ᠢᠳᠡᠭᠡᠨ ᠤ ᠵᠢᠵᠢᠭ ᠦᠢᠯᠡᠳᠬᠡᠯ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠢᠳᠡᠭᠡᠨ ᠤ | ᠵᠢᠵᠢᠭ ᠦᠢᠯᠡᠳᠬᠡᠯ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠶᠢᠨ ᠲᠦᠯᠦᠭᠡ᠂ ᠤᠶᠢᠷ᠎ᠠ ᠶᠢᠨ ᠡᠳᠦᠷ᠂ | ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠵᠢᠭ ᠦᠢᠯᠡᠳᠬᠡᠯ ᠤᠨ | ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠪᠡ᠃ | ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠳᠤ᠂ ᠵᠢᠵᠢᠭ ᠦᠢᠯᠡᠳᠬᠡᠯ ᠤᠨ ᠢᠳᠡᠭᠡᠨ ᠤ ᠠᠮᠤᠷ | ᠲᠦᠪᠰᠢᠨ ᠤ ᠲᠦᠭᠰᠢᠭᠦᠷᠢ ᠶᠢᠨ ᠳᠠᠯᠳᠠ ᠬᠡᠮ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠦᠨᠡᠮᠯᠡᠯ ᠢ | ᠭᠦᠢᠴᠡᠳᠬᠡᠭᠰᠡᠨ ᠪᠠᠶᠢᠳᠠᠯ᠂ ᠭᠠᠷ ᠤᠷᠠᠯᠠᠯ ᠤᠨ ᠴᠤᠪᠤᠷᠠᠯ᠂ ᠲᠣᠨᠤᠭ ᠲᠥᠬᠦᠭᠡᠷᠦᠮᠵᠢ ᠶᠢᠨ ᠪᠠᠶᠢᠷᠢᠰᠢᠭᠤᠯᠤᠯᠲᠠ᠂ | ᠪᠦᠲᠦᠭᠡᠭᠳᠡᠬᠦᠨ ᠤ ᠬᠠᠳᠠᠭᠠᠯᠠᠯᠲᠠ ᠶᠢᠨ ᠲᠡᠮᠳᠡᠭᠯᠡᠯ᠂ ᠪᠦᠲᠦᠭᠡᠭᠳᠡᠬᠦᠨ ᠤ ᠦᠢᠯᠡᠳᠪᠦᠷᠢ ᠠᠴᠠ ᠭᠠᠷᠤᠭᠰᠠᠨ ᠲᠡᠮᠳᠡᠭᠯᠡᠯ | ᠂ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠵᠡᠷᠭᠡ ᠲᠠᠯ᠎ᠠ ᠳᠤ ᠭᠤᠣᠯᠳᠠᠯᠭ᠎ᠠ ᠲᠠᠢ ᠨᠠᠷᠢᠨ ᠪᠠᠶᠢᠴᠠᠭᠠᠯᠲᠠ ᠬᠢᠨ᠎ᠡ᠃ | ᠢᠳᠡᠭᠡᠨ ᠢ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠬᠡᠷᠡᠭᠯᠡᠬᠦ ᠲᠦᠭᠦᠬᠡᠢ ᠡᠳ᠋᠂ ᠨᠡᠮᠡᠯᠲᠡ ᠡᠳ᠋ ᠢ | ᠬᠡᠷᠡᠭᠯᠡᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠢᠳᠡᠭᠡᠨ ᠤ ᠪᠤᠰᠤ ᠲᠦᠭᠦᠬᠡᠢ ᠡᠳ᠋ ᠢ ᠬᠡᠷᠡᠭᠯᠡᠨ ᠡᠳ᠋ᠰᠢᠭᠦᠯᠦᠭᠰᠡᠨ | ᠢᠳᠡᠭᠡᠨ ᠦᠢᠯᠡᠳᠪᠦᠷᠢᠯᠡᠬᠦ ᠵᠢᠴᠢ ᠢᠳᠡᠭᠡᠨ ᠤ ᠨᠡᠮᠡᠯᠲᠡ ᠡᠳ᠋ ᠢ ᠬᠡᠪᠴᠢᠶ᠎ᠡ ᠠᠴᠠ ᠬᠡᠲᠦᠷᠡᠭᠦᠯᠬᠦ᠂ ᠬᠡᠮᠵᠢᠶ᠎ᠡ ᠠᠴᠠ | ᠬᠡᠲᠦᠷᠡᠭᠦᠯᠦᠨ ᠬᠡᠷᠡᠭᠯᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ᠡᠭᠦᠨ ᠤ | ᠬᠠᠮᠲᠤ᠂ ᠢᠳᠡᠭᠡᠨ ᠤ ᠵᠦᠢᠯ ᠢ ᠦᠢᠯᠡᠳᠪᠦᠷᠢᠯᠡᠵᠦ ᠡᠳ᠋ᠰᠢᠭᠦᠯᠬᠦ ᠦᠢᠯᠡᠳᠬᠡᠯ ᠤᠨ ᠬᠢᠨ ᠲᠦᠭᠦᠬᠡᠢ ᠮᠠᠲ᠋ᠧᠷᠢᠶᠠᠯ | ᠬᠤᠳᠠᠯᠳᠤᠨ ᠠᠪᠬᠤ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ᠂ ᠭᠡᠷᠡᠴᠢ ᠪᠠᠷᠢᠮᠲᠠ ᠠᠪᠬᠤ᠂ | ᠬᠤᠳᠠᠯᠳᠤᠨ ᠠᠪᠬᠤ ᠪᠠ ᠪᠣᠷᠣᠯᠠᠭᠤᠯᠬᠤ ᠡᠬᠡ ᠲᠠᠩᠰᠠ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠢᠳᠡᠭᠡᠨ ᠤ ᠵᠦᠢᠯ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠰᠢᠮᠳᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠣᠲᠣ ᠪᠣᠯᠲᠠᠯ᠎ᠠ᠂ ᠢᠳᠡᠭᠡᠨ ᠤ ᠵᠦᠢᠯ ᠤᠨ ᠦᠢᠯᠡᠳᠪᠦᠷᠢᠯᠡᠯ ᠳᠤ ᠬᠤᠯᠪᠣᠭᠳᠠᠭᠰᠠᠨ ᠠᠵᠤ ᠠᠬᠤᠶᠢᠯᠠᠯ 5᠂ ᠵᠢᠵᠢᠭ | ᠦᠢᠯᠡᠳᠬᠡᠯ ᠤᠨ ᠭᠠᠵᠠᠷ 24 ᠶᠢ ᠪᠠᠶᠢᠴᠠᠭᠠᠵᠤ᠂ ᠡᠬᠡ ᠲᠠᠩᠰᠠ ᠶᠢᠨ ᠲᠡᠮᠳᠡᠭᠯᠡᠯ ᠪᠦᠷᠢᠨ ᠪᠤᠰᠤ 1 ᠡᠷᠦᠬᠡ ᠶᠢ | ᠢᠯᠡᠷᠡᠭᠦᠯᠵᠦ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠲᠠᠷᠠᠭᠠᠴᠢ ᠶᠢᠨ ᠠᠯᠬᠤᠮ ᠳᠤ᠂ ᠵᠢᠵᠢᠭ ᠦᠢᠯᠡᠳᠬᠡᠯ ᠢ ᠴᠡᠭᠴᠡᠯᠡᠨ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ | ᠴᠢᠩᠭᠠᠳᠬᠠᠵᠤ᠂ ᠢᠳᠡᠭᠡᠨ ᠤ ᠵᠦᠢᠯ ᠢ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠢᠳᠡᠭᠡᠨ ᠤ | ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ | ᠥᠷᠭᠡᠨ ᠣᠯᠠᠨ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠳᠤ ᠪᠦᠲᠦᠮᠵᠢᠲᠡᠶ ᠪᠠᠲᠤᠯᠠᠭ᠎ᠠ | ᠬᠠᠩᠭᠠᠨ᠎ᠠ᠃ |