| ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ | ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠤᠨ | ᠪᠡᠶ᠎ᠡ ᠶᠢᠨ ᠡᠷᠡᠭᠦᠯ ᠮᠡᠨᠳᠦ ᠪᠠ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ | ᠣᠶᠢᠷ᠎ᠠ ᠳᠤ᠂ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ | ᠣᠷᠣᠨ ᠤ ᠪᠠᠨ ᠳᠣᠲᠣᠷᠠᠬᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ ᠢᠳᠡᠭᠡᠨ ᠤ | ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ᠃ | ᠲᠣᠰ ᠤᠳᠠᠭᠠᠨ ᠤ ᠲᠤᠰᠬᠠᠢ ᠪᠠᠶᠢᠴᠠᠭᠠᠯᠲᠠ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠣᠬᠢᠶᠠᠨ | ᠪᠠᠶᠢᠭᠤᠯᠤᠯᠲᠠ ᠶᠢᠨ ᠳᠦᠷᠢᠮ ᠤᠨ ᠪᠠᠶᠢᠭᠤᠯᠤᠯᠲᠠ᠂ ᠭᠡᠷᠡᠴᠢ ᠦᠨᠡᠮᠯᠡᠯ ᠤᠨ ᠪᠠᠶᠢᠳᠠᠯ᠂ ᠠᠵᠢᠯᠯᠠᠵᠤ ᠪᠠᠶᠢᠭ᠎ᠠ | ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠬᠤᠭᠤᠯᠠᠨ ᠭᠡᠷ ᠤᠨ ᠰᠠᠭᠤᠷᠢ ᠲᠥᠬᠦᠭᠡᠷᠦᠮᠵᠢ ᠵᠢᠴᠢ ᠣᠷᠴᠢᠨ | ᠠᠬᠤᠢ ᠶᠢᠨ ᠡᠷᠡᠭᠦᠯ ᠬᠠᠮᠠᠭᠠᠯᠠᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠭᠰᠠᠨ | ᠪᠠᠶᠢᠳᠠᠯ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠭᠡᠷᠡᠴᠢ ᠫᠢᠶᠣᠣ ᠠᠪᠬᠤ ᠪᠠ ᠥᠷᠯᠥᠭᠡ ᠶᠢᠨ ᠪᠠᠶᠢᠴᠠᠭᠠᠯᠲᠠ | ᠬᠢᠬᠦ᠂ ᠤᠬᠢᠶᠠᠵᠤ ᠠᠷᠢᠭᠤᠳᠬᠠᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ ᠵᠢᠴᠢ ᠪᠠᠷᠠᠭ᠎ᠠ ᠣᠷᠣᠭᠤᠯᠬᠤ ᠶᠢ | ᠪᠠᠶᠢᠴᠠᠭᠠᠨ ᠰᠢᠯᠭᠠᠬᠤ ᠵᠢᠴᠢ ᠭᠡᠷᠡᠴᠢ ᠫᠢᠶᠣᠣ ᠠᠪᠬᠤ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠲᠣᠭᠤᠷᠢᠨ ᠳᠤ | ᠨᠢᠭᠡᠳ ᠨᠢᠭᠡ ᠪᠠᠷ ᠪᠠᠶᠢᠴᠠᠭᠠᠯᠲᠠ ᠬᠢᠪᠡ᠃ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ | ᠲᠣᠬᠢᠷᠠᠭᠤᠯᠬᠤ︾ ᠲᠣᠭᠲᠠᠴᠠ ᠶᠢ ᠴᠢᠩᠭ᠎ᠠ ᠬᠡᠷᠡᠭᠵᠢᠭᠦᠯᠦᠨ᠂ ᠢᠳᠡᠭᠡᠨ ᠢ ᠡᠳ᠋ᠰᠢᠭᠦᠯᠦᠨ ᠠᠵᠢᠯᠯᠠᠭᠤᠯᠬᠤ ᠶᠠᠪᠤᠴᠠ ᠶᠢ | ᠵᠢᠷᠤᠮᠵᠢᠭᠤᠯᠵᠤ᠂ ᠢᠳᠡᠭᠡᠨ ᠤ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠶᠢ ᠬᠢᠨᠠᠮᠠᠭᠠᠢ ᠥᠷᠨᠢᠭᠦᠯᠵᠦ᠂ | ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃ | ᠣᠲᠣ ᠪᠣᠯᠲᠠᠯ᠎ᠠ᠂ 7 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠢ ᠪᠠᠶᠢᠴᠠᠭᠠᠵᠤ᠂ | ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢᠯᠡᠷᠡᠭᠰᠡᠨ ᠦᠭᠡᠢ᠃ᠲᠠᠷᠠᠭᠠᠴᠢ ᠶᠢᠨ ᠠᠯᠬᠤᠮ ᠳᠤ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠨᠠᠰᠤᠲᠠᠶᠢᠴᠤᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠨ᠎ᠠ᠃ |