢᠯᠳᠦᠭᠦᠨ ᠨᠢᠭᠡᠴᠡ ᠳᠤ ᠬᠠᠮᠢᠶ᠎ᠠ ᠪᠦᠬᠦᠢ ᠠᠳᠡᠯ ᠤᠨ ᠰᠡᠷᠡᠮᠵᠢᠯᠡᠭᠦᠯᠦᠯ ᠪᠠ ᠠᠵᠢᠯ ᠤᠨ ᠮᠡᠳᠡᠭᠳᠡᠯ ᠭᠠᠷᠭᠠᠵᠤ᠂ ᠡᠯ᠎ᠡ ᠲᠦᠷᠦᠯ ᠤᠨ ᠲᠤᠰᠬᠠᠢ ᠪᠠᠶᠢᠴᠠᠭᠠᠯᠲᠠ ᠶᠢ ᠲᠦᠷᠭᠡᠨ ᠪᠠᠶᠢᠷᠢᠯᠠᠭᠤᠯᠤᠨ ᠥᠷᠨᠢᠭᠦᠯᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠠᠳᠡᠯ ᠭᠠᠷᠬᠤ ᠶᠢ ᠰᠡᠷᠭᠡᠶᠢᠯᠡᠪᠡ  ᠬᠤᠶᠠᠷ ᠲᠤ᠂ ᠭᠤᠣᠯᠳᠠᠯᠭ᠎ᠠ ᠲᠠᠢ ᠴᠠᠭ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠲᠤᠪᠤᠶᠢᠮ᠎ᠠ ᠠᠳᠬᠤᠪᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠳ ᠲᠠᠰ ᠲᠥᠷᠥᠯ ᠬᠤᠪᠢᠶᠠᠨ ᠴᠡᠭ ᠲᠤ ᠰᠠᠭᠤᠵᠤ ᠵᠢᠯᠤᠭᠤᠳᠬᠤ ᠵᠡᠷᠭᠡ ᠠᠷᠭ᠎ᠠ ᠮᠠᠶ᠋ᠢᠭ ᠢ ᠠᠪᠴᠤ᠂ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢ  ᠰᠢᠢᠳᠪᠤᠷᠢᠯᠪᠠ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠠᠵᠢᠯ ᠤᠨ ᠲᠤᠰᠬᠠᠢ ᠠᠩᠭᠢ ᠪᠠᠶᠢᠭᠤᠯᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠨᠠᠷᠢᠨ ᠬᠢᠨᠠᠮᠠᠭᠠᠢ ︽ᠰᠤᠳᠠᠯ ᠪᠠᠷᠢᠵᠤ︾᠂ ᠡᠯ᠎ᠡ ᠲᠥᠷᠥᠯ ᠤᠨ ᠠᠵᠤ ᠠᠬᠤᠶᠢᠯᠠᠯ ᠢ 120 ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠳᠤ ᠣᠷᠣᠯᠴᠠᠭᠰᠠᠨ ᠠᠵᠢᠯᠲᠠᠨ 150 ᠭᠠᠷᠤᠢ ᠬᠥᠮᠥᠨ ᠤᠳᠠᠭ᠎ᠠ᠂ ᠲᠤᠰᠬᠠᠢ ᠮᠡᠷᠭᠡᠵᠢᠯᠲᠡᠨ 160 ᠬᠥᠮᠥᠨ ᠤᠳᠠᠭ᠎ᠠ ᠪᠠᠶᠢᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠢ ᠪᠦᠲᠦᠮᠵᠢᠲᠡᠶ ᠪᠠᠲᠤᠯᠠᠪᠠ᠃ ᠬᠠᠩᠰᠢ ᠶᠢᠨ ᠡᠳᠦᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠵᠡᠷᠭᠡ ᠭᠠᠯ ᠲᠦᠢᠮᠡᠷ ᠤᠨ ᠠᠶᠤᠯ ᠶᠡᠬᠡᠲᠡᠢ ᠣᠨᠴᠠᠯᠢᠭ ᠲᠤ ᠴᠢᠭᠯᠡᠭᠦᠯᠦᠨ᠂ ᠣᠶ ᠰᠢᠭᠤᠢ ᠶᠢᠨ ᠭᠠᠯ ᠰᠡᠷᠭᠡᠶᠢᠯᠡᠬᠦ ᠤᠬᠠᠭᠤᠯᠭ᠎ᠠ ᠪᠠ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭ᠎ᠠ ᠠᠳᠬᠤᠵᠤ᠂ ︽ᠬᠤᠶᠠᠷ ᠬᠤᠷᠠᠯ︾ ︽ᠡᠪᠦᠯ ᠤᠨ ᠣᠯᠧᠮᠫᠢᠺ ᠤᠨ ᠴᠤᠭᠯᠠᠭᠠᠨ︾ ᠵᠡᠷᠭᠡ ᠴᠢᠬᠤᠯᠠ ᠶᠡᠭᠡ ᠠᠵᠢᠯᠯᠠᠭ᠎ᠠ ᠪᠠ ᠰᠢᠨ᠎ᠡ ᠵᠢᠯ᠂ ᠴᠠᠭᠠᠨ ᠰᠠᠷ᠎ᠠ᠂ ︽ᠲᠠᠪᠤᠨ ᠰᠠᠷ᠎ᠠ ᠶᠢᠨ ᠨᠢᠭᠡᠨ︾ ᠵᠡᠷᠭᠡ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢ ᠲᠣᠪᠤᠶᠢᠯᠭᠠᠨ᠂ ᠭᠤᠣᠯᠳᠠᠯᠭ᠎ᠠ ᠲᠠᠢ ᠴᠠᠭ ᠬᠤᠭᠤᠴᠠᠭᠠᠨ ᠤ  ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠪᠥᠬᠦ ᠲᠠᠯ᠎ᠠ ᠪᠠᠷ ᠠᠬᠢᠭᠤᠯᠵᠤ᠂ ᠴᠢᠬᠤᠯᠠ ᠶᠡᠭᠡ ᠠᠵᠢᠯᠯᠠᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠭᠤᠣᠯᠳᠠᠯᠭ᠎ᠠ ᠲᠠᠢ ᠴᠠᠭ ᠬᠤᠭᠤᠴᠠᠭᠠᠨ ᠤ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠪᠠ᠃  ᠭᠤᠷᠪᠠ ᠳᠤ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠲᠣᠪᠣᠶᠢᠮ᠎ᠠ ᠰᠠᠶᠢᠲᠤᠷ ᠠᠳᠬᠤᠪᠠ᠃ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠲᠤᠰᠬᠠᠢ ᠵᠦᠢᠯ ᠤᠨ ᠠᠵᠢᠯᠯᠠᠭ᠎ᠠ ᠪᠠ ᠲᠤᠰᠬᠠᠢ ᠵᠦᠢᠯ ᠤᠨ ᠴᠡᠭᠴᠡᠯᠡᠯᠲᠡ ᠶᠢ ᠨᠢᠭᠡᠳᠤᠯᠳᠠᠢ ᠪᠠᠶᠢᠷᠢᠯᠠᠭᠤᠯᠤᠨ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠲᠥᠪᠯᠡᠷᠡᠭᠦᠯᠦᠨ ᠵᠠᠰᠠᠬᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠥᠪᠡᠷ ᠢᠶᠠᠨ ᠭᠡᠷ ᠪᠠᠶᠢᠰᠢᠩ ᠪᠠᠷᠢᠬᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ᠂ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠵᠡᠷᠭᠡ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠨᠡᠭᠦᠷᠡᠰᠦᠨ ᠤ ᠪᠤᠰᠤ ᠠᠭᠤᠷᠬᠠᠢ᠂ ᠠᠶᠤᠯ ᠲᠠᠢ ᠬᠢᠮᠢ ᠶᠢᠨ ᠪᠣᠳᠠᠰ᠂ ᠬᠤᠸᠠᠷ ᠫᠤᠤᠵᠢᠩ᠂ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠶᠢ ᠴᠢᠩᠭ᠎ᠠ ᠠᠩᠬᠠᠷᠴᠤ᠂ ᠠᠶᠤᠯᠬᠦᠢ ᠦᠢᠯᠡᠳᠪᠦᠷᠢᠯᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠦᠷᠨᠢᠭᠦᠯᠪᠡ᠃ 8 ᠰᠠᠷ᠎ᠠ ᠶᠢᠨ 11  ᠤ ᠡᠳᠦᠷ ᠠᠴᠠ ᠡᠬᠢᠯᠡᠭᠰᠡᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠲᠥᠪᠯᠡᠷᠡᠩᠭᠦᠢ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ 49 ᠪᠠᠶᠢᠴᠠᠭᠠᠬᠤ ᠳᠤᠭᠤᠶᠢᠯᠠᠩ ᠪᠠᠶᠢᠭᠤᠯᠵᠤ᠂ 592 ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠪᠠᠶᠢᠴᠠᠭᠠᠵᠤ᠂ ᠬᠦᠨᠳᠦ ᠶᠡᠭᠡ ᠭᠡᠮ ᠰᠣᠭᠤᠭ ᠢ 1 ᠢᠯᠡᠷᠡᠭᠦᠯᠵᠦ᠂ 1 ᠵᠦᠢᠯ ᠢ ᠴᠡᠭᠴᠡᠯᠡᠨ ᠰᠠᠶᠢᠵᠢᠷᠠᠭᠤᠯᠵᠤ᠂ ᠵᠠᠷᠯᠢᠭᠳᠠᠵᠤ ᠪᠠᠶᠢᠭᠠᠳ 89 ᠠᠵᠤ ᠠᠬᠤᠶᠢᠯᠠᠯ ᠢ ᠴᠡᠭᠴᠡᠯᠡᠨ ᠰᠠᠶᠢᠵᠢᠷᠠᠭᠤᠯᠵᠤ᠂ 10 ᠠᠵᠤ ᠠᠬᠤᠶᠢᠯᠠᠯ ᠢ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠵᠦ᠂ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ 59 ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠳᠠᠷᠠᠭᠠᠯᠠᠨ ᠪᠠᠶᠢᠴᠠᠭᠠᠵᠤ᠂ 10 ᠵᠦᠢᠯ ᠳᠤ ᠵᠠᠰᠠᠭ ᠵᠠᠬᠢᠷᠭᠠᠨ ᠤ ᠰᠢᠳᠬᠡᠯ ᠥᠭᠴᠦ᠂ 10.4 ᠲᠦᠮᠡᠨ ᠲᠥᠭᠦᠷᠢᠭ ᠢᠶᠠᠷ ᠲᠣᠷᠭᠠᠪᠠ᠃  ᠳᠥᠷᠪᠡ ᠳᠤ ︽ᠲᠤᠰᠬᠠᠢ ᠮᠡᠷᠭᠡᠵᠢᠯᠲᠡᠨ + ᠬᠠᠤᠯᠢ ᠬᠡᠷᠡᠭᠵᠢᠭᠦᠯᠬᠦ + ᠦᠢᠯᠡᠴᠢᠯᠡᠭᠡ︾ ᠶᠢᠨ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠪᠡ᠃ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠬᠦ ᠪᠠ ᠰᠡᠷᠭᠦᠭᠡᠬᠦ᠂ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠵᠢᠴᠢ ᠵᠤᠨ ᠤ ᠤᠯᠠᠷᠢᠯ ᠤᠨ ᠥᠨᠳᠥᠷ ᠳᠤᠯᠠᠭᠠᠨ ᠵᠡᠷᠭᠡ ᠠᠵᠢᠯ ᠲᠥᠷᠥᠯ ᠤᠨ ᠠᠶᠤᠯ ᠲᠦᠭᠰᠢᠭᠦᠷᠢ ᠶᠡᠬᠡᠲᠡᠢ ᠴᠠᠭ ᠬᠤᠭᠤᠴᠠᠭ᠎ᠠ ᠶᠢ ᠴᠢᠩᠭ᠎ᠠ ᠠᠵᠢᠭᠯᠠᠵᠤ᠂ ᠤᠯᠤᠰ ᠤᠨ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠲᠤᠰᠬᠠᠢ ᠮᠡᠷᠭᠡᠵᠢᠯᠲᠡᠨ ᠢ ᠤᠷᠢᠵᠤ ︽ᠲᠤᠰᠬᠠᠢ ᠮᠡᠷᠭᠡᠵᠢᠯᠲᠡᠨ + ᠬᠠᠤᠯᠢ ᠬᠡᠷᠡᠭᠵᠢᠭᠦᠯᠬᠦ + ᠦᠢᠯᠡᠴᠢᠯᠡᠭᠡ︾ ᠶᠢᠨ ᠠᠵᠢᠯᠯᠠᠭ᠎ᠠ ᠥᠷᠨᠢᠭᠦᠯᠵᠦ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠰᠣᠶᠣᠯ ᠵᠢᠭᠤᠯᠴᠢᠯᠠᠯ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠢ 2103 ᠤᠳᠠᠭ᠎ᠠ ᠬᠠᠤᠯᠢ ᠬᠡᠷᠡᠭᠵᠢᠭᠦᠯᠦᠨ ᠪᠠᠶᠢᠴᠠᠭᠠᠬᠤ ᠳᠤ ᠣᠷᠣᠯᠴᠠᠭᠰᠠᠨ ᠲᠤᠰᠬᠠᠢ ᠮᠡᠷᠭᠡᠵᠢᠯᠲᠡᠨ 210 ᠬᠥᠮᠥᠨ ᠤᠳᠠᠭ᠎ᠠ᠂ ᠬᠠᠤᠯᠢ ᠬᠡᠷᠡᠭᠵᠢᠭᠦᠯᠬᠦ ᠠᠵᠢᠯᠲᠠᠨ 610 ᠬᠥᠮᠥᠨ ᠤᠳᠠᠭ᠎ᠠ ᠪᠠᠶᠢᠵᠤ᠂ 945 ᠬᠤᠪᠢ ᠬᠠᠤᠯᠢ ᠬᠡᠷᠡᠭᠵᠢᠭᠦᠯᠬᠦ ᠪᠢᠴᠢᠭ ᠪᠠᠭᠤᠯᠭᠠᠵᠤ᠂ 22 ᠡᠷᠦᠬᠡ ᠲᠠᠢ ᠪᠣᠯᠵᠣᠨ ᠶᠠᠷᠢᠯᠴᠠᠵᠤ ᠰᠡᠷᠡᠮᠵᠢᠯᠡᠭᠦᠯᠦᠨ᠂ ᠠᠵᠤ ᠠᠬᠤᠢ ᠶᠢᠨ ᠲᠣᠷᠭᠠᠭᠤᠯᠢ ᠶᠢᠨ ᠵᠣᠭᠤᠰ ᠤᠨ ᠲᠤᠭ᠎ᠠ ᠨᠢ 347.57 ᠲᠦᠮᠡᠨ ᠲᠥᠭᠦᠷᠢᠭ ᠲᠤ ᠬᠦᠷᠴᠦ᠂ ᠬᠠᠤᠯᠢ ᠪᠤᠰᠤ ᠣᠷᠣᠯᠭ᠎ᠠ ᠶᠢ ᠨᠢ 2.07 ᠲᠦᠮᠡᠨ ᠲᠥᠭᠦᠷᠢᠭ ᠬᠤᠷᠢᠶᠠᠨ ᠠᠪᠴᠠᠢ᠃ᠣᠳᠣᠬᠠᠨ ᠪᠣᠯᠲᠠᠯ᠎ᠠ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠤ ᠠᠬᠤᠢ ᠶᠢᠨ ᠲᠣᠷᠭᠠᠭᠤᠯᠢ ᠶᠢᠨ ᠭᠦᠢᠴᠡᠳᠬᠡᠯ ᠲᠤᠭ᠎ᠠ ᠪᠦᠬᠦ ᠬᠤᠳᠠ ᠶᠢᠨ ᠨᠢᠭᠡᠳᠦᠭᠡᠷ ᠲᠤ ᠵᠢᠭᠰᠠᠭᠠᠭᠳᠠᠪᠠ᠃ ᠲᠠᠪᠤ ᠳᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠪᠠᠰᠤᠷᠠᠯ ᠤᠨ ᠠᠵᠢᠯ ᠢ ᠪᠦᠬᠦ ᠲᠠᠯ᠎ᠠ ᠪᠠᠷ ᠭᠦᠨᠵᠡᠭᠡᠢ ᠰᠠᠶᠢᠲᠤᠷ ᠠᠳᠬᠤᠪᠠ᠃ 6 ᠳ᠋ᠤᠭᠠᠷ ᠰᠠᠷ᠎ᠠ ᠶᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠲᠥᠷᠥᠯ ᠤᠨ ᠤᠬᠠᠭᠤᠯᠭ᠎ᠠ ᠶᠢᠨ ᠯᠠᠪᠯᠠᠯᠭ᠎ᠠ ᠶᠢᠨ ᠠᠵᠢᠯᠯᠠᠭ᠎ᠠ ᠶᠢ 30 ᠭᠠᠷᠤᠢ ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠯᠠᠪᠯᠠᠯᠭ᠎ᠠ ᠶᠢᠨ ᠲᠠᠪᠴᠠᠩ ᠢ 20 ᠭᠠᠷᠤᠢ ᠭᠠᠷᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠢ 5.2 ᠲᠦᠮᠡ ᠭᠠᠷᠤᠢ ᠬᠤᠪᠢ ᠲᠠᠷᠬᠠᠭᠠᠵᠤ᠂ ᠯᠠᠪᠯᠠᠯᠭ᠎ᠠ ᠶᠢ 900 ᠭᠠᠷᠤᠢ ᠤᠳᠠᠭ᠎ᠠ ᠭᠥᠯᠢᠶᠡᠨ ᠠᠪᠤᠪᠠ᠃ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ᠂ ᠠᠵᠤ ᠦᠢᠯᠡᠳᠪᠦᠷᠢ ᠠᠷᠠᠯᠵᠢᠶ᠎ᠠ ᠵᠡᠷᠭᠡ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠬᠦᠷᠢᠶᠡᠨ ᠳᠤ ︽ᠵᠠᠭᠤᠨ ᠠᠵᠤ ᠠᠬᠤᠶᠢᠯᠠᠯ ᠮᠢᠩᠭᠠᠨ ᠬᠥᠮᠥᠨ︾ ᠤ ᠶᠡᠭᠡ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ᠂ ᠲᠤᠰᠬᠠᠢ ᠮᠡᠷᠭᠡᠵᠢᠯᠲᠡᠨ ᠠᠴᠠ ᠬᠢᠴᠢᠶᠡᠯ ᠣᠷᠣᠬᠤ᠂ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠪᠠ ᠣᠨᠴᠠ ᠲᠥᠷᠥᠯ ᠤᠨ ᠠᠵᠢᠯ ᠬᠢᠭᠰᠡᠳ ᠤᠨ ᠠᠮᠤᠷ ᠲᠦᠪᠰᠢᠨ ᠢᠶᠠᠷ ᠠᠵᠢᠯ ᠡᠷᠭᠢᠯᠡᠬᠦ ᠬᠢᠷᠢ ᠬᠡᠮᠵᠢᠶ᠎ᠡ ᠪᠠ ᠰᠢᠶᠠᠨ ᠰᠢᠶᠠᠩ ᠬᠤᠶᠠᠷ ᠱᠠᠲᠤᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠬᠤᠣᠰ ᠳᠡᠭᠡᠭᠰᠢᠯᠡᠯᠲᠡ ᠶᠢ ᠠᠬᠢᠭᠤᠯᠵᠤ᠂ ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠥᠨ 1200 ᠭᠠᠷᠤᠢ ᠬᠥᠮᠥᠨ ᠤᠳᠠᠭ᠎ᠠ ᠳᠤ ᠬᠥᠷᠪᠡ᠃  ᠵᠢᠷᠭᠤᠭ᠎ᠠ ᠳᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠪᠠ᠃ ᠣᠶ ᠰᠢᠭᠤᠢ ᠶᠢᠨ ᠰᠡᠷᠭᠡᠶᠢᠯᠡᠨ ᠭᠠᠯ ᠤᠨᠲᠠᠷᠠᠭᠠᠬᠤ ᠲᠠᠯ᠎ᠠ ᠪᠠᠷ᠂ 24 ᠴᠠᠭ ᠢᠶᠠᠷ ᠵᠢᠵᠢᠭᠦᠷᠯᠡᠬᠦ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠭᠠᠯ ᠤᠨ ᠭᠠᠮᠰᠢᠭ ᠣᠯᠠᠨ ᠭᠠᠷᠳᠠᠭ ᠬᠤᠭᠤᠴᠠᠭᠠᠨ ᠳᠤ᠂ ︽ᠬᠤᠶᠠᠷ ᠬᠤᠷᠠᠯ︾ ︽ᠬᠠᠩᠰᠢ ᠶᠢᠨ ᠡᠳᠦᠷ︾ ᠪᠠ ︽ᠲᠠᠪᠤᠨ ᠰᠠᠷ᠎ᠠ ᠶᠢᠨ ᠨᠢᠭᠡᠨ︾ ᠤ ᠬᠤᠭᠤᠴᠠᠭᠠᠨ ᠳᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠳᠤ ᠲᠤᠰᠬᠠᠢ ᠰᠢᠮᠳᠠᠭᠤᠯᠤᠨ ᠪᠠᠶᠢᠴᠠᠭᠠᠯᠲᠠ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠤᠯᠤᠰ ᠤᠨ ᠣᠶ ᠰᠢᠭᠤᠢ ᠶᠢᠨ ᠲᠠᠯᠠᠪᠠᠶ ᠶᠢ ᠵᠣᠬᠢᠶᠠᠨ ᠪᠠᠶᠢᠭᠤᠯᠤᠨ ᠣᠶ ᠰᠢᠭᠤᠢ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢ ᠥᠷᠨᠢᠭᠦᠯᠵᠦ᠂ ᠡᠨᠡ ᠬᠤᠭᠤᠴᠠᠭᠠᠨ ᠳᠤ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 23000 ᠭᠠᠷᠤᠢ ᠬᠤᠪᠢ ᠲᠠᠷᠬᠠᠭᠠᠵᠤ᠂ ᠭᠠᠯ ᠰᠡᠷᠭᠡᠶᠢᠯᠡᠬᠦ ᠲᠤᠭ ᠢ 1000 ᠭᠠᠷᠤᠢ ᠡᠯᠭᠦᠵᠦ᠂ ᠡᠯ᠎ᠡ ᠲᠥᠷᠥᠯ ᠤᠨ ᠤᠷᠢᠶ᠎ᠠ ᠯᠣᠽᠦ᠋ᠩ ᠢ 800 ᠭᠠᠷᠤᠢ ᠨᠠᠭᠠᠪᠠ᠃ ᠭᠠᠯ ᠰᠡᠷᠭᠡᠶᠢᠯᠡᠬᠦ ᠬᠤᠭᠤᠴᠠᠭᠠᠨ ᠳᠤ ᠣᠷᠣᠭᠰᠠᠨ ᠠᠴᠠ ᠨᠠᠰᠢ᠂ ᠰᠢᠶᠠᠨ ᠤ ᠭᠠᠯ ᠰᠡᠷᠭᠡᠶᠢᠯᠡᠬᠦ ᠠᠵᠢᠯ ᠤᠨ ᠠᠯᠪᠠᠨ ᠭᠡᠷ ᠭᠠᠯ ᠲᠦᠢᠮᠡᠷ ᠤᠨ ᠮᠡᠳᠡᠭᠡ ᠶᠢ ᠨᠡᠶᠢᠲᠡ 36 ᠭᠥᠯᠢᠶᠡᠨ ᠠᠪᠴᠤ᠂ ᠡᠭᠦᠨ ᠳᠤ ᠡᠩ ᠤᠨ ᠪᠠᠶᠢᠳᠠᠯ ᠳᠣᠣᠷ᠎ᠠ 2᠂ ᠨᠡᠯᠢᠶᠡᠳ ᠶᠡᠭᠡ ᠪᠠᠶᠢᠳᠠᠯ ᠳᠣᠣᠷ᠎ᠠ 1 ᠪᠠᠶᠢᠵᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ ᠠᠳᠡᠯ ᠭᠠᠷᠤᠭᠰᠠᠨ ᠦᠭᠡᠢ᠃ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠲᠠᠯ᠎ᠠ ᠪᠠᠷ᠂ ᠰᠢᠶᠠᠨ ᠤ ᠱᠠᠲᠤᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠣᠭᠲᠠᠴᠠ ᠪᠣᠯᠣᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠳᠦᠷᠢᠮ ᠢᠶᠠᠷ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠬᠠᠷᠢᠭᠤᠴᠠᠯᠭ᠎ᠠ ᠶᠢ ᠪᠠᠲᠤᠳᠬᠠᠵᠤ᠂ ᠦᠶᠡᠷ ᠤᠨ ᠬᠤᠭᠤᠴᠠᠭ᠎ᠠ ᠶᠢ ᠲᠣᠭᠲᠠᠭᠤᠨ ᠢᠶᠠᠷ ᠥᠩᠭᠡᠷᠡᠭᠦᠯᠪᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号