| ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠡᠵᠡᠩᠨᠡᠬᠦ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠴᠡᠪᠡᠷᠰᠢᠭᠦᠯᠦᠨ | ᠵᠢᠷᠤᠮᠵᠢᠭᠤᠯᠵᠤ᠂ ᠬᠠᠷᠢᠶ᠎ᠠ ᠣᠷᠣᠨ ᠤ ᠨᠢᠯᠬ᠎ᠠ ᠬᠡᠦᠬᠡᠳᠦᠨ ᠡᠷᠡᠭᠦᠯ ᠢᠶᠠᠷ ᠥᠰᠦᠨ ᠪᠣᠶᠢᠵᠢᠬᠤ ᠶᠢ ᠰᠠᠬᠢᠨ | ᠬᠠᠮᠠᠭᠠᠯᠠᠵᠤ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠵᠠᠰᠠᠪᠤᠷᠢ | ᠣᠷᠣᠭᠤᠯᠵᠤ ᠨᠡᠶᠢᠲᠡᠯᠡᠭᠰᠡᠨ 2023 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ | ︽ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠦᠢᠯᠡᠳᠬᠦᠨ ᠤ ᠨᠠᠶᠢᠷᠠᠯᠭ᠎ᠠ ᠶᠢ ᠳᠠᠩᠰᠠᠯᠠᠬᠤ | ᠬᠠᠮᠢᠶᠠᠷᠤᠯᠲᠠ ᠶᠢᠨ ᠠᠷᠭ᠎ᠠ︾ ᠶᠢ ᠤᠬᠠᠭᠤᠯᠪᠠ᠃10 ᠰᠠᠷ᠎ᠠ ᠶᠢᠨ 19 ᠤ ᠡᠳᠦᠷ᠂ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠲᠤᠰᠬᠠᠢ | ᠪᠠᠶᠢᠴᠠᠭᠠᠯᠲᠠ ᠬᠢᠪᠡ᠃ | ᠬᠠᠤᠯᠢ ᠬᠡᠷᠡᠭᠵᠢᠭᠦᠯᠬᠦ ᠠᠵᠢᠯᠲᠠᠨ ᠬᠤᠳᠠᠯᠳᠤᠭ᠎ᠠ ᠳᠡᠯᠭᠡᠭᠦᠷ᠂ ᠡᠬᠡ ᠨᠢᠯᠬᠠᠰ ᠤᠨ ᠳᠡᠯᠭᠡᠭᠦᠷ ᠵᠡᠷᠭᠡ ᠨᠢᠯᠬ᠎ᠠ | ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠡᠵᠡᠩᠨᠡᠬᠦ ᠨᠢᠭᠡᠴᠡ ᠳᠤ ᠭᠦᠨᠵᠡᠭᠡᠶᠢᠷᠡᠵᠦ᠂ ᠡᠵᠡᠩᠨᠡᠭᠴᠢᠳ ᠡᠵᠡᠩᠨᠡᠬᠦ | ᠦᠨᠡᠮᠯᠡᠯ ᠪᠣᠯᠣᠨ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠣᠯᠣᠭᠰᠠᠨ ᠡᠰᠡᠬᠦ᠂ ᠵᠥᠪᠰᠢᠶᠡᠷᠡᠭᠰᠡᠨ ᠬᠡᠪᠴᠢᠶᠡᠨ | ᠳᠣᠲᠣᠷ᠎ᠠ ᠡᠵᠡᠩᠨᠡᠭᠰᠡᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠨᠢ ᠴᠢᠨᠠᠷ ᠢ ᠪᠠᠲᠤᠯᠠᠬᠤ | ᠬᠤᠭᠤᠴᠠᠭᠠᠨ ᠳᠤ ᠪᠠᠶᠢᠬᠤ ᠡᠰᠡᠬᠦ᠂ ᠭᠠᠳᠠᠭᠠᠳᠤ ᠠᠴᠠ ᠣᠷᠣᠭᠤᠯᠤᠭᠰᠠᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ | ᠰᠦᠨ ᠲᠠᠯᠬ᠎ᠠ ᠳᠤ ᠬᠢᠲᠠᠳ ᠦᠰᠦᠭ ᠤᠨ ᠱᠣᠰᠢᠭ᠎ᠠ ᠨᠠᠭᠠᠭᠰᠠᠨ ᠡᠰᠡᠬᠦ᠂ ᠦᠢᠯᠡᠳᠬᠦᠨ ᠤᠱᠣᠰᠢᠭᠠ ᠲᠡᠮᠳᠡᠭ ᠨᠢ | ᠱᠠᠭᠠᠷᠳᠠᠯᠭ᠎ᠠ ᠳᠤ ᠨᠡᠶᠢᠴᠡᠬᠦ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠵᠤ᠂ ᠪᠠᠷᠠᠭ᠎ᠠ ᠣᠷᠣᠭᠤᠯᠤᠭᠰᠠᠨ ᠫᠢᠶᠣᠣ | ᠪᠠᠷᠢᠮᠲᠠ᠂ ᠪᠠᠷᠠᠭ᠎ᠠ ᠬᠠᠩᠭᠠᠬᠤ ᠬᠤᠳᠠᠯᠳᠤᠭᠠᠴᠢᠨ ᠤ ᠬᠢᠷᠢ ᠬᠡᠮ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠵᠡᠷᠭᠡ ᠶᠢ | ᠨᠠᠷᠢᠨ ᠨᠢᠭᠲᠠ ᠪᠠᠶᠢᠴᠠᠭᠠᠨ ᠰᠢᠯᠭᠠᠪᠠ᠃ᠡᠭᠦᠨ ᠤ ᠬᠠᠮᠲᠤ᠂ ᠬᠠᠷᠢᠶ᠎ᠠ ᠣᠷᠣᠨ ᠤ ᠳᠣᠲᠣᠷᠠᠬᠢ ᠨᠢᠯᠬ᠎ᠠ ᠬᠡᠦᠬᠡᠳ ᠤᠨ | ᠨᠠᠶᠢᠷᠠᠯᠭ᠎ᠠ ᠲᠠᠢ ᠰᠦᠨ ᠲᠠᠯᠬ᠎ᠠ ᠡᠵᠡᠩᠨᠡᠭᠴᠢᠳ ᠢ ︽ᠠᠷᠭ᠎ᠠ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠲᠠᠢ ᠬᠠᠷᠢᠴᠠᠭᠤᠯᠵᠤ ᠪᠠᠶᠢᠭᠠᠳ ︽ᠠᠷᠭ᠎ᠠ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠰᠢᠪᠠᠳᠠᠨ ᠵᠢᠯᠤᠭᠤᠳᠴᠤ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯ ᠴᠣᠭᠴᠠ ᠶᠢᠨ | ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠣᠨᠴᠣᠭᠤᠢ ᠢᠳᠡᠭᠡᠨ ᠤ ᠨᠡᠬᠡᠮᠵᠢᠯᠡᠬᠦ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠢᠳᠡᠭᠡᠨ ᠤ ᠢᠷᠡᠯᠲᠡ ᠶᠢ ᠪᠠᠶᠢᠴᠠᠭᠠᠵᠤ ᠪᠣᠯᠬᠤ᠂ ᠬᠠᠮᠢᠭᠠᠰᠢ ᠶᠠᠪᠤᠭᠰᠠᠨ ᠢ | ᠨᠡᠬᠡᠮᠵᠢᠯᠡᠵᠦ ᠪᠣᠯᠬᠤ ᠶᠢ ᠦᠨᠡᠨᠬᠦ ᠪᠠᠲᠤᠯᠠᠬᠤ ᠶᠢᠨ ᠬᠠᠮᠲᠤ᠂ ᠡᠵᠡᠩᠨᠡᠯᠲᠡ ᠶᠢᠨ ᠶᠠᠪᠤᠴᠠ ᠳᠤ ᠥᠪᠡᠷ ᠢ ᠪᠠᠨ | ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠵᠦ᠂ ᠡᠵᠡᠩᠨᠡᠭᠴᠢᠳ ᠤᠨ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ᠣᠳᠣᠬᠠᠨ ᠪᠣᠯᠲᠠᠯ᠎ᠠ᠂ | ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠡᠵᠡᠩᠨᠡᠯᠲᠡ ᠶᠢᠨ 39 ᠳᠡᠯᠭᠡᠭᠦᠷ ᠢ ᠪᠠᠶᠢᠴᠠᠭᠠᠵᠤ᠂ | ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠦᠷ ᠢᠯᠡᠷᠡᠭᠦᠯᠦᠭᠰᠡᠨ ᠦᠭᠡᠢ᠃ |